ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠪᠠᠷ᠂ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠢᠳᠡᠭᠡᠨ ᠤᠮᠳᠠᠭᠠᠨ ᠤ ᠰᠠᠯᠪᠤᠷᠢ ᠶᠢᠨ ᠰᠢᠨ᠎ᠡ ᠪᠠᠷ ᠨᠡᠭᠡᠭᠡᠭᠰᠡᠨ ᠣᠳᠣᠬᠢᠴᠢᠯᠠᠭᠰᠠᠨ ᠢᠳᠡᠭᠡᠨ ᠤᠮᠳᠠᠭᠠᠨ ᠤ | ᠬᠠᠮᠢᠶᠠᠷᠤᠯᠲᠠ ᠶᠢᠨ ᠲᠤᠰᠬᠠᠢ ᠮᠡᠷᠭᠡᠵᠢᠯ᠂ ᠢᠳᠡᠭᠡᠨ ᠤᠮᠳᠠᠭᠠᠨ ᠡᠳ᠋ᠰᠢᠭᠦᠯᠦᠨ ᠪᠤᠯᠪᠠᠰᠤᠷᠠᠭᠤᠯᠬᠤ ᠣᠶᠤᠨᠲᠤ ᠮᠡᠷᠭᠡᠵᠢᠯ ᠳᠤ 50 ᠰᠢᠬᠠᠮ ᠰᠢᠨ᠎ᠡ ᠣᠶᠤᠲᠠᠨ | ᠡᠯᠰᠡᠭᠰᠡᠨ ᠶᠤᠮ᠃ ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠦᠷ᠎ᠡ | ᠪᠦᠲᠦᠭᠡᠯ ᠤᠨ ᠨᠢᠭᠡ ᠪᠣᠯᠤᠭᠰᠠᠨ ᠡᠨᠡ ᠬᠦ ᠰᠢᠨ᠎ᠡ ᠲᠤᠰᠬᠠᠢ ᠮᠡᠷᠭᠡᠵᠢᠯ ᠨᠡᠭᠡᠭᠡᠭᠳᠡᠮᠡᠭᠴᠡ ᠪᠠᠨ ᠬᠥᠮᠥᠰ ᠤᠨ ᠠᠩᠬᠠᠷᠤᠯ ᠳᠤ ᠭᠦᠷᠦᠭᠰᠡᠨ ᠶᠤᠮ᠃ | ᠲᠦᠷᠦᠭᠦᠬᠡᠨ ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠦᠷᠦᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠬᠠᠮᠲᠤ ᠶᠢᠨ | ᠴᠣᠭᠴᠠ ᠶᠢᠨ 2024 ᠣᠨ ᠤ ᠠᠵᠢᠯ ᠤᠨ ᠬᠤᠷᠠᠯ ᠳᠡᠭᠡᠷ᠎ᠡ ᠣᠷᠣᠨ ᠤ ᠳᠣᠲᠣᠨ᠎ᠠ ᠭᠠᠳᠠᠨᠠᠬᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠠᠮᠢᠶ᠎ᠠ ᠪᠦᠬᠦᠢ | ᠠᠵᠤ ᠠᠬᠤᠶᠢᠯᠠᠯ ᠵᠡᠷᠭᠡ ᠪᠦᠷᠢᠯᠳᠦᠭᠦᠨ ᠨᠢᠭᠡᠴᠢ ᠨᠦᠭᠦᠳ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ | ᠠᠭᠤᠰᠤᠯᠴᠠᠭᠤᠯᠤᠭᠰᠠᠨ ᠦᠷ᠎ᠡ ᠪᠦᠲᠦᠭᠡᠯ ᠵᠢᠴᠢ ᠲᠤᠷᠰᠢᠯᠭ᠎ᠠ ᠪᠠᠨ ᠬᠤᠪᠢᠶᠠᠯᠴᠠᠵᠤ᠂ ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠥᠷᠥᠯ ᠤᠨ | ᠬᠥᠭᠵᠢᠯᠲᠡ ᠶᠢᠨ ᠰᠢᠨ᠎ᠡ ᠶᠢ ᠡᠭᠦᠳᠬᠦ ᠠᠷᠭ᠎ᠠ ᠵᠠᠮ ᠢ ᠬᠠᠶᠢᠨ ᠰᠦᠪᠡᠭᠴᠢᠯᠡᠵᠦ ᠪᠢᠯᠡ᠃ | ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠦᠷᠦᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠬᠠᠮᠲᠤ ᠶᠢᠨ ᠴᠣᠭᠴᠠ ᠶᠢ | 2023 ᠣᠨ ᠤ 12 ᠰᠠᠷ᠎ᠠ ᠳᠤ ᠪᠠᠶᠢᠭᠤᠯᠪᠠ᠃ ᠥᠪᠥᠷ ᠮᠣᠩᠭᠤᠯ ᠤᠨ ᠵᠧᠩ ᠳ᠋ᠡ ᠬᠤᠩ ᠶᠧ ᠢᠳᠡᠭᠡᠨ ᠤ ᠬᠢᠵᠠᠭᠠᠷᠲᠤ ᠺᠤᠮᠫᠠᠨᠢ ᠪᠠᠷ ᠲᠦᠷᠦᠭᠦᠯᠡᠭᠦᠯᠦᠨ᠂ ᠥᠪᠥᠷ | ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ | ᠰᠤᠷᠭᠠᠭᠤᠯᠢ ᠬᠠᠮᠲᠤᠷᠠᠨ ᠪᠠᠶᠢᠭᠤᠯᠵᠠᠢ᠃ ᠡᠨᠡ ᠨᠢ ᠥᠪᠥᠷ ᠮᠣᠩᠭᠤᠯ ᠤᠨ ᠲᠦᠷᠦᠭᠦᠦ ᠪᠦᠯᠦᠭ ᠤᠨ ᠠᠵᠢᠯ ᠲᠦᠷᠦᠯ ᠦᠢᠯᠡᠳᠪᠦᠷᠢᠯᠡᠯ ᠵᠢᠭᠠᠨ ᠰᠤᠷᠭᠠᠯᠲᠠ ᠶᠢ | ᠠᠭᠤᠰᠤᠯᠴᠠᠭᠤᠯᠤᠭᠰᠠᠨ ᠬᠠᠮᠲᠤ ᠶᠢᠨ ᠴᠣᠭᠴᠠ ᠪᠣᠯᠣᠨ᠎ᠠ᠃ ᠡᠨᠡᠬᠦ ᠬᠠᠮᠲᠤ ᠶᠢᠨ ᠴᠣᠭᠴᠠ ᠨᠢ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢᠶᠠᠷ | ᠬᠥᠲᠥᠯᠥᠮᠵᠢ ᠪᠣᠯᠭᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠦᠢᠯᠡᠰ ᠬᠢᠭᠡᠳ ᠢᠳᠡᠭᠡᠨ ᠤᠮᠳᠠᠭᠠᠨ ᠤ | ᠦᠢᠯᠡᠴᠢᠯᠡᠭᠡᠨ ᠤ ᠠᠵᠢᠯ ᠲᠥᠷᠥᠯ ᠢ ᠨᠠᠷᠢᠯᠢᠭ ᠣᠨᠣᠴᠠᠲᠠᠢ ᠵᠣᠯᠭᠠᠭᠤᠯᠵᠤ᠂ ᠠᠵᠤ ᠦᠢᠯᠡᠰ ᠪᠠ ᠰᠤᠷᠭᠠᠨ ᠬᠥᠮᠦᠵᠢᠯ ᠢ ᠭᠦᠨᠵᠡᠭᠡᠢ ᠠᠭᠤᠰᠤᠯᠴᠠᠭᠤᠯᠤᠨ᠂ ᠠᠵᠤ | ᠠᠬᠤᠶᠢᠯᠠᠯ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠪᠠ ᠬᠡᠷᠡᠭᠯᠡᠭᠡᠨ ᠤ ᠲᠠᠪᠴᠠᠩ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ | ᠪᠣᠯᠣᠨ᠎ᠠ᠃ | ᠵᠢᠭᠤᠯᠴᠢᠯᠠᠯ ᠤᠨ ᠬᠥᠭᠵᠢᠶᠡᠨᠲᠦ ᠤᠯᠠᠷᠢᠯ ᠳᠤ ᠭᠦᠭᠡᠬᠤᠲᠠ ᠶᠢᠨ ᠲᠠᠪᠤᠨ ᠰᠤᠪᠤᠷᠭᠠᠲᠤ ᠰᠦᠮ᠎ᠡ ᠶᠢᠨ ᠠᠷᠤ ᠵᠡᠭᠡᠯᠢ ᠶᠢᠨ ︽ᠮᠠᠢ ᠪᠠᠩ ᠵᠦ︾ ᠪᠠᠶᠠᠳᠠᠨ | ᠣᠶᠢᠯᠠᠭᠠᠬᠤ ᠳᠡᠯᠭᠡᠭᠦᠷ ᠤᠨ ᠪᠣᠷᠤᠯᠠᠭᠤᠯᠭ᠎ᠠ ᠲᠤᠩ ᠬᠥᠭᠵᠢᠶᠡᠨᠲᠡᠢ᠃ ᠡᠨᠡᠬᠦ 80 ᠲᠡᠭᠰᠢ ᠳᠥᠷᠪᠡᠯᠵᠢᠨ ᠮᠧᠳ᠋ᠷ ᠪᠦᠬᠦᠢ ᠳᠡᠯᠭᠡᠭᠦᠷ ᠲᠤ ᠭᠤᠣᠯᠳᠠᠭᠤ ᠱᠣᠣᠮᠠᠢ ᠵᠡᠷᠭᠡ | ᠥᠪᠥᠷ ᠮᠣᠩᠭᠤᠯ ᠤᠨ ᠣᠨᠴᠠᠯᠢᠭ ᠲᠠᠢ ᠭᠤᠯᠢᠷ ᠬᠤᠭᠤᠯᠠ ᠡᠵᠡᠩᠨᠡᠬᠦ ᠶᠢᠨ ᠬᠠᠮᠲᠤ ᠪᠠᠰᠠ ᠬᠤᠮᠠ ᠶᠢᠨ ᠲᠣᠰᠣ᠂ ᠱᠣᠣᠮᠠᠢ ᠶᠢᠨ ᠬᠠᠯᠢᠰᠤ᠂ ᠬᠡᠪ ᠤᠨ ᠴᠠᠢ ᠵᠡᠷᠭᠡ | ᠪᠦᠲᠦᠭᠡᠭᠳᠡᠬᠦᠨ ᠢ ᠳᠡᠯᠭᠡᠨ ᠪᠣᠷᠣᠯᠠᠭᠤᠯᠵᠤ᠂ ᠡᠳᠦᠷ ᠪᠦᠷᠢ ᠶᠢᠨ ᠪᠣᠷᠤᠯᠠᠭᠤᠯᠭ᠎ᠠ ᠶᠢᠨ ᠬᠡᠮᠵᠢᠶ᠎ᠡ ᠨᠢ ᠲᠠᠪᠤ ᠵᠢᠷᠭᠤᠭᠠᠨ ᠮᠢᠩᠭᠠᠨ ᠲᠥᠭᠦᠷᠢᠭ ᠲᠤ ᠬᠦᠷᠴᠦ ᠪᠤᠢ᠃ ︽ | ᠮᠠᠢ ᠪᠠᠩ ᠵᠦ︾ ᠪᠠᠶᠠᠳᠠᠨ ᠣᠶᠢᠯᠠᠭᠠᠬᠤ ᠳᠡᠯᠭᠡᠭᠦᠷ ᠪᠣᠯ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠤᠭᠰᠠᠨ ᠠᠮᠢᠳᠤᠯᠢᠭ | ᠦᠢᠯᠡᠳᠦᠯᠭᠡ ᠪᠣᠯᠣᠨ᠎ᠠ᠃ ᠡᠨᠡ ᠬᠦ ᠳᠡᠯᠭᠡᠭᠦᠷ ᠢ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠥᠪᠥᠷ | ᠮᠣᠩᠭᠤᠯ ᠤᠨ ᠢ ᠲᠠᠢ ᠲᠠᠯ᠎ᠠ ᠨᠤᠲᠤᠭ ᠤᠨ ᠠᠵᠢᠨᠠᠢ ᠭᠦᠯᠦᠭ ᠢᠳᠡᠭᠡᠨ ᠤ ᠬᠢᠵᠠᠭᠠᠷᠲᠤ ᠺᠤᠮᠫᠠᠨᠢ ᠠᠴᠠ ᠬᠠᠮᠲᠤᠷᠠᠨ ᠪᠠᠶᠢᠭᠤᠯᠤᠭᠰᠠᠨ ᠣᠶᠤᠲᠠᠳ ᠤᠨ ᠦᠢᠯᠡᠰ | ᠪᠣᠰᠬᠠᠬᠤ ᠲᠦᠷᠦᠯ ᠵᠦᠢᠯ ᠪᠠᠶᠢᠵᠤ᠂ ᠣᠳᠣᠬᠠᠨ ᠳᠤ ᠶᠠᠭ ᠲᠤᠷᠰᠢᠯᠲᠠ ᠶᠢᠨ ᠱᠠᠲᠤᠨ ᠳᠠᠭᠠᠨ ᠪᠠᠶᠢᠭ᠎ᠠ ᠶᠤᠮ᠃ ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ | ᠲᠦᠷᠦᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠬᠠᠮᠲᠤ ᠶᠢᠨ ᠴᠣᠭᠴᠠ ᠨᠢ ᠪᠠᠰᠠ ᠭᠦᠭᠡᠬᠤᠲᠠ ᠶᠢᠨ ᠰᠢᠨ ᠳ᠋ᠦᠩ ᠹᠠᠩ ᠳᠡᠭᠡᠳᠦ | ᠵᠡᠷᠭᠡ ᠶᠢᠨ ᠮᠡᠷᠭᠡᠵᠢᠯ ᠤᠨ ᠰᠤᠷᠭᠠᠭᠤᠯᠢ ᠶᠢᠨ ︽ᠨᠡᠶᠢᠭᠡᠮ ᠪᠣᠯᠣᠨ ᠠᠵᠢᠯ ᠲᠦᠷᠦᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠠᠭᠤᠷᠢᠨ︾ ᠪᠠᠶᠢᠭᠤᠯᠬᠤ ᠶᠢ | ᠵᠢᠯᠤᠭᠤᠳᠴᠤ᠂ ᠢᠳᠡᠭᠡᠨ ᠤᠮᠳᠠᠭᠠᠨ ᠤ ᠠᠵᠢᠯ ᠮᠡᠷᠭᠡᠵᠢᠯ ᠤᠨ ᠪᠣᠯᠪᠠᠰᠤᠷᠠᠯ ᠥᠷᠨᠢᠭᠦᠯᠦᠭᠰᠡᠨ ᠪᠥᠭᠡᠳ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ | ᠢ ᠲᠠᠨᠢᠯᠴᠠᠭᠤᠯᠬᠤ ᠠᠵᠢᠯᠯᠠᠬᠤ ᠦᠷᠦᠭᠡ︾ ᠪᠠᠶᠢᠭᠤᠯᠵᠤ᠂ ᠪᠦᠭᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠮᠡᠷᠭᠡᠵᠢᠯ ᠢ | ᠳᠡᠯᠭᠡᠷᠡᠭᠦᠯᠬᠦ ᠦᠢᠯᠡᠴᠢᠯᠡᠭᠡ ᠥᠷᠨᠢᠭᠦᠯᠵᠦ ᠪᠤᠢ᠃ | ᠬᠠᠮᠲᠤᠷᠠᠨ ᠴᠢᠳᠠᠪᠤᠷᠢᠲᠠᠨ ᠬᠥᠮᠥᠵᠢᠭᠦᠯᠬᠦ ᠪᠣᠯ ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠦᠷᠦᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ | ᠠᠭᠤᠰᠤᠯᠴᠠᠭᠤᠯᠤᠭᠰᠠᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠴᠢᠬᠤᠯᠠ ᠠᠴᠠ ᠴᠢᠬᠤᠯᠠ ᠠᠵᠢᠯ ᠪᠣᠯᠣᠨ᠎ᠠ᠃ ᠥᠪᠥᠷ ᠮᠣᠩᠭᠤᠯ ᠤᠨ ᠠᠷᠠᠯᠵᠢᠶ᠎ᠠ | ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠠᠵᠢᠯ ᠲᠦᠷᠦᠯ ᠤᠨ ᠲᠥᠯᠦᠪᠵᠢᠭᠦᠯᠭᠡ ᠶᠢᠨ ︿ᠠᠯᠲᠠᠨ ᠫᠠᠰᠫᠣᠷᠲ﹀ ᠢᠨᠵᠧᠨᠧᠷᠢᠩ︾ ᠤᠨ | ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠬᠡᠷᠡᠭᠯᠡᠭᠡᠨ ᠤ ᠮᠡᠷᠭᠡᠵᠢᠯ ᠤᠨ ᠵᠢᠩᠬᠢᠨᠢ ᠠᠩᠭᠢ ᠶᠢᠨ ᠶᠡᠭᠡ ᠰᠤᠷᠭᠠᠭᠤᠯᠢ ᠵᠢᠴᠢ ᠠᠵᠤ | ᠠᠬᠤᠶᠢᠯᠠᠯ ᠢ ᠨᠡᠪᠲᠡᠷᠡᠯᠴᠡᠭᠦᠯᠦᠨ ᠴᠢᠳᠠᠪᠤᠷᠢᠲᠠᠨ ᠬᠥᠮᠥᠵᠢᠭᠦᠯᠬᠦ ᠲᠥᠷᠥᠯ ᠵᠦᠢᠯ ᠨᠢ ᠭᠦᠭᠡᠬᠤᠲᠠ ᠶᠢᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ | ᠰᠤᠷᠭᠠᠭᠤᠯᠢ᠂ ᠪᠤᠭᠤᠲᠤ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠤᠷᠭᠠᠭᠤᠯᠢ᠂ ᠤᠯᠠᠭᠠᠨᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ | ᠵᠡᠷᠭᠡ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠲᠤ 3400 ︽ᠠᠯᠲᠠᠨ ᠫᠠᠰᠫᠣᠷᠲ︾ ᠣᠯᠭᠤᠪᠠ᠃ ᠲᠠᠨᠢᠯᠴᠠᠭᠤᠯᠤᠭᠰᠠᠨ ᠢᠶᠠᠷ᠂ ︽ᠠᠯᠲᠠᠨ ᠫᠠᠰᠫᠣᠷᠲ︾ | ᠪᠣᠯ ᠰᠣᠷᠣᠬᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢᠨ ᠭᠡᠷᠡᠴᠢᠯᠡᠯ ᠮᠥᠨ᠂ ᠮᠥᠨ ᠴᠦ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠬᠴᠢ ᠶᠢ ᠬᠠᠪᠰᠤᠷᠤᠨ | ᠠᠵᠢᠯ ᠮᠡᠷᠭᠡᠵᠢᠯ ᠤᠨ ᠠᠮᠢᠳᠤᠷᠠᠯ ᠢ ᠨᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ | ᠬᠡᠷᠡᠭᠯᠡᠭᠡᠨ ᠤ ᠮᠡᠷᠭᠡᠵᠢᠯ ᠤᠨ ᠵᠢᠩᠬᠢᠨᠢ ᠠᠩᠭᠢ ᠶᠢᠨ ᠶᠡᠭᠡ ᠰᠤᠷᠭᠠᠭᠤᠯᠢ ᠵᠢᠴᠢ ᠠᠵᠤ ᠠᠬᠤᠶᠢᠯᠠᠯ ᠢ ᠨᠡᠪᠲᠡᠷᠡᠯᠴᠡᠭᠦᠯᠦᠨ ᠴᠢᠳᠠᠪᠤᠷᠢᠲᠠᠨ ᠬᠥᠮᠥᠵᠢᠭᠦᠯᠬᠦ ᠶᠢ | ᠠᠬᠢᠭᠤᠯᠬᠤ ᠪᠣᠯᠣᠨ᠎ᠠ᠃ ᠬᠠᠮᠲᠤ ᠶᠢᠨ ᠴᠣᠭᠴᠠ ᠶᠢᠨ ᠳᠣᠲᠣᠷᠠᠬᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ᠂ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢ ᠬᠠᠷᠢᠯᠴᠠᠨ ᠰᠣᠩᠭᠤᠵᠤ ᠬᠠᠷᠢᠯᠴᠠᠨ ᠤᠷᠢᠵᠤ᠂ ᠠᠵᠤ | ᠠᠬᠤᠶᠢᠯᠠᠯ ᠤᠨ ᠵᠢᠯᠣᠭᠤᠳᠤᠭᠴᠢ ᠪᠠᠭᠰᠢ᠂ ᠠᠵᠤ ᠦᠢᠯᠡᠰ ᠤᠨ ᠵᠢᠯᠣᠭᠤᠳᠤᠭᠴᠢ ᠪᠠᠭᠰᠢ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠣᠷᠣᠯᠴᠠᠭᠤᠯᠵᠤ᠂ | ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠬᠡᠷᠡᠭᠯᠡᠭᠡᠨ ᠤ ᠮᠡᠷᠭᠡᠵᠢᠯ ᠤᠨ ᠵᠢᠩᠬᠢᠨᠢ ᠠᠩᠭᠢ ᠶᠢᠨ ᠶᠡᠭᠡ ᠰᠤᠷᠭᠠᠭᠤᠯᠢ ᠵᠢᠴᠢ ᠠᠵᠤ | ᠠᠬᠤᠶᠢᠯᠠᠯ ᠤᠨ ᠬᠠᠮᠲᠤᠷᠠᠨ ᠬᠥᠮᠥᠨ ᠬᠥᠮᠥᠵᠢᠭᠦᠯᠬᠦ ᠲᠥᠰᠥᠯ ᠢ ᠲᠣᠭᠲᠠᠭᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠢ ᠪᠠᠭᠰᠢ ᠬᠠᠮᠲᠤ ᠶᠢᠨ | ᠴᠣᠭᠴᠠ ᠶᠢᠨ ᠪᠦᠷᠢᠯᠳᠦᠭᠦᠨ ᠠᠵᠤ ᠠᠬᠤᠶᠢᠯᠠᠯ ᠳᠤ ᠰᠢᠯᠵᠢᠨ ᠰᠤᠷᠤᠯᠴᠠᠵᠤ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠬᠡᠷᠡᠭᠯᠡᠭᠡᠨ ᠤ | ᠮᠡᠷᠭᠡᠵᠢᠯ ᠤᠨ ᠵᠢᠩᠬᠢᠨᠢ ᠠᠩᠭᠢ ᠶᠢᠨ ᠶᠡᠭᠡ ᠰᠤᠷᠭᠠᠭᠤᠯᠢ ᠵᠢᠴᠢ ᠠᠵᠤ ᠠᠬᠤᠶᠢᠯᠠᠯ ᠤᠨ ᠬᠤᠯᠪᠣᠯᠳᠤᠨ ᠨᠡᠪᠲᠡᠷᠡᠯᠴᠡᠵᠦ ᠬᠥᠮᠥᠨ ᠬᠥᠮᠥᠵᠢᠭᠦᠯᠬᠦ ᠵᠠᠭᠪᠤᠷ ᠢ | ᠪᠦᠷᠢᠯᠳᠦᠭᠦᠯᠦᠭᠰᠡᠨ ᠪᠠᠶᠢᠨ᠎ᠠ᠃ | ᠣᠳᠣᠬᠠᠨ ᠳᠤ ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠠᠵᠤ ᠠᠬᠤᠶᠢᠯᠠᠯ ᠲᠠᠢ ᠬᠠᠮᠲᠤᠷᠠᠨ | ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠪᠦᠯᠭᠦᠮ ᠪᠠᠶᠢᠭᠤᠯᠵᠤ᠂ ᠬᠤᠨᠢᠨ ᠮᠢᠬᠠᠨ ᠤ ᠵᠠᠭᠤᠰᠢ ᠶᠢ ᠡᠳ᠋ᠰᠢᠭᠦᠯᠦᠨ ᠪᠤᠯᠪᠠᠰᠤᠷᠠᠭᠤᠯᠬᠤ ᠰᠢᠨᠵᠢᠯᠡᠬᠦ | ᠤᠬᠠᠭᠠᠨ ᠤ ᠰᠤᠳᠤᠯᠭᠠᠨ ᠤ ᠲᠥᠷᠥᠯ ᠵᠦᠢᠯ ᠢ 1 ᠪᠡᠶᠡᠯᠡᠭᠦᠯᠵᠦ᠂ ︽ᠲᠦᠷᠭᠡᠨ ᠬᠥᠯᠳᠡᠭᠡᠬᠦ ᠪᠤᠷᠢᠶᠠᠳ ᠪᠤᠤᠰᠠ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ︾ ᠢ | ᠡᠬᠢᠯᠡᠨ ᠰᠤᠳᠤᠯᠵᠤ᠂ ᠬᠤᠨᠢ ᠢᠮᠠᠭᠠᠨ ᠤ ᠭᠡᠳᠡᠰᠦ ᠳᠣᠲᠣᠷ ᠤᠨ ᠵᠠᠭᠤᠰᠢ ᠦᠢᠯᠡᠳᠬᠦ ᠤᠷ᠎ᠠ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠪᠦᠯᠦᠭ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢᠶᠠᠷ ᠭᠤᠶᠤᠴᠢᠯᠠᠨ ᠮᠡᠳᠡᠭᠦᠯᠬᠦ ᠵᠡᠷᠭᠡ ᠶᠢ ᠡᠬᠢᠯᠡᠭᠦᠯᠵᠦ᠂ ᠰᠤᠷᠭᠠᠭᠤᠯᠢ ᠠᠵᠤ ᠠᠬᠤᠶᠢᠯᠠᠯ ᠬᠤᠯᠪᠤᠭᠠᠯᠠᠨ | ᠢᠳᠡᠭᠡᠨ ᠤᠮᠳᠠᠭᠠᠨ ᠤ ᠵᠦᠢᠯ ᠳᠤ ᠮᠡᠷᠭᠡᠵᠢᠯ ᠤᠨ ᠥᠭᠡᠷᠡᠴᠢᠯᠡᠯᠲᠡ ᠬᠢᠵᠦ ᠪᠦᠲᠦᠭᠡᠭᠳᠡᠬᠦᠨ ᠢ ᠲᠠᠰ ᠳᠡᠪᠰᠢᠭᠦᠯᠵᠦ ᠪᠤᠢ᠃ | ᠣᠳᠣᠬᠢᠴᠢᠯᠠᠭᠰᠠᠨ ᠢᠳᠡᠭᠡᠨ ᠤᠮᠳᠠᠭᠠᠨ ᠤ ᠠᠵᠢᠯ ᠲᠥᠷᠥᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠬᠠᠮᠲᠤ ᠶᠢᠨ ᠴᠣᠭᠴᠠ | ᠪᠠᠶᠢᠭᠤᠯᠤᠭᠳᠠᠭᠰᠠᠨ ᠠᠴᠠ ᠨᠠᠭᠠᠰᠢ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠳᠠᠰ ᠤᠨ ᠪᠤᠰᠤ | ᠰᠣᠶᠣᠯ ᠤᠨ ᠥᠪ ᠢ ᠤᠯᠠᠷᠢᠭᠤᠯᠬᠤ᠂ ᠨᠡᠶᠢᠭᠡᠮ ᠤᠨ ᠪᠣᠯᠪᠠᠰᠤᠷᠠᠯ ᠵᠡᠷᠭᠡ ᠣᠯᠠᠨ ᠵᠦᠢᠯ ᠤᠨ ᠠᠵᠢᠯ ᠢ ᠥᠷᠨᠢᠭᠦᠯᠵᠦ᠂ ᠵᠧᠩ ᠳ᠋ᠡ ᠬᠤᠩ ᠶᠧ ᠢᠳᠡᠭᠡᠨ ᠤ | ᠬᠢᠵᠠᠭᠠᠷᠲᠤ ᠺᠤᠮᠫᠠᠨᠢ᠂ ᠲᠠᠯ᠎ᠠ ᠨᠤᠲᠤᠭ ᠤᠨ ᠬᠤᠩ ᠲᠠᠢ ᠶᠠᠩ ᠬᠤᠪᠢᠴᠠᠭᠠᠳᠤ ᠬᠢᠵᠠᠭᠠᠷᠲᠤ ᠺᠤᠮᠫᠠᠨᠢ ᠵᠡᠷᠭᠡ ᠲᠠᠢ ᠬᠠᠮᠲᠤᠷᠠᠨ ᠮᠠᠰᠢ ᠣᠯᠠᠨ ᠲᠤᠷᠰᠢᠯᠲᠠ ᠶᠢᠨ | ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ᠬᠤᠭᠤᠯᠠ ᠬᠢᠬᠦ ᠲᠤᠰᠬᠠᠢ ᠮᠡᠷᠭᠡᠵᠢᠯ᠂ ᠢᠳᠡᠭᠡᠨ ᠤ ᠲᠤᠰᠬᠠᠢ ᠮᠡᠷᠭᠡᠵᠢᠯ ᠤᠨ ᠤᠷᠠᠨ ᠳᠠᠷᠬᠠᠨ ᠤ ᠠᠩᠭᠢ ᠡᠷᠭᠢᠯᠡᠵᠦ᠂ | ᠠᠵᠢᠯ ᠲᠥᠷᠥᠯ ᠤᠨ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ ᠬᠠᠩᠭᠠᠵᠤ ᠪᠤᠢ᠃ | ᠥᠪᠥᠷ ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠬᠢᠷᠤᠯ ᠹᠠᠨ | ᠸᠧᠨ ᠪᠢᠨ᠄ ︽ᠪᠢᠳᠡ ᠮᠡᠷᠭᠡᠵᠢᠯ ᠤᠨ ᠰᠢᠨ᠎ᠡ ᠶᠢ ᠡᠭᠦᠳᠬᠦ᠂ ᠤᠷᠠᠨ ᠲᠠᠷᠬᠠᠨ ᠤ ᠭᠡᠯᠪᠡᠷᠢ ᠶᠢᠨ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ | ᠪᠦᠯᠭᠦᠮ ᠢ ᠪᠠᠶᠢᠭᠤᠯᠬᠤ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠥᠷᠭᠡᠳᠬᠡᠬᠦ ᠵᠡᠷᠭᠡ ᠲᠠᠯ᠎ᠠ ᠶᠢᠨ ᠠᠵᠢᠯ ᠢ ᠴᠢᠷᠮᠠᠶᠢᠨ ᠬᠢᠵᠦ᠂ | ᠥᠪᠥᠷ ᠮᠣᠩᠭᠤᠯ ᠤᠨ ᠢᠳᠡᠭᠡᠨ ᠤᠮᠳᠠᠭᠠᠨ ᠤ ᠠᠵᠢᠯ ᠲᠦᠷᠦᠯ ᠤᠨ ᠥᠪᠡᠷᠮᠢᠴᠡ ᠣᠨᠴᠠᠯᠢᠭᠲᠤ ᠲᠦᠷᠦᠯ ᠲᠡᠮᠳᠡᠭ ᠢ ᠡᠭᠦᠳᠬᠦ ᠶᠢ ᠠᠬᠢᠭᠤᠯᠵᠤ᠂ ᠥᠪᠥᠷ | ᠮᠣᠩᠭᠤᠯ ᠤᠨ ᠦᠨᠦᠷ ᠠᠮᠲᠠ ᠶᠢ ᠲᠦᠭ ᠲᠦᠮᠡᠨ ᠡᠷᠦᠭᠡ ᠳᠤ ᠮᠡᠳᠡᠭᠦᠯᠦᠨ᠎ᠡ︾ ᠭᠡᠵᠦ ᠶᠠᠷᠢᠯ᠎ᠠ᠃ | ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠭᠰᠠᠨ ᠬᠠᠮᠲᠤ ᠶᠢᠨ ᠴᠣᠭᠴᠠ ᠨᠢ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠰᠢᠰᠲ᠋ᠧᠮ ᠢ ᠪᠠᠶᠢᠭᠤᠯᠬᠤ ᠴᠢᠬᠤᠯᠠ ᠠᠷᠭ᠎ᠠ ᠪᠠᠷᠢᠯ ᠪᠣᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠷᠣᠨ ᠪᠦᠰᠡ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠬᠤᠯᠠ ᠭᠠᠷᠳᠠᠴᠠ ᠪᠣᠯᠵᠠᠢ᠃ | |