ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠲᠦᠮᠡᠨ ᠤ ᠲᠤᠰᠬᠠᠭᠰᠠᠨ ᠲᠣᠪᠤᠶᠢᠮ᠎ᠠ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠥᠷᠭᠡᠨ ᠣᠯᠠᠨ ᠪᠠᠭᠰᠢ ᠰᠤᠷᠤᠬᠴᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ | ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ︽ᠲᠥᠪᠯᠡᠷᠡᠭᠦᠯᠦᠨ ᠴᠡᠭᠴᠡᠯᠡᠨ ᠵᠠᠰᠠᠬᠤ ᠳᠤᠮᠳᠠ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ | ᠠᠮᠤᠷ ᠲᠦᠪᠰᠢᠨ ᠤ ᠲᠣᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠬᠡᠷᠡᠭᠵᠢᠭᠦᠯᠬᠦ ᠲᠥᠰᠥᠯ︾ ᠢ ᠭᠦᠨᠵᠡᠭᠡᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ | ᠪᠦᠭᠦ ᠣᠷᠣᠨ ᠤ ᠬᠡᠪᠴᠢᠶᠡᠨ ᠳᠤ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠯᠠᠨ | ᠭᠡᠷ ᠢ ᠬᠢᠨᠠᠨ ᠪᠠᠶᠢᠴᠠᠭᠠᠪᠠ᠃ | ᠬᠠᠤᠯᠢ ᠬᠡᠷᠡᠭᠵᠢᠭᠦᠯᠬᠦ ᠠᠵᠢᠯᠲᠠᠳ ᠭᠦᠭᠡᠬᠤᠲᠠ ᠶᠢᠨ 3 ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠰᠤᠭᠤᠴᠢᠨ ᠪᠠᠶᠢᠴᠠᠭᠠᠵᠤ | ᠂ ᠭᠤᠣᠯᠳᠠᠭᠤ ᠬᠢᠷᠢ ᠭᠡᠮ ᠤᠨ ᠦᠨᠡᠮᠯᠡᠯ᠂ ᠠᠵᠢᠯᠲᠠᠨ ᠤ ᠬᠠᠮᠢᠶᠠᠷᠤᠯᠲᠠ᠂ ᠢᠳᠡᠭᠡᠨ ᠪᠤᠯᠪᠠᠰᠤᠷᠠᠭᠤᠯᠬᠤ ᠪᠠ ᠥᠯᠢᠭᠡᠷ ᠡᠳ᠋ ᠦᠯᠡᠳᠡᠭᠡᠬᠦ᠂ ᠢᠳᠡᠭᠡᠨ ᠬᠤᠳᠠᠯᠳᠤᠨ | ᠠᠪᠬᠤ᠂ ᠬᠠᠳᠠᠭᠠᠯᠠᠬᠤ ᠪᠠ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠵᠡᠷᠭᠡ ᠲᠠᠯ᠎ᠠ ᠳᠤ ᠬᠢᠨᠠᠨ ᠪᠠᠶᠢᠴᠠᠭᠠᠯᠲᠠ ᠬᠢᠪᠡ᠃ ᠪᠠᠶᠢᠴᠠᠭᠠᠯᠲᠠ ᠳᠤ | ᠣᠨᠴᠠ ᠵᠠᠷᠢᠮ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠳᠡᠩᠰᠡᠯᠡᠨ ᠲᠡᠮᠳᠡᠭᠯᠡᠭᠰᠡᠨ ᠦᠨᠡᠮᠯᠡᠯ ᠪᠠ ᠵᠠᠷᠢᠮ ᠠᠵᠢᠯᠲᠠᠨ ᠤ ᠡᠷᠡᠭᠦᠯ | ᠮᠡᠨᠳᠦ ᠶᠢᠨ ᠦᠨᠡᠮᠯᠡᠯ ᠨᠢ ᠨᠢᠭᠡᠨᠲᠡ ᠬᠤᠭᠤᠴᠠᠭ᠎ᠠ ᠨᠢ ᠥᠩᠭᠡᠷᠡᠭᠰᠡᠨ᠂ ᠦᠯᠢᠭᠡᠷ ᠡᠳ᠋ ᠦᠯᠡᠳᠡᠭᠡᠭᠰᠡᠨ ᠲᠡᠮᠳᠡᠭᠯᠡᠯ ᠨᠢ ᠪᠦᠷᠢᠨ ᠪᠤᠰᠤ᠂ ᠦᠯᠢᠭᠡᠷ ᠡᠳ᠋ ᠦᠯᠡᠳᠡᠭᠡᠭᠰᠡᠨ | ᠬᠡᠮᠵᠢᠶ᠎ᠡ ᠨᠢ ᠬᠦᠷᠦᠯᠴᠡᠬᠦ ᠦᠭᠡᠢ᠂ ᠲᠣᠭᠤᠭᠠᠨ ᠭᠡᠷ ᠲᠤ ᠠᠵᠢᠯᠯᠠᠵᠤ ᠪᠠᠶᠢᠭ᠎ᠠ ᠠᠵᠢᠯᠲᠠᠳ ᠤᠨ ᠬᠤᠪᠴᠠᠰᠤ ᠡᠮᠦᠰᠬᠡᠯ ᠨᠢ ᠵᠢᠷᠦᠮᠵᠢᠭᠤᠨ ᠪᠤᠰᠤ᠂ ᠵᠠᠷᠢᠮ ᠠᠮᠲᠠ | ᠣᠷᠣᠭᠤᠯᠬᠤ ᠡᠳ᠋ ᠨᠢ ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠵᠡᠷᠭᠡ ᠠᠰᠠᠭᠤᠳᠠᠯ ᠢ ᠢᠯᠡᠷᠡᠭᠦᠯᠵᠦ᠂ ᠬᠠᠮᠢᠶ᠎ᠠ ᠪᠦᠬᠦᠢ ᠰᠤᠷᠭᠠᠭᠤᠯᠢ ᠶᠢᠨ ᠭᠠᠳᠠᠨᠠᠬᠢ | ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠣᠷᠣᠰᠢᠵᠤ ᠪᠠᠶᠢᠭ᠎ᠠ ᠠᠰᠠᠭᠤᠳᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠢᠳᠡᠭᠡᠨ ᠤ ᠠᠮᠤᠷ ᠲᠦᠪᠰᠢᠨ ᠤ | ᠵᠢᠷᠤᠮᠵᠢᠯ ᠤᠨ ᠱᠠᠭᠠᠷᠳᠠᠯᠭ᠎ᠠ ᠳᠤ ᠲᠦᠷᠭᠡᠬᠡᠨ ᠨᠡᠶᠢᠴᠡᠵᠦ᠂ ᠰᠤᠷᠤᠬᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠱᠠᠭᠠᠷᠳᠠᠪᠠ᠃ |