11 ᠰᠠᠷ᠎ᠠ ᠶᠢᠨ 21 ᠤ ᠡᠳᠦᠷ ᠪᠤᠯᠲᠠᠯ᠎ᠠ ᠮᠠᠨ ᠤ ᠣᠷᠣᠨ 2024 ᠣᠨ ᠤ ᠰᠣᠷᠣᠬᠴᠢ ᠶᠢᠨ ᠢᠷᠡᠯᠲᠡ ᠶᠢᠨ ᠭᠠᠵᠠᠷ ᠤᠨ 18 ᠳ᠋ᠦᠩᠰᠢᠭᠤᠷ ᠲᠥᠭᠦᠷᠢᠭ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠲᠠᠷᠬᠠᠭᠠᠵᠤ᠂ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ 14.4 ᠲᠦᠮᠡᠨ ᠰᠣᠷᠣᠬᠴᠢ ᠳᠤ ᠠᠰᠢᠭ | ᠬᠦᠷᠲᠡᠭᠡᠵᠦ᠂ ᠵᠢᠭᠡᠯᠡᠯᠭᠡ ᠶᠢᠨ ᠮᠥᠩᠭᠦ ᠶᠢᠨ ᠲᠤᠭ᠎ᠠ ᠪᠣᠯᠣᠨ ᠬᠥᠮᠥᠨ ᠤ ᠲᠤᠭ᠎ᠠ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢ ᠲᠡᠳᠬᠦᠬᠦ ᠲᠥᠪ ᠠᠴᠠ ᠬᠤᠶᠠᠷ ᠵᠢᠭᠡᠯᠡᠯᠭᠡ ᠶᠢᠨ ᠪᠠᠩᠬᠢ ᠲᠠᠢ ᠬᠠᠮᠲᠤᠷᠠᠨ | ᠵᠢᠭᠡᠯᠡᠯᠭᠡ ᠶᠢᠨ ᠦᠢᠯᠡᠴᠢᠯᠡᠭᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠡᠯ᠎ᠡ ᠵᠦᠢᠯ ᠤᠨ | ᠰᠢᠨ᠎ᠡ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ︽ᠲᠤᠭ᠎ᠠ ᠬᠡᠮᠵᠢᠶ᠎ᠡ ᠶᠢ ᠳᠡᠭᠡᠭᠰᠢᠯᠡᠭᠦᠯᠭᠦ᠂ ᠬᠡᠷᠡᠭᠴᠡᠭᠡ ᠶᠢ ᠥᠷᠭᠡᠳᠬᠡᠬᠦ᠂ ᠬᠦᠦ ᠮᠥᠩᠭᠦ ᠶᠢᠨ | ᠨᠣᠷᠮ᠎ᠠ ᠶᠢ ᠪᠠᠭᠤᠷᠠᠭᠤᠯᠬᠤ᠂ ᠬᠤᠭᠤᠴᠠᠭ᠎ᠠ ᠬᠢᠵᠠᠭᠠᠷ ᠢ ᠨᠡᠮᠡᠭᠳᠡᠭᠦᠯᠬᠦ᠂ ᠬᠦᠦ ᠮᠥᠩᠭᠦ ᠶᠢ ᠬᠡᠯᠲᠦᠷᠢᠭᠦᠯᠬᠦ᠂ ᠡᠬᠡ ᠮᠥᠩᠭᠦ ᠶᠢ ᠪᠤᠴᠠᠭᠠᠬᠤ ᠶᠢ ᠬᠤᠶᠢᠰᠢᠯᠠᠭᠤᠯᠬᠤ︾ | ᠵᠡᠷᠭᠡ ᠡᠯ᠎ᠡ ᠵᠦᠢᠯ ᠤᠨ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠪᠠ᠃ ᠣᠳᠣᠬᠠᠨ ᠳᠤ ᠰᠣᠷᠣᠬᠴᠢ ᠶᠢᠨ ᠢᠷᠡᠯᠲᠡ ᠶᠢᠨ | ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠢᠲᠡᠭᠡᠮᠵᠢ ᠶᠢᠨ ᠵᠢᠭᠡᠯᠡᠯᠭᠡ ᠶᠢᠨ ᠬᠠᠮᠤᠭ ᠤᠨ ᠥᠨᠳᠥᠷ ᠬᠡᠮᠵᠢᠶ᠎ᠡ ᠶᠢ ᠳᠡᠭᠡᠭᠰᠢᠯᠡᠭᠦᠯᠦᠭᠡᠳ ᠵᠢᠩᠬᠢᠨᠢ ᠠᠩᠭᠢ ᠪᠠ | ᠲᠤᠰᠬᠠᠢ ᠮᠡᠷᠭᠡᠵᠢᠯ ᠤᠨ ᠠᠩᠭᠢ ᠶᠢᠨ ᠰᠣᠷᠣᠬᠴᠢ ︵ᠪᠡᠯᠡᠳᠬᠡᠯ ᠠᠩᠭᠢ ᠶᠢᠨ ᠰᠣᠷᠣᠬᠴᠢ ᠪᠠᠭᠲᠠᠨ᠎ᠠ︶ ᠬᠥᠮᠥᠨ ᠪᠦᠷᠢ ᠵᠢᠯ ᠳᠤ 2 ᠲᠦᠮᠡᠨ ᠲᠥᠭᠦᠷᠢᠭ᠂ | ᠠᠰᠫᠢᠷᠠᠨᠲ ᠢᠶᠠᠷ ᠰᠤᠷᠤᠯᠴᠠᠭᠰᠠᠳ ᠬᠥᠮᠥᠨ ᠪᠦᠷᠢ ᠵᠢᠯ ᠳᠤ 2.5 ᠲᠦᠮᠡᠨ ᠲᠥᠭᠦᠷᠢᠭ ᠵᠢᠭᠡᠯᠡᠵᠦ ᠪᠤᠯᠬᠤ ᠪᠣᠯᠭᠠᠵᠠᠢ᠃ ᠲᠡᠷᠡᠴᠢᠯᠡᠨ ᠵᠢᠭᠡᠯᠡᠯᠭᠡ ᠶᠢᠨ ᠬᠦᠦ | ᠮᠥᠩᠭᠦ ᠶᠢᠨ ᠨᠣᠷᠮ᠎ᠠ ᠶᠢ 70 ᠰᠠᠭᠤᠷᠢ ᠴᠡᠭ ᠲᠤ ᠭᠦᠷᠲᠡᠯ᠎ᠡ ᠪᠠᠭᠤᠷᠠᠭᠤᠯᠪᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠴᠠ ᠨᠠᠭᠠᠰᠢ ᠪᠦᠭᠦ | ᠣᠷᠣᠨ ᠨᠡᠶᠢᠲᠡ 4459 ᠲᠦᠮᠡᠨ ᠲᠥᠭᠦᠷᠢᠭ ᠤᠨ ᠵᠢᠭᠡᠯᠡᠯᠭᠡ ᠶᠢᠨ ᠮᠥᠩᠭᠦ ᠪᠠᠨ ᠥᠰᠬᠡᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠵᠦ᠂ ᠰᠤᠷᠤᠯᠭ᠎ᠠ ᠶᠢᠨ | ᠰᠦᠢᠳᠬᠡᠯ᠂ ᠪᠠᠶᠢᠷᠢ ᠶᠢᠨ ᠰᠦᠢᠳᠬᠡᠯ ᠠᠴᠠ ᠭᠠᠳᠠᠨ᠎ᠠ ᠬᠡᠰᠡᠭ ᠠᠮᠢᠳᠤᠷᠠᠯ ᠤᠨ ᠵᠠᠷᠤᠳᠠᠯ ᠢ ᠳᠡᠮᠵᠢᠬᠦ ᠬᠡᠪᠴᠢᠶᠡᠨ ᠳᠤ ᠤᠷᠤᠭᠤᠯᠬᠤ ᠪᠠᠷ ᠪᠠᠶᠢᠨ᠎ᠠ᠃ | ᠵᠢᠱᠢᠯᠲᠡ ᠪᠠᠷ ᠥᠪᠡᠷᠲᠡᠭᠡᠨ ᠵᠠᠰᠠᠬᠤ ᠣᠷᠣᠨ 2024 ᠣᠨ ᠳᠤ 50 ᠭᠠᠷᠤᠢ ᠲᠦᠮᠡᠨ ᠬᠥᠮᠥᠨ ᠤᠳᠠᠭ᠎ᠠ ᠳᠤ ᠲᠣᠰ ᠵᠢᠯ ᠤᠨ ᠵᠢᠭᠡᠯᠡᠯᠭᠡ ᠶᠢᠨ ᠬᠦᠦ | ᠮᠥᠩᠭᠦ ᠶᠢ ᠨᠡᠶᠢᠳᠡ 9000 ᠲᠦᠮᠡᠨ ᠲᠥᠭᠦᠷᠢᠭ ᠬᠡᠯᠲᠦᠷᠢᠭᠦᠯᠵᠦ᠂ 3000 ᠲᠦᠮᠡᠨ ᠲᠥᠭᠦᠷᠢᠭ ᠤᠨ ᠡᠬᠡ ᠮᠥᠩᠭᠦ ᠶᠢ ᠬᠤᠶᠢᠰᠢᠯᠠᠭᠤᠯᠤᠨ ᠲᠥᠯᠥᠬᠦ ᠠᠵᠢᠯ ᠢ | ᠭᠦᠢᠴᠡᠳᠬᠡᠵᠡᠢ᠃ | |