ᠪᠠᠭ᠎ᠠ ᠰᠤᠷᠭᠠᠭᠤᠯᠢ ᠶᠢᠨ ᠱᠠᠲᠤ ᠦᠶ᠎ᠡ ᠪᠣᠯ ᠪᠠᠭᠠᠴᠤᠳ ᠬᠡᠦᠬᠡᠳ ᠤᠨ ᠪᠡᠶ᠎ᠡ ᠰᠡᠳᠬᠢᠴᠡ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠦᠶ᠎ᠡ ᠪᠣᠯᠣᠨ᠎ᠠ᠃ ᠡᠷᠡᠭᠦᠯ | ᠴᠢᠭᠢᠷᠠᠭ ᠪᠡᠶ᠎ᠡ ᠮᠠᠬᠠᠪᠤᠳ ᠲᠠᠢ᠂ ᠡᠷᠡᠭᠦᠯ ᠪᠦᠲᠦᠨ ᠵᠠᠩ ᠴᠢᠨᠠᠷ ᠲᠠᠢ᠂ ᠡᠷᠡᠰ ᠬᠠᠲᠠᠭᠤ ᠵᠣᠷᠢᠭ ᠰᠥᠰᠥ ᠲᠠᠢ ᠬᠡᠦᠬᠡᠳ ᠢ ᠬᠥᠮᠥᠵᠢᠭᠦᠯᠬᠦ ᠳᠤ ᠲᠠᠮᠢᠷ ᠤᠨ | ᠬᠢᠴᠢᠶᠡᠯ ᠨᠢ ᠨᠢᠭᠡᠨ ᠲᠤᠲᠠᠭᠳᠠᠵᠤ ᠪᠣᠯᠣᠰᠢ ᠦᠭᠡᠢ ᠴᠢᠬᠤᠯᠠ ᠬᠦᠴᠦᠨ ᠪᠤᠯᠬᠤ ᠶᠤᠮ᠃ ᠣᠶᠢᠷ᠎ᠠ ᠶᠢᠨ ᠵᠢᠯ ᠤᠳ ᠲᠤ ᠤᠯᠤᠰ ᠠᠴᠠ ᠪᠠᠭᠠᠴᠤᠳ ᠬᠡᠦᠬᠡᠳ ᠢ | ᠲᠠᠮᠢᠷ ᠤᠨ ᠬᠥᠳᠡᠯᠭᠡᠭᠡᠨ ᠳᠤ ᠢᠯᠡᠭᠦᠬᠡᠨ ᠣᠷᠤᠯᠴᠠᠬᠤ ᠶᠢ ᠵᠣᠷᠢᠭᠵᠢᠭᠤᠯᠵᠤ᠂ ᠰᠤᠷᠭᠠᠭᠤᠯᠢ ᠶᠢᠨ ᠲᠠᠮᠢᠷ ᠤᠨ ᠬᠢᠴᠢᠶᠡᠯ ᠤᠨ ᠪᠠᠭᠠᠴᠤᠳ ᠬᠡᠦᠬᠡᠳ ᠤᠨ ᠦᠰᠦᠨ | ᠪᠤᠶᠢᠵᠢᠯᠳᠠ ᠳᠤ ᠦᠵᠡᠭᠦᠯᠭᠦ ᠠᠴᠢ ᠦᠢᠯᠡᠳᠦᠯ ᠢ ᠨᠡᠩ ᠬᠦᠨᠳᠦᠳᠬᠡᠬᠦ ᠪᠣᠯᠤᠭᠰᠠᠨ ᠨᠢ ᠪᠠᠶᠠᠷᠯᠠᠭᠤᠰᠢᠲᠠᠢ᠃ | ᠤᠯᠠᠨ ᠤ ᠮᠡᠳᠡᠭᠡᠵᠢ ᠪᠠᠷ᠂ ᠥᠩᠭᠡᠷᠡᠭᠰᠡᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠨᠤᠭᠤᠳ ᠲᠠᠮᠢᠷ ᠤᠨ ᠬᠢᠴᠢᠶᠡᠯ ᠢ ᠳᠡᠮᠡᠢ | ᠴᠢᠬᠤᠯᠠᠴᠢᠯᠠᠬᠤ ᠦᠭᠡᠢ ᠦᠵᠡᠭᠳᠡᠯ ᠣᠷᠣᠰᠢᠵᠤ ᠪᠠᠶᠢᠭᠰᠠᠨ᠃ ᠬᠡᠳᠦ᠋ᠢᠪᠡᠷ ᠡᠳᠦᠷ ᠪᠣᠯᠭᠠᠨ ᠲᠠᠮᠢᠷ ᠤᠨ ᠬᠢᠴᠢᠶᠡᠯ ᠲᠣᠬᠢᠷᠠᠭᠤᠯᠵᠤ ᠪᠠᠶᠢᠳᠠᠭ ᠴᠤ ᠬᠡᠦᠬᠡᠳ ᠤᠨ ᠪᠡᠶ᠎ᠡ | ᠮᠠᠬᠠᠪᠤᠳ ᠤᠨ ᠬᠥᠭᠵᠢᠯᠲᠡ ᠶᠢᠨ ᠣᠨᠴᠠᠯᠢᠭ ᠲᠤ ᠲᠣᠬᠢᠷᠠᠭᠰᠠᠨ᠂ ᠬᠡᠦᠬᠡᠳ ᠤᠨ ᠳᠤᠷ᠎ᠠ ᠰᠣᠨᠢᠷᠬᠠᠯ ᠢ ᠲᠠᠲᠠᠭᠰᠠᠨ ᠠᠭᠤᠯᠭ᠎ᠠ ᠠᠷᠠᠢ ᠬᠦᠷᠦᠯᠴᠡᠬᠦ ᠦᠭᠡᠢ ᠪᠠᠶᠢᠳᠠᠭ᠃ | ᠡᠶᠢᠨ ᠬᠦ᠂ ᠬᠡᠦᠬᠡᠳ ᠤᠨ ᠦᠰᠦᠨ ᠪᠤᠶᠢᠵᠢᠯᠳᠠ ᠶᠢᠨ ᠶᠠᠪᠤᠴᠠ ᠳᠠᠬᠢ ᠨᠢᠭᠤᠭᠳᠠᠮᠠᠯ ᠬᠦᠴᠦᠨ ᠢ ᠢᠳᠡᠪᠬᠢᠲᠡᠢ ᠲᠠᠶᠢᠴᠢᠯᠠᠵᠤ᠂ ᠲᠠᠮᠢᠷ ᠤᠨ ᠬᠥᠳᠡᠯᠭᠡᠭᠡᠨ ᠳᠤ | ᠣᠷᠤᠯᠴᠠᠬᠤ ᠤᠷᠮᠠᠰᠢᠯ ᠢ ᠨᠢ ᠬᠥᠭᠵᠢᠭᠡᠵᠦ᠂ ᠪᠠᠭ᠎ᠠ ᠰᠤᠷᠭᠠᠭᠤᠯᠢ ᠶᠢᠨ ᠲᠠᠮᠢᠷ ᠤᠨ ᠬᠢᠴᠢᠶᠡᠯ ᠢ ᠤᠯᠠᠮ ᠴᠢᠨᠠᠷᠵᠢᠭᠤᠨ ᠵᠢᠭᠠᠬᠤ ᠨᠢ ᠲᠠ ᠪᠢᠳᠡᠨ ᠤ ᠡᠮᠦᠨ᠎ᠡ | ᠲᠠᠯᠪᠢᠭᠳᠠᠵᠤ ᠪᠠᠶᠢᠭ᠎ᠠ ᠴᠢᠬᠤᠯᠠ ᠰᠡᠳᠦᠪ ᠪᠣᠯᠣᠨ᠎ᠠ᠃ ᠭᠡᠬᠦ ᠳᠡᠭᠡᠨ ᠪᠠᠭ᠎ᠠ ᠰᠤᠷᠭᠠᠭᠤᠯᠢ ᠶᠢᠨ ᠲᠠᠮᠢᠷ ᠤᠨ ᠬᠢᠴᠢᠶᠡᠯ ᠢ ᠰᠠᠶᠢᠲᠤᠷ ᠵᠢᠭᠠᠬᠤ ᠳᠤ ᠳᠣᠣᠷᠠᠬᠢ ᠬᠡᠳᠦᠨ | ᠲᠠᠯ᠎ᠠ ᠶᠢ ᠠᠩᠬᠠᠷᠪᠠᠯ ᠵᠣᠬᠢᠯᠲᠠᠢ᠃ | ᠡᠩ ᠲᠡᠷᠢᠭᠦᠨ ᠳᠤ᠂ ᠥᠩᠭᠡᠷᠡᠭᠰᠡᠨ ᠤ ᠦᠵᠡᠯᠲᠡ ᠲᠠᠨᠢᠯᠲᠠ ᠪᠠᠨ ᠬᠤᠪᠢᠷᠠᠭᠤᠯᠵᠤ᠂ ᠲᠠᠮᠢᠷ ᠤᠨ ᠬᠢᠴᠢᠶᠡᠯ ᠤᠨ ᠦᠢᠯᠡᠳᠦᠯ᠂ ᠦᠨ᠎ᠡ ᠦᠷᠳᠡᠭ ᠢ ᠭᠦᠨᠵᠡᠭᠡᠢ | ᠲᠠᠨᠢᠵᠤ᠂ ᠬᠢᠴᠢᠶᠡᠯᠯᠡᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠰᠤᠷᠭᠠᠭᠤᠯᠢ ᠶᠢᠨ ᠨᠥᠬᠦᠴᠡᠯ ᠪᠣᠯᠣᠮᠵᠢ ᠲᠠᠢ ᠤᠶᠠᠯᠳᠤᠭᠤᠯᠵᠤ ᠵᠢᠭᠠᠨ ᠰᠤᠷᠭᠠᠯᠲᠠ ᠶᠢᠨ ᠶᠠᠰᠤ | ᠴᠢᠨᠠᠷ ᠢ ᠲᠡᠭᠡᠭᠰᠢᠯᠡᠭᠦᠯᠭᠦ ᠲᠠᠯ᠎ᠠ ᠪᠠᠷ ᠬᠦᠴᠦᠯᠡᠬᠦ ᠬᠡᠷᠡᠭᠲᠡᠢ᠃ ᠰᠤᠷᠭᠠᠭᠤᠯᠢ ᠶᠢᠨ ᠲᠠᠮᠢᠷ ᠤᠨ ᠬᠢᠴᠢᠶᠡᠯ ᠪᠣᠯ ᠬᠡᠪ ᠴᠢᠨᠠᠷ ᠤᠨ ᠰᠤᠷᠭᠠᠨ ᠬᠥᠮᠦᠵᠢᠯ ᠤᠨ ᠨᠢᠭᠡᠨ ᠭᠢᠯᠠᠰ | ᠴᠡᠭ ᠪᠣᠯᠣᠨ᠎ᠠ᠃ ᠣᠳᠣᠬᠠᠨ ᠤ ᠪᠠᠶᠢᠳᠠᠯ ᠠᠴᠠ ᠦᠵᠡᠪᠡᠯ ᠰᠤᠷᠭᠠᠭᠤᠯᠢ ᠶᠢᠨ ᠨᠥᠬᠦᠴᠡᠯ ᠪᠣᠯᠣᠮᠵᠢ᠂ ᠲᠤᠨᠤᠭ ᠲᠥᠬᠦᠭᠡᠷᠦᠮᠵᠢ ᠪᠦᠷ ᠶᠡᠬᠡᠬᠡᠨ ᠰᠠᠶᠢᠵᠢᠷᠠᠵᠠᠢ᠃ | ᠡᠳᠡᠭᠡᠷ ᠠᠰᠢᠭᠲᠠᠢ ᠨᠥᠬᠦᠴᠡᠯ ᠪᠣᠯᠣᠮᠵᠢ ᠶᠢ ᠠᠯᠳᠠᠯ ᠦᠭᠡᠢ ᠠᠳᠬᠤᠵᠤ᠂ ᠪᠠᠭ᠎ᠠ ᠰᠤᠷᠭᠠᠭᠤᠯᠢ ᠶᠢᠨ ᠲᠠᠮᠢᠷ ᠤᠨ ᠬᠢᠴᠢᠶᠡᠯ ᠢ ᠤᠯᠠᠮ ᠴᠢᠨᠠᠷᠵᠢᠭᠤᠯᠬᠤ ᠲᠠᠯ᠎ᠠ ᠪᠠᠷ | ᠰᠤᠳᠤᠯᠵᠤ᠂ ᠰᠢᠨ᠎ᠡ ᠶᠢ ᠡᠷᠢᠯᠬᠢᠯᠡᠵᠦ᠂ ᠰᠢᠨ᠎ᠡ ᠶᠢ ᠡᠭᠦᠳᠬᠦ ᠬᠡᠷᠡᠭᠲᠡᠢ᠃ ᠪᠠᠭ᠎ᠠ ᠰᠤᠷᠭᠠᠭᠤᠯᠢ ᠶᠢᠨ ᠱᠠᠲᠤᠨ ᠤ ᠬᠡᠦᠬᠡᠳ ᠪᠣᠯ 6 - 12 ᠨᠠᠰᠤᠨ ᠤ ᠬᠤᠭᠤᠷᠣᠨᠳᠤ | ᠪᠠᠶᠢᠳᠠᠭ᠃ ᠡᠨᠡᠬᠦ ᠴᠠᠭ ᠬᠤᠭᠤᠴᠠᠭ᠎ᠠ ᠪᠣᠯ ᠬᠡᠦᠬᠡᠳ ᠪᠠᠭᠠᠴᠤᠳ ᠤᠨ ᠪᠦᠭᠦ ᠲᠠᠯ᠎ᠠ ᠶᠢᠨ ᠬᠥᠭᠵᠢᠯᠲᠡ ᠶᠢᠨ ᠬᠠᠮᠤᠭ ᠰᠣᠷᠭᠤᠭ ᠰᠣᠳᠣᠨ ᠦᠶ᠎ᠡ ᠪᠣᠯᠣᠨ᠎ᠠ᠃ | ᠡᠶᠢᠮᠦ ᠠᠴᠠ ᠡᠨᠡ ᠦᠶ᠎ᠡ ᠶᠢᠨ ᠲᠠᠮᠢᠷ ᠤᠨ ᠬᠢᠴᠢᠶᠡᠯ ᠤᠨ ᠠᠭᠤᠯᠭ᠎ᠠ ᠳᠤ ᠪᠠᠭᠠᠴᠤᠳ ᠬᠡᠦᠬᠡᠳ ᠤᠨ ᠤᠷᠮ᠎ᠠ ᠰᠡᠳᠬᠢᠯᠭᠡ ᠶᠢ ᠬᠥᠭᠵᠢᠭᠡᠬᠦ᠂ ᠴᠢᠰᠤᠨ ᠤ ᠡᠷᠭᠢᠯᠲᠡ ᠶᠢ | ᠰᠠᠶᠢᠵᠢᠷᠠᠭᠤᠯᠬᠤ᠂ ᠴᠤᠭ ᠵᠣᠯᠢ ᠶᠢ ᠨᠡᠮᠡᠭᠳᠡᠭᠦᠯᠬᠦ᠂ ᠪᠤᠯᠴᠢᠩ ᠤᠨ ᠢᠳᠡᠪᠬᠢ ᠴᠢᠨᠠᠷ ᠢ ᠲᠡᠭᠡᠭᠰᠢᠯᠡᠭᠦᠯᠭᠦ ᠲᠠᠯ᠎ᠠ ᠪᠠᠷ ᠠᠰᠢᠭᠲᠠᠢ ᠦᠢᠯᠡ ᠬᠥᠳᠡᠯᠭᠡᠭᠡᠨ ᠢ ᠰᠣᠩᠭᠤᠵᠤ | ᠪᠣᠯᠣᠨ᠎ᠠ᠃ | ᠳᠠᠷᠠᠭᠠᠯᠠᠪᠠᠯ᠂ ᠲᠠᠮᠢᠷ ᠤᠨ ᠬᠢᠴᠢᠶᠡᠯ ᠤᠨ ᠠᠭᠤᠯᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠪᠠᠯ ᠵᠣᠬᠢᠨ᠎ᠠ᠃ ᠲᠠᠮᠢᠷ ᠤᠨ ᠬᠢᠴᠢᠶᠡᠯ ᠢ ᠴᠢᠨᠠᠷᠯᠢᠭ ᠰᠢᠨᠵᠢᠯᠡᠬᠦ | ᠤᠬᠠᠭᠠᠨᠴᠢ ᠪᠠᠷ ᠣᠷᠣᠬᠤ ᠨᠢ ᠪᠠᠭ᠎ᠠ ᠰᠤᠷᠭᠠᠭᠤᠯᠢ ᠶᠢᠨ ᠰᠤᠷᠤᠠᠠᠴᠢᠤᠨ ᠤᠨ ᠨᠢᠭᠤᠭᠳᠠᠮᠠᠯ ᠤᠷ᠎ᠠ ᠠᠪᠢᠶᠠᠰ ᠢ ᠠᠭᠤᠳᠠᠯᠤᠨ ᠢᠯᠡᠷᠡᠭᠦᠯᠬᠦ ᠲᠤᠭᠢᠶᠠᠯ ᠪᠣᠯᠣᠨ᠎ᠠ᠃ | ᠪᠡᠶ᠎ᠡ ᠶᠢᠨ ᠲᠠᠮᠢᠷ ᠤᠨ ᠲᠠᠯ᠎ᠠ ᠪᠠᠷ ᠬᠢ ᠲᠠᠯᠲᠠ ᠴᠢᠳᠠᠪᠤᠷᠢ᠂ ᠤᠷ᠎ᠠ ᠠᠪᠢᠶᠠᠰ ᠢᠶᠠᠨ ᠬᠠᠷᠠᠬᠠᠨ ᠣᠶᠢᠯᠠᠭᠠᠭ᠎ᠠ ᠦᠭᠡᠢ᠂ ᠰᠡᠷᠡᠵᠦ ᠮᠡᠳᠡᠭᠡ ᠦᠭᠡᠢ ᠬᠡᠦᠬᠡᠳ ᠤᠯᠠᠨ | ᠪᠠᠶᠢᠬᠤ ᠨᠢ ᠯᠠᠪᠲᠠᠢ᠃ ᠡᠶᠢᠮᠦ ᠠᠴᠠ ᠲᠠᠮᠢᠷ ᠤᠨ ᠬᠢᠴᠢᠶᠡᠯ ᠣᠷᠣᠬᠤ ᠶᠠᠪᠤᠴᠠ ᠳᠤ ᠲᠠᠮᠢᠷ ᠤᠨ ᠪᠠᠭᠰᠢ ᠨᠠᠷ ᠰᠤᠷᠤᠬᠴᠢᠳ ᠢᠶᠠᠨ ᠭᠢᠷᠠᠬᠠᠢ ᠠᠵᠢᠵᠤ᠂ ᠲᠡᠲᠡᠨ ᠢ | ᠤᠷᠮᠠᠰᠢᠭᠤᠯᠤᠨ ᠵᠣᠷᠢᠭᠵᠢᠭᠤᠯᠵᠤ᠂ ᠵᠥᠪ ᠢᠶᠠᠷ ᠬᠥᠲᠥᠯᠥᠨ ᠵᠢᠯᠣᠭᠤᠳᠪᠠᠯ ᠰᠤᠷᠤᠬᠴᠢᠳ ᠤᠨ ᠤᠷ᠎ᠠ ᠠᠪᠢᠶᠠᠰ ᠢ ᠪᠦᠷᠢᠨ ᠪᠠᠳᠠᠷᠠᠭᠤᠯᠵᠤ ᠴᠢᠳᠠᠬᠤ ᠶᠤᠮ᠃ | ᠣᠳᠣᠬᠠᠨ ᠳᠤ ᠡᠯ᠎ᠡ ᠭᠠᠵᠠᠷ ᠡᠯ᠎ᠡ ᠰᠤᠷᠭᠠᠭᠤᠯᠢ ᠶᠢᠨ ᠲᠠᠮᠢᠷ ᠤᠨ ᠬᠢᠴᠢᠶᠡᠯ ᠨᠢ ᠪᠦᠭᠡ ᠪᠠᠷᠢᠯᠳᠤᠬᠤ᠂ ᠪᠥᠮᠪᠦᠭᠡ ᠢᠰᠬᠦᠯᠬᠦ᠂ ᠬᠤᠯᠨ ᠭᠦᠶᠦᠬᠦ᠂ ᠰᠠᠭᠰᠤᠨ ᠪᠥᠮᠪᠦᠭᠡ | ᠂ ᠦᠳᠦᠨ ᠪᠥᠮᠪᠦᠭᠡ᠂ ᠠᠯᠠᠭᠠᠳᠠᠬᠤ ᠪᠥᠮᠪᠦᠭᠡ ᠵᠡᠷᠭᠡ ᠪᠠᠷ ᠭᠤᠣᠯᠯᠠᠵᠤ᠂ ᠭᠡᠳᠦ ᠳᠠᠩ ᠴᠤᠯᠭᠤᠢ ᠰᠠᠨᠠᠭᠳᠠᠨ᠎ᠠ᠃ ᠦᠨᠡᠨᠳᠡᠭᠡᠨ ᠨᠡᠩ ᠪᠠᠶᠠᠯᠢᠭ ᠠᠭᠤᠯᠭ᠎ᠠ | ᠲᠣᠬᠢᠷᠠᠭᠤᠯᠵᠤ᠂ ᠬᠡᠦᠬᠡᠳ ᠤᠨ ᠳᠣᠲᠣᠭᠠᠳᠤ ᠮᠡᠳᠡᠷᠡᠮᠵᠢ ᠶᠢ ᠬᠥᠭᠵᠢᠭᠦᠯᠬᠦ᠂ ᠳᠠᠯᠳᠠ ᠬᠦᠴᠦ ᠶᠢ ᠨᠢ ᠢᠯᠡᠷᠡᠭᠦᠯᠬᠦ ᠪᠠᠷ ᠴᠢᠷᠮᠠᠶᠢᠪᠠᠯ ᠵᠦᠢᠲᠡᠢ᠃ ᠡᠭᠦᠨ ᠠᠴᠠ | ᠭᠠᠳᠠᠨ᠎ᠠ᠂ ᠲᠠᠮᠢᠷ ᠤᠨ ᠪᠠᠭᠰᠢ ᠨᠠᠷ ᠪᠠᠰᠠ ᠲᠠᠮᠢᠷ ᠤᠨ ᠲᠤᠬᠠᠢ ᠤᠨᠤᠯ ᠵᠦᠢ ᠶᠢᠨ ᠮᠡᠳᠡᠯᠭᠡ ᠪᠠᠨ ᠥᠷᠭᠡᠵᠢᠭᠦᠯᠵᠦ᠂ ᠤᠤᠯ ᠤᠨ ᠬᠡᠪᠰᠢᠮᠡᠯ ᠵᠢᠭᠠᠨ ᠰᠤᠷᠭᠠᠯᠲᠠ ᠶᠢᠨ | ᠤᠨᠤᠯ ᠪᠠ ᠠᠷᠭ᠎ᠠ ᠪᠠᠨ ᠬᠤᠪᠢᠷᠠᠭᠤᠯᠵᠤ᠂ ᠲᠠᠮᠢᠷ ᠤᠨ ᠬᠢᠴᠢᠶᠡᠯ ᠤᠨ ᠴᠢᠬᠤᠯᠠ ᠴᠢᠨᠠᠷ ᠢ ᠰᠤᠷᠤᠬᠴᠢᠳ ᠲᠤ ᠣᠶᠢᠯᠠᠭᠠᠭᠤᠯᠬᠤ ᠬᠡᠷᠡᠭᠲᠡᠢ᠃ | ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠢᠯᠡᠭᠦᠬᠡᠨ ᠣᠷᠤᠯᠴᠠᠬᠤ ᠪᠣᠯ ᠬᠡᠦᠬᠡᠳ ᠤᠨ ᠡᠷᠡᠭᠦᠯ ᠰᠠᠷᠠᠭᠤᠯ ᠦᠰᠦᠨ ᠪᠤᠶᠢᠵᠢᠬᠤ ᠶᠢᠨ ᠴᠢᠬᠤᠯᠠ ᠨᠥᠬᠦᠴᠡᠯ | ᠪᠣᠯᠣᠨ᠎ᠠ᠃ ᠡᠶᠢᠮᠦ ᠠᠴᠠ ᠰᠤᠷᠭᠠᠭᠤᠯᠢ ᠪᠠ ᠪᠠᠭᠰᠢ ᠨᠠᠷ᠂ ᠭᠡᠷ ᠪᠦᠯᠢ᠂ ᠨᠡᠶᠢᠭᠡᠮ ᠨᠡᠶᠢᠳᠡ ᠠᠴᠠ ᠲᠠᠮᠢᠷ ᠤᠨ ᠬᠥᠳᠡᠯᠭᠡᠭᠡᠨ᠂ ᠲᠠᠮᠢᠷ ᠤᠨ ᠬᠢᠴᠢᠶᠡᠯ ᠤᠨ ᠠᠴᠢ | ᠦᠢᠯᠡᠳᠦᠯ ᠢ ᠭᠦᠨᠵᠡᠭᠡᠢ ᠲᠠᠨᠢᠵᠤ᠂ ᠬᠡᠦᠬᠡᠳ ᠪᠠᠭᠠᠴᠤᠳ ᠢ ᠬᠥᠲᠥᠯᠥᠨ ᠵᠣᠷᠢᠭᠵᠢᠭᠤᠯᠵᠤ ᠢᠯᠡᠭᠦᠬᠡᠨ ᠣᠷᠣᠯᠴᠠᠭᠤᠯᠵᠤ᠂ ᠲᠡᠳᠡᠨ ᠤ ᠪᠡᠶ᠎ᠡ ᠰᠡᠳᠬᠢᠴᠡ ᠶᠢᠨ | ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠬᠡᠷᠡᠭᠲᠡᠢ᠃ | |