ᠲᠦᠷᠦᠭᠦᠬᠡᠨ᠂ ᠥᠪᠥᠷ ᠮᠣᠩᠭᠤᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠢᠷᠡᠭᠡᠳᠦᠢ ᠶᠢᠨ ᠤᠷᠠᠨ ᠳᠠᠷᠬᠠᠨ︾ ᠨᠣᠮ ᠤᠩᠰᠢᠬᠤ | ᠠᠵᠢᠯᠯᠠᠭ᠎ᠠ ᠶᠢ ᠠᠬᠢᠭᠤᠯᠬᠤ ᠲᠤᠬᠠᠢ ᠶᠢᠨ ᠲᠠᠯᠠᠪᠤᠷ ᠤᠨ ᠬᠤᠷᠠᠯ ᠤᠯᠠᠭᠠᠨᠬᠠᠳᠠ ᠶᠢᠨ ᠪᠠᠷᠢᠯᠭ᠎ᠠ ᠶᠢᠨ ᠢᠨᠵᠧᠨᠧᠷᠢᠩ ᠤᠨ ᠰᠤᠷᠭᠠᠭᠤᠯᠢ ᠳᠤ ᠶᠠᠪᠤᠭᠳᠠᠵᠤ᠂ ᠪᠦᠭᠦ | ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠬᠴᠢᠳ ᠤᠨ ᠲᠥᠯᠥᠭᠡᠯᠡᠭᠴᠢᠳ ᠬᠠᠮᠲᠤ ᠪᠠᠷ ᠨᠣᠮ ᠤᠩᠰᠢᠭᠰᠠᠨ ᠲᠤᠷᠰᠢᠯᠭ᠎ᠠ ᠪᠠᠨ | ᠰᠣᠯᠢᠯᠴᠠᠬᠤ᠂ ᠳᠡᠯᠭᠡᠨ ᠦᠵᠡᠭᠦᠯᠭᠦ᠂ ᠬᠤᠪᠢᠶᠠᠯᠴᠠᠬᠤ ᠠᠵᠢᠯᠯᠠᠭ᠎ᠠ ᠥᠷᠨᠢᠭᠦᠯᠵᠦ᠂ ︽ᠢᠷᠡᠭᠡᠳᠦᠢ ᠶᠢᠨ ᠤᠷᠠᠨ ᠳᠠᠷᠬᠠᠨ︾ ᠨᠣᠮ ᠤᠩᠰᠢᠬᠤ ᠠᠵᠢᠯᠯᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ᠃ | ᠬᠤᠷᠠᠯ ᠳᠤ ᠣᠷᠣᠯᠴᠠᠭᠰᠠᠳ ᠤᠯᠠᠭᠠᠨᠬᠠᠳᠠ ᠶᠢᠨ ᠪᠠᠷᠢᠯᠭ᠎ᠠ ᠶᠢᠨ ᠢᠨᠵᠧᠨᠧᠷᠢᠩ ᠤᠨ ᠰᠤᠷᠭᠠᠭᠤᠯᠢ ᠶᠢᠨ ᠨᠣᠮ ᠤᠨ ᠦᠨᠦᠷ ᠬᠠᠩᠬᠤᠯᠤᠭᠰᠠᠨ ᠰᠤᠷᠭᠠᠭᠤᠯᠢ ᠶᠢᠨ | ᠬᠦᠷᠢᠶᠡᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠣᠭᠤᠷᠢᠨ ᠦᠵᠡᠵᠦ᠂ ᠪᠠᠭᠰᠢ ᠨᠠᠷ ᠤᠨ ᠨᠣᠮ ᠤᠩᠰᠢᠯᠭ᠎ᠠ ᠶᠢᠨ ᠰᠣᠯᠢᠯᠴᠠᠭᠠᠨ ᠤ ᠦᠵᠡᠭᠦᠯᠭᠡ ᠪᠠ | ᠤᠩᠰᠢᠯᠭ᠎ᠠ ᠶᠢᠨ ᠬᠥᠲᠥᠯᠥᠮᠵᠢ ᠶᠢᠨ ᠬᠢᠴᠢᠶᠡᠯ ᠨᠢ ᠬᠥᠮᠥᠰ ᠤᠨ ᠠᠩᠬᠠᠷᠤᠯ ᠢ ᠲᠠᠲᠠᠪᠠ᠃ ᠨᠣᠮ ᠤᠩᠰᠢᠯᠭ᠎ᠠ ᠶᠢᠨ ᠦᠵᠡᠭᠦᠯᠭᠡ ᠶᠢᠨ ᠲᠣᠬᠯᠠᠯᠲᠠ ᠶᠢᠨ | ᠭᠤᠭᠴᠣᠭᠠᠨ ᠳᠤ ᠪᠠᠭᠰᠢ ᠰᠤᠷᠤᠬᠴᠢᠳ ᠤᠷᠠᠨ ᠤᠩᠰᠢᠯᠭ᠎ᠠ᠂ ᠳᠠᠭᠤᠤ ᠪᠥᠵᠢᠭ᠂ ᠦᠵᠡᠭᠳᠡᠯᠲᠦ ᠵᠦᠴᠦᠭᠡ ᠵᠡᠷᠭᠡ ᠪᠠᠶᠠᠯᠢᠭ ᠰᠠᠶᠢᠬᠠᠨ ᠭᠡᠯᠪᠡᠷᠢ ᠪᠠᠷ ᠥᠪᠥᠷ | ᠮᠣᠩᠭᠤᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠣᠮ ᠤᠨ ᠦᠨᠦᠷ ᠬᠠᠩᠬᠤᠯᠤᠭᠰᠠᠨ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠦᠭᠦ ᠲᠠᠯ᠎ᠠ ᠪᠠᠷ ᠳᠡᠯᠭᠡᠨ ᠦᠵᠡᠭᠦᠯᠵᠡᠢ᠃ | ᠣᠶᠢᠯᠠᠭᠠᠭᠰᠠᠨ ᠢᠶᠠᠷ᠂ 2023 ᠣᠨ ᠤ ᠡᠬᠢ ᠪᠠᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠪᠦᠭᠦ ᠣᠷᠣᠨ ᠤ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠢᠷᠡᠭᠡᠳᠦᠢ ᠶᠢᠨ ᠤᠷᠠᠨ ᠳᠠᠷᠬᠠᠨ︾ ᠭᠡᠬᠦ ᠨᠣᠮ ᠤᠩᠰᠢᠬᠤ ᠠᠵᠢᠯᠯᠠᠭ᠎ᠠ ᠶᠢ ᠡᠬᠢᠯᠡᠭᠦᠯᠵᠦ᠂ ᠨᠣᠮ ᠤᠩᠰᠢᠬᠤ ︽ | ᠬᠡᠮᠵᠢᠶ᠎ᠡ ᠶᠢ ᠥᠷᠭᠡᠳᠬᠡᠬᠦ︾ ᠪᠠ ︽ᠶᠠᠰᠤ ᠴᠢᠨᠠᠷ ᠢ ᠳᠡᠭᠡᠭᠰᠢᠯᠡᠭᠦᠯᠭᠦ︾ ᠶᠢ ᠵᠡᠷᠭᠡ ᠪᠠᠷ ᠠᠳᠬᠤᠵᠤ᠂ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠪᠠᠭᠰᠢ ᠰᠤᠷᠤᠬᠴᠢᠳ ᠤᠨ ᠨᠣᠮ ᠤᠩᠰᠢᠬᠤ ᠳᠤᠷᠠᠲᠠᠢ ᠪᠠᠶᠢᠬᠤ᠂ ᠰᠠᠶᠢᠨ ᠨᠣᠮ ᠤᠩᠰᠢᠬᠤ᠂ ᠰᠠᠶᠢᠲᠤᠷ ᠨᠣᠮ ᠤᠩᠰᠢᠬᠤ ᠶᠢ ᠵᠣᠷᠢᠭᠵᠢᠭᠤᠯᠤᠨ | ᠵᠢᠯᠣᠭᠤᠳᠪᠠ᠃ | ︽ᠢᠷᠡᠭᠡᠳᠦᠢ ᠶᠢᠨ ᠤᠷᠠᠨ ᠳᠠᠷᠬᠠᠨ︾ ᠨᠣᠮ ᠤᠩᠰᠢᠬᠤ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠰᠤᠷᠭᠠᠨ ᠬᠥᠮᠦᠵᠢᠯ ᠤᠨ ᠲᠢᠩᠬᠢᠮ ︽ᠨᠣᠮ | ᠪᠢᠴᠢᠭ ᠢᠶᠠᠷ ᠰᠡᠳᠬᠢᠯ ᠢᠶᠠᠨ ᠤᠮᠳᠠᠯᠠᠵᠤ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ︾᠂ ︽ᠨᠣᠮ ᠪᠢᠴᠢᠭ ᠢ ᠠᠮᠲᠠᠷᠬᠠᠵᠤ ᠰᠢᠨ᠎ᠡ ᠠᠶᠠᠨ ᠳᠤ ᠮᠣᠷᠳᠠᠬᠤ︾᠂ ︽ᠨᠣᠮ | ᠪᠢᠴᠢᠭ ᠤᠨ ᠰᠢᠮ᠎ᠡ ᠶᠢ ᠬᠦᠷᠲᠡᠵᠦ ᠤᠷᠠᠨ ᠳᠠᠷᠬᠠᠨ ᠤ ᠵᠣᠷᠢᠭ ᠰᠠᠨᠠᠭ᠎ᠠ ᠶᠢ ᠱᠤᠭᠤᠬᠤ︾᠂ ︽ᠨᠣᠮ ᠤᠩᠰᠢᠯᠭ᠎ᠠ ᠶᠢ ᠳᠠᠮᠵᠢᠭᠤᠯᠵᠤ ᠬᠠᠮᠲᠤ ᠪᠠᠷ ᠦᠰᠤᠨ | ᠪᠤᠶᠢᠵᠢᠬᠤ︾ ᠵᠡᠷᠭᠡ 4 ᠭᠤᠣᠯ ᠰᠡᠳᠦᠪ᠂ 15 ᠵᠦᠢᠯ ᠤᠨ ᠪᠣᠳᠠᠲᠠᠢ ᠡᠭᠦᠷᠭᠡ ᠶᠢ ᠨᠠᠷᠢᠨ ᠨᠢᠮᠪᠠᠢ ᠪᠠᠶᠢᠷᠢᠯᠠᠭᠤᠯᠵᠤ᠂ ᠨᠣᠮ ᠤᠩᠰᠢᠬᠤ ᠠᠵᠢᠯᠯᠠᠭ᠎ᠠ ᠶᠢ ᠱᠠᠲᠤ | ᠱᠠᠲᠤ ᠪᠠᠷ ᠠᠬᠢᠭᠤᠯᠵᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠭᠰᠠᠨ ᠪᠠᠶᠢᠨ᠎ᠠ᠃ | |