ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠰᠤᠷᠭᠠᠨ ᠬᠥᠮᠦᠵᠢᠯ ᠤᠨ ᠶᠠᠮᠤᠨ 2024 | ᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠨᠤᠲᠠᠯᠠᠯᠲᠠ ᠶᠢ ᠥᠩᠭᠡᠷᠡᠭᠡᠭᠰᠡᠨ ᠲᠤᠰᠬᠠᠢ ᠮᠡᠷᠭᠡᠵᠢᠯ ᠤᠨ | ᠨᠡᠷᠡᠰ ᠵᠢᠴᠢ ᠳᠤᠮᠳᠠ ᠬᠤᠭᠤᠴᠠᠭᠠᠨ ᠤ ᠬᠢᠨᠠᠨ ᠰᠢᠯᠭᠠᠯᠲᠠ ᠶᠢ ᠥᠩᠭᠡᠷᠡᠭᠡᠭᠰᠡᠨ ᠲᠤᠰᠬᠠᠢ ᠮᠡᠷᠭᠡᠵᠢᠯ ᠤᠨ ᠨᠡᠷᠡᠰ ᠢ ᠨᠡᠶᠢᠲᠡᠯᠡᠪᠡ᠃ ᠡᠭᠦᠨ ᠳᠤ ᠥᠪᠥᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ ᠶᠢᠨ ᠠᠩᠭ᠍ᠯᠢ ᠭᠡᠯᠡ᠂ ᠲᠣᠭᠠᠨ ᠤ ᠤᠬᠠᠭᠠᠨ ᠬᠢᠭᠡᠳ ᠬᠡᠷᠡᠭᠯᠡᠭᠡᠨ ᠤ ᠲᠣᠭᠠᠨ ᠤ ᠤᠬᠠᠭᠠᠨ᠂ ᠦᠵᠡᠯ ᠰᠠᠨᠠᠭ᠎ᠠ ᠤᠯᠤᠰ | ᠲᠥᠷᠥ ᠶᠢᠨ ᠰᠤᠷᠭᠠᠨ ᠬᠥᠮᠦᠵᠢᠯ ᠵᠡᠷᠭᠡ 3 ᠲᠤᠰᠬᠠᠢ ᠮᠡᠷᠭᠡᠵᠢᠯ ᠨᠢ ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠬᠤᠶᠠᠳᠤᠭᠠᠷ ᠳᠡᠰ ᠤᠨ ᠨᠤᠲᠠᠯᠠᠯᠲᠠ ᠶᠢ | ᠥᠩᠭᠡᠷᠡᠭᠡᠵᠦ᠂ ᠬᠢᠲᠠᠳ ᠭᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠨᠢ ᠳᠤᠮᠳᠠ ᠬᠤᠭᠤᠴᠠᠭᠠᠨ ᠤ ᠬᠢᠨᠠᠨ ᠰᠢᠯᠭᠠᠯᠲᠠ ᠶᠢ ᠥᠩᠭᠡᠷᠡᠭᠡᠭᠰᠡᠨ ᠪᠠᠶᠢᠨ᠎ᠠ᠃ | ᠪᠠᠭᠰᠢ ᠶᠢᠨ ᠲᠦᠷᠦᠯ ᠤᠨ ᠲᠤᠰᠬᠠᠢ ᠮᠡᠷᠭᠡᠵᠢᠯ ᠤᠨ ᠨᠤᠲᠠᠯᠠᠯᠲᠠ ᠪᠣᠯ ᠰᠢᠨ᠎ᠡ ᠴᠠᠭ ᠦᠶ᠎ᠡ ᠶᠢᠨ ᠪᠠᠭᠰᠢ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠪᠠᠭᠰᠢ ᠶᠢᠨ ᠲᠦᠷᠦᠯ ᠤᠨ ᠲᠤᠰᠬᠠᠢ ᠮᠡᠷᠭᠡᠵᠢᠯ ᠤᠨ ᠠᠭᠤᠯᠬᠤᠨᠳᠤ ᠮᠠᠶ᠋ᠢᠭ ᠤᠨ ᠬᠥᠭᠵᠢᠯᠲᠡ ᠶᠢ ᠠᠬᠢᠭᠤᠯᠬᠤ᠂ ᠪᠠᠭᠰᠢ ᠶᠢᠨ ᠲᠦᠷᠦᠯ ᠤᠨ | ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠭᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠳᠤᠰ ᠰᠤᠷᠭᠠᠭᠤᠯᠢ ᠨᠢ | ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠨᠤᠲᠠᠯᠠᠯᠲᠠ ᠪᠠᠷ ᠠᠵᠠ ᠲᠣᠭᠢᠶᠠᠯ ᠪᠤᠯᠭᠠᠵᠤ᠂ ᠨᠤᠲᠠᠯᠠᠯᠲᠠ ᠶᠢ ᠥᠩᠭᠡᠷᠡᠭᠡᠭᠰᠡᠨ ᠲᠤᠰᠬᠠᠢ ᠮᠡᠷᠭᠡᠵᠢᠯ ᠤᠨ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠠᠭᠰᠢ ᠶᠢᠨ ᠲᠦᠷᠦᠯ ᠤᠨ ᠲᠤᠰᠬᠠᠢ ᠮᠡᠷᠭᠡᠵᠢᠯ ᠤᠨ ᠣᠨᠴᠠᠯᠢᠭᠲᠤ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠵᠤ᠂ ᠬᠢᠲᠠᠳ ᠭᠡᠯᠡ ᠤᠳᠬ᠎ᠠ ᠵᠣᠬᠢᠶᠠᠯ᠂ ᠲᠡᠦᠬᠡ ᠶᠢᠨ ᠤᠬᠠᠭᠠᠨ᠂ ᠬᠢᠮᠢ ᠵᠡᠷᠭᠡ ᠲᠤᠰᠬᠠᠢ ᠮᠡᠷᠭᠡᠵᠢᠯ ᠤᠨ ᠬᠥᠭᠵᠢᠯᠲᠡ ᠶᠢ | ᠬᠥᠲᠥᠯᠥᠨ ᠵᠢᠯᠤᠭᠤᠳᠴᠤ᠂ ᠰᠤᠷᠭᠠᠭᠤᠯᠢ ᠶᠢᠨ ᠠᠭᠤᠯᠬᠤᠨᠳᠤ ᠮᠠᠶ᠋ᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠤᠨ ᠪᠠᠶᠢᠭᠤᠯᠤᠯᠲᠠ ᠳᠤ ᠨᠡᠩ ᠤᠯᠠᠨ ᠨᠡᠩ ᠰᠠᠶᠢᠨ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢ ᠬᠥᠮᠥᠵᠢᠭᠦᠯᠬᠦ ᠪᠣᠯᠣᠨ᠎ᠠ᠃ | |