ᠶᠠᠭᠰᠢ ᠬᠤᠲᠠ ᠶᠢᠨ ᠬᠤᠲᠠ ᠶᠢᠨ ᠲᠦᠢᠮᠤ ᠪᠠᠶᠢᠳᠠᠯ
ᠨᠡᠶᠢᠲᠡᠯᠡᠭᠰᠡᠨ ᠴᠠᠭ᠄
2024/12/23
    ᠶᠠᠭᠰᠢ ᠬᠤᠲᠠ ᠪᠣᠯ ᠬᠥᠯᠥᠨ ᠪᠤᠶᠢᠷ ᠤᠨ ᠬᠠᠷᠢᠶᠠᠨ ᠳᠠᠬᠢ ᠰᠢᠶᠠᠨ ᠤ ᠲᠠᠰ ᠤᠨ ᠬᠤᠲᠠ ᠪᠤᠯᠤᠨ᠎ᠠ᠂ ᠬᠥᠯᠥᠨ ᠪᠤᠶᠢᠷ ᠬᠤᠲᠠ ᠶᠢᠨ ᠳᠤᠮᠳᠠ ᠬᠡᠰᠡᠭ᠂ ᠶᠡᠭᠡ ᠬᠢᠩᠭᠠᠨ ᠳᠠᠪᠠᠭ᠎ᠠ ᠶᠢᠨ ᠳᠤᠮᠳᠠ ᠬᠢᠷ᠎ᠠ ᠶᠢᠨ ᠳᠤᠮᠳᠠ ᠬᠡᠰᠡᠭ ᠤᠨ ᠪᠠᠷᠠᠭᠤᠨ ᠬᠥᠲᠥᠯ ᠳᠤ ᠪᠠᠶᠢᠷᠢᠯᠠᠳᠠᠭ᠃ ᠬᠤᠲᠠ ᠶᠢᠨ ᠬᠡᠪᠴᠢᠶ᠎ᠡ ᠨᠢ ᠶᠡᠭᠡ ᠬᠢᠩᠭᠠᠨ ᠳᠠᠪᠠᠭ᠎ᠠ ᠶᠢᠨ ᠭᠤᠣᠯ ᠨᠢᠷᠤᠭᠤ ᠶᠢ ᠳᠠᠭᠠᠵᠤ ᠡᠮᠦᠨᠡᠰᠢ ᠤᠮᠠᠷᠠᠰᠢ ᠲᠠᠷᠬᠠᠵᠤ᠂ ᠵᠡᠭᠦᠨᠰᠢ ᠨᠤᠨ ᠮᠥᠷᠡᠨ ᠤ ᠰᠠᠪᠠ ᠭᠠᠵᠠᠷ ᠲᠠᠢ ᠵᠠᠯᠭᠠᠯᠳᠤᠵᠤ᠂ ᠠᠷᠤᠨ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ ᠲᠠᠢ ᠵᠠᠬ᠎ᠠ ᠨᠡᠶᠢᠯᠡᠵᠦ᠂ ᠡᠮᠦᠨ᠎ᠡ ᠲᠠᠯ᠎ᠠ ᠪᠠᠷ ᠢᠶᠠᠨ ᠵᠠᠯᠠᠨ ᠠᠶᠢᠯ ᠬᠤᠲᠠ ᠲᠠᠢ ᠵᠠᠯᠭᠠᠯᠳᠤᠵᠤ᠂ ᠪᠠᠷᠠᠭᠤᠨ ᠲᠠᠯ᠎ᠠ ᠪᠠᠷ ᠢᠶᠠᠨ ᠡᠷᠭᠦᠨ᠎ᠡ ᠬᠤᠲᠠ᠂ ᠬᠠᠭᠤᠴᠢᠨ ᠪᠠᠷᠭᠤ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠲᠠᠢ ᠬᠥᠷᠰᠢᠯᠡᠵᠦ᠂ ᠬᠤᠶᠢᠲᠤ ᠲᠠᠯ᠎ᠠ ᠪᠠᠷ ᠢᠶᠠᠨ ᠭᠡᠭᠡᠨ ᠭᠤᠣᠯ ᠬᠤᠲᠠ ᠲᠠᠢ ᠵᠠᠯᠭᠠᠯᠳᠤᠵᠤ ᠪᠠᠶᠢᠨ᠎ᠠ᠃ ᠡᠮᠦᠨᠡᠰᠢ ᠤᠮᠠᠷᠠᠰᠢ ᠶᠢᠨ ᠣᠷᠳᠣ ᠨᠢ 352 ᠺᠢᠯᠣᠮᠧᠳ᠋ᠷ᠂ ᠵᠡᠭᠦᠨᠰᠢ ᠪᠠᠷᠠᠭᠤᠨᠰᠢ ᠶᠢᠨ ᠥᠷᠭᠡᠨ ᠨᠢ 147 ᠺᠢᠯᠣᠮᠧᠳ᠋ᠷ ᠂ ᠶᠡᠷᠦᠩᠬᠡᠶ ᠲᠠᠯᠠᠪᠠᠶ ᠨᠢ 27590 ᠲᠡᠭᠰᠢ ᠳᠥᠷᠪᠡᠯᠵᠢᠨ ᠺᠢᠯᠣᠮᠧᠳ᠋ᠷ ᠪᠣᠯᠤᠨ᠎ᠠ᠃ ᠬᠥᠯᠥᠨ ᠪᠤᠶᠢᠷ ᠬᠤᠲᠠ ᠶᠢᠨ ᠶᠡᠷᠦᠩᠬᠡᠶ ᠲᠠᠯᠠᠪᠠᠶ ᠶᠢᠨ 10.91% ᠶᠢ ᠡᠵᠡᠯᠡᠨ᠎ᠡ᠃ ᠡᠭᠦᠨ ᠳᠤ ᠰᠢᠭᠤᠶᠢᠳᠤ ᠭᠠᠵᠠᠷ ᠤᠨ ᠲᠠᠯᠠᠪᠠᠶ 201.7 ᠲᠦᠮᠡᠨ ᠾᠧᠺᠲ᠋ᠠᠷ᠂ ᠤᠰᠤᠨ ᠣᠷᠣᠨ ᠤ ᠲᠠᠯᠠᠪᠠᠶ 720 ᠲᠡᠭᠰᠢ ᠳᠥᠷᠪᠡᠯᠵᠢᠨ ᠺᠢᠯᠣᠮᠧᠳ᠋ᠷ᠂ ᠪᠡᠯᠴᠢᠭᠡᠷ ᠤᠨ ᠲᠠᠯᠠᠪᠠᠶ 20.49 ᠲᠦᠮᠡᠨ ᠾᠧᠺᠲ᠋ᠠᠷ᠂ ᠲᠠᠷᠢᠶᠠᠨ ᠭᠠᠵᠠᠷ ᠤᠨ ᠲᠠᠯᠠᠪᠠᠶ 237 ᠲᠦᠮᠡᠨ ᠮᠥ ᠪᠠᠶᠢᠨ᠎ᠠ᠃    ᠬᠤᠲᠠ ᠶᠢᠨ ᠲᠣᠭᠤᠷᠢᠭ ︵ᠮᠦᠶᠦᠸᠠᠨ ᠪᠠᠯᠭᠠᠰᠤ ᠶᠢ ᠪᠠᠭᠲᠠᠭᠠᠨ᠎ᠠ︶ ᠤᠨ ᠪᠠᠶᠢᠭᠤᠯᠤᠭᠰᠠᠨ ᠲᠣᠭᠤᠷᠢᠭ ᠤᠨ ᠲᠠᠯᠠᠪᠠᠶ ᠨᠢ ᠨᠡᠶᠢᠲᠡ 28.2 ᠲᠡᠭᠰᠢ ᠳᠥᠷᠪᠡᠯᠵᠢᠨ ᠺᠢᠯᠣᠮᠧᠳ᠋ᠷ ᠪᠠᠶᠢᠨ᠎ᠠ᠂ ᠡᠭᠦᠨ ᠳᠤ ᠣᠷᠣᠨ ᠰᠠᠭᠤᠴᠠ ᠳᠤ ᠬᠡᠷᠡᠭᠯᠡᠬᠦ ᠭᠠᠵᠠᠷ 7.03 ᠲᠡᠭᠰᠢ ᠳᠥᠷᠪᠡᠯᠵᠢᠨ ᠺᠢᠯᠣᠮᠧᠳ᠋ᠷ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠲᠠᠯᠠᠪᠠᠶ 1273.5 ᠲᠦᠮᠡᠨ ᠲᠡᠭᠰᠢ ᠳᠥᠷᠪᠡᠯᠵᠢᠨ ᠮᠧᠳ᠋ᠷ ᠪᠠᠶᠢᠨ᠎ᠠ᠃ ᠬᠤᠲᠠ ᠶᠢᠨ ᠲᠣᠭᠤᠷᠢᠭ ᠤᠨ ᠵᠠᠮ ᠤᠨ ᠣᠷᠳᠣ ᠨᠢ 112.9 ᠺᠢᠯᠣᠮᠧᠳ᠋ᠷ᠂ ᠵᠠᠮ ᠤᠨ ᠲᠠᠯᠠᠪᠠᠶ ᠨᠢ 360 ᠲᠦᠮᠡᠨ ᠲᠡᠭᠰᠢ ᠳᠥᠷᠪᠡᠯᠵᠢᠨ ᠮᠧᠳ᠋ᠷ᠂ ᠬᠥᠮᠦᠨ ᠳᠤᠮᠳᠠᠴᠢ ᠶᠢᠨ ᠵᠠᠮ ᠤᠨ ᠲᠠᠯᠠᠪᠠᠶ ᠨᠢ 27.07 ᠲᠡᠭᠰᠢ ᠳᠥᠷᠪᠡᠯᠵᠢᠨ ᠮᠧᠳ᠋ᠷ ᠪᠠᠶᠢᠨ᠎ᠠ᠃ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ ᠨᠢ 1096.21 ᠾᠧᠺᠲ᠋ᠠᠷ ᠪᠠᠶᠢᠵᠤ᠂ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠭᠰᠠᠨ ᠭᠠᠵᠠᠷ ᠤᠨ ᠨᠣᠷᠮ᠎ᠠ ᠨᠢ 38.87% ᠪᠣᠯᠤᠨ᠎ᠠ᠃ ᠪᠠᠶᠢᠭᠤᠯᠤᠭᠰᠠᠨ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ ᠨᠢ 252.50 ᠾᠧᠺᠲ᠋ᠠᠷ ᠪᠠᠶᠢᠵᠤ᠂ ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠶ ᠨᠢ 18.98 ᠲᠡᠭᠰᠢ ᠳᠥᠷᠪᠡᠯᠵᠢᠨ ᠮᠧᠳ᠋ᠷ ᠪᠣᠯᠤᠨ᠎ᠠ᠃ ᠬᠤᠲᠠ ᠶᠢᠨ ᠲᠣᠭᠤᠷᠢᠭ ᠤᠨ ᠤᠰᠤ ᠬᠡᠷᠡᠭᠯᠡᠬᠦ ᠬᠥᠮᠦᠨ ᠠᠮᠠ 13.17 ᠲᠦᠮᠡ ᠪᠠᠶᠢᠵᠤ᠂ ᠤᠰᠤ ᠬᠠᠩᠭᠠᠬᠤ ᠲᠦᠭᠡᠮᠡᠯᠵᠢᠭᠰᠡᠨ ᠨᠣᠷᠮ᠎ᠠ 99.02% ᠪᠣᠯᠪᠠ︔ ᠬᠤᠳᠠ ᠶᠢᠨ ᠲᠣᠭᠤᠷᠢᠭ ᠤᠨ ᠰᠢᠲᠠᠮᠠᠬᠠᠢ ᠬᠡᠢ ᠬᠡᠷᠡᠭᠯᠡᠬᠦ ᠬᠥᠮᠦᠨ ᠠᠮᠠ 12.90 ᠲᠦᠮᠡ ᠳᠤ ᠬᠦᠷᠴᠦ᠂ ᠰᠢᠲᠠᠮᠠᠬᠠᠢ ᠬᠡᠢ ᠶᠢᠨ ᠲᠦᠭᠡᠮᠡᠯᠵᠢᠭᠰᠡᠨ ᠨᠤᠷᠮ᠎ᠠ 97% ᠳᠤ ᠬᠦᠷᠴᠡᠢ︔ ᠬᠤᠲᠠ ᠶᠢᠨ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠭᠰᠡᠨ ᠨᠣᠷᠮ᠎ᠠ 96. 78% ᠳᠤ ᠬᠦᠷᠴᠡᠢ︔ ᠠᠮᠢᠳᠤᠷᠠᠯ ᠤᠨ ᠬᠤᠭ ᠨᠣᠪᠰᠢ ᠶᠢ ᠬᠤᠤᠷ ᠦᠭᠡᠶᠢᠵᠢᠭᠦᠯᠦᠨ ᠰᠢᠢᠳᠪᠦᠷᠢᠯᠡᠬᠦ ᠨᠣᠷᠮ᠎ᠠ 100% ᠳᠤ ᠬᠦᠷᠴᠡᠢ᠃    ᠬᠤᠲᠠ ᠶᠢᠨ ᠬᠡᠪᠴᠢᠶᠡᠨ ᠤ ᠲᠠᠯᠠᠪᠠᠶ ᠨᠢ 27590 ᠲᠡᠭᠰᠢ ᠳᠥᠷᠪᠡᠯᠵᠢᠨ ᠺᠢᠯᠣᠮᠧᠳ᠋ᠷ ᠪᠠᠶᠢᠨ᠎ᠠ᠂ 6 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 10 ᠪᠠᠯᠭᠠᠰᠤ᠂ 47 ᠰᠠᠭᠤᠭᠠᠯᠢ ᠠᠷᠠᠳ ᠤᠨ ᠵᠥᠪᠯᠡᠯ᠂ 14 ᠭᠠᠴᠠᠭᠠᠨ ᠤ ᠠᠷᠠᠳ ᠤᠨ ᠵᠥᠪᠯᠡᠯ ᠪᠤᠶ᠃ ᠡᠮᠦᠨ᠎ᠡ ᠲᠠᠯ᠎ᠠ ᠪᠠᠷ ᠨᠢ ᠮᠡᠨᠳᠤ ᠭᠤᠤᠯ ᠪᠠᠯᠭᠠᠰᠤ᠂ ᠤᠨᠢᠶᠠᠷ ᠪᠠᠯᠭᠠᠰᠤ᠂ ᠪᠤᠭᠳᠤ ᠪᠠᠯᠭᠠᠰᠤ᠂ ᠴᠤᠤ ᠾᠧ ᠶᠤᠸᠠᠨ ᠪᠠᠯᠭᠠᠰᠤ᠂ ᠲᠠᠷᠴᠢ ᠪᠠᠯᠭᠠᠰᠤ ᠵᠡᠷᠭᠡ 5 ᠪᠠᠯᠭᠠᠰᠤ ᠲᠠᠷᠬᠠᠵᠤ᠂ ᠬᠤᠶᠢᠲᠤ ᠲᠠᠯ᠎ᠠ ᠪᠠᠷ ᠨᠢ ᠮᠦᠶᠤᠸᠠᠨ ᠪᠠᠯᠭᠠᠰᠤ ᠂ ᠦᠷᠴᠢᠬᠠᠨ ᠪᠠᠯᠭᠠᠰᠤ᠂ ᠬᠦᠳᠡᠷᠢ ᠪᠠᠯᠭᠠᠰᠤ᠂ ᠲᠤᠯᠢ ᠭᠤᠣᠯ ᠪᠠᠯᠭᠠᠰᠤ᠂ ᠶᠡᠭᠡ ᠲᠤᠯᠢ ᠭᠤᠣᠯ ᠪᠠᠯᠭᠠᠰᠤ ᠵᠡᠷᠭᠡ 5 ᠪᠠᠯᠭᠠᠰᠤ ᠲᠠᠷᠬᠠᠵᠤ ᠪᠠᠶᠢᠨ᠎ᠠ᠃ ᠬᠤᠲᠠ ᠶᠢᠨ ᠲᠣᠭᠤᠷᠢᠭ ᠲᠤ ᠱᠧᠩᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠩᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠨᠬᠦ᠋ᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠶᠥᠩᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠢᠶᠠᠨᠱᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠤᠸᠠᠨᠴᠢᠤᠸᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ 6 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠶ᠃    ᠪᠥᠬᠦ ᠬᠤᠲᠠ ᠶᠢᠨ ᠡᠷᠦᠬᠡ ᠠᠮᠠ ᠶᠢᠨ ᠲᠠᠩᠰᠠ ᠶᠢᠨ ᠶᠡᠷᠦᠩᠬᠡᠶ ᠬᠥᠮᠦᠨ ᠠᠮᠠ 297940 ᠪᠠᠶᠢᠨ᠎ᠠ᠂ ᠳᠡᠭᠡᠷ᠎ᠡ ᠵᠢᠯ ᠤᠨ ᠬᠢ ᠠᠴᠠ 6080 ᠬᠠᠰᠤᠭᠳᠠᠵᠠᠢ᠂ 2.0% ᠪᠠᠭᠤᠷᠠᠪᠠ᠃ ᠶᠡᠷᠦᠩᠬᠡᠶ ᠡᠷᠦᠬᠡ ᠶᠢᠨ ᠲᠤᠭ᠎ᠠ 135360 ᠡᠷᠦᠬᠡ ᠪᠠᠶᠢᠨ᠎ᠠ᠂ ᠳᠡᠭᠡᠷ᠎ᠡ ᠵᠢᠯ ᠤᠨ ᠬᠢ ᠠᠴᠠ 631 ᠡᠷᠦᠬᠡ ᠬᠠᠰᠤᠭᠳᠠᠵᠠᠢ᠂ 0.5% ᠪᠠᠷ ᠪᠠᠭᠤᠷᠠᠪᠠ᠃ ᠪᠦᠬᠦ ᠬᠥᠮᠦᠨ ᠠᠮᠠ ᠶᠢᠨ ᠳᠣᠲᠣᠷ᠎ᠠ ᠬᠤᠲᠠ ᠪᠠᠯᠭᠠᠰᠤᠨ ᠤ ᠬᠥᠮᠦᠨ ᠠᠮᠠ 270607 ᠬᠥᠮᠦᠨ᠂ ᠬᠥᠳᠡᠭᠡ ᠲᠣᠰᠬᠤᠨ ᠤ ᠬᠥᠮᠦᠨ ᠠᠮᠠ 27333 ᠬᠥᠮᠦᠨ ᠪᠠᠶᠢᠨ᠎ᠠ᠂ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 90.8% ᠳᠤ ᠬᠦᠷᠴᠡᠶ ᡽︔ ᠬᠤᠲᠠ ᠶᠢᠨ ᠲᠣᠭᠤᠷᠢᠭ ᠤᠨ ᠶᠡᠷᠦᠩᠬᠡᠶ ᠬᠥᠮᠦᠨ ᠠᠮᠠ 129057 ᠬᠥᠮᠦᠨ ︵ᠮᠦᠶᠦᠸᠠᠨ ᠪᠠᠯᠭᠠᠰᠤ ᠪᠠᠭᠲᠠᠬᠤ ᠥᠬᠡᠶ︶᠂ ᠰᠢᠶᠠᠩ ᠪᠠᠯᠭᠠᠰᠤᠨ ᠤ ᠶᠡᠷᠦᠩᠬᠡᠶ ᠬᠥᠮᠦᠨ ᠠᠮᠠ 168883 ᠬᠥᠮᠦᠨ ᠪᠠᠶᠢᠨ᠎ᠠ᠃ ᠶᠡᠷᠦᠩᠬᠡᠶ ᠬᠥᠮᠦᠨ ᠠᠮᠠ ᠶᠢᠨ ᠳᠣᠲᠣᠷ᠎ᠠ ᠡᠷᠡᠭᠲᠡᠶ 148397 ᠬᠥᠮᠦᠨ᠂ ᠡᠮᠡᠭᠲᠡᠶ 149543 ᠬᠥᠮᠦᠨ ᠪᠠᠶᠢᠨ᠎ᠠ᠂ ᠬᠦᠢᠰᠦ ᠶᠢᠨ ᠬᠠᠷᠢᠴᠠᠯ ᠨᠢ 99.2 ︵ᠡᠮᠡᠭᠲᠡᠶ ᠨᠢ 100︶ ᠪᠣᠯᠤᠨ᠎ᠠ᠃    ᠪᠦᠬᠦ ᠬᠥᠮᠦᠨ ᠠᠮᠠ ᠶᠢᠨ ᠳᠣᠲᠣᠷ᠎ᠠ 33 ᠦᠨᠳᠦᠰᠦᠲᠡᠨ ᠪᠠᠭᠲᠠᠵᠤ ᠪᠠᠶᠢᠨ᠎ᠠ᠂ ᠡᠭᠦᠨ ᠤ ᠳᠣᠲᠣᠷ᠎ᠠ ᠬᠢᠲᠠᠳ ᠦᠨᠳᠦᠰᠦᠲᠡᠨ ᠤ ᠬᠥᠮᠦᠨ ᠠᠮᠠ 262174 ᠬᠥᠮᠦᠨ᠂ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ 35766 ᠬᠥᠮᠦᠨ ᠪᠠᠶᠢᠨ᠎ᠠ᠃ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠶᠢᠨ ᠳᠣᠲᠣᠷ᠎ᠠ ᠮᠣᠩᠭᠤᠯ ᠦᠨᠳᠦᠰᠦᠲᠡᠨ 16425 ᠬᠥᠮᠦᠨ᠂ ᠮᠠᠨᠵᠤ ᠦᠨᠳᠦᠰᠦᠲᠡᠨ 8603 ᠬᠥᠮᠦᠨ᠂ ᠬᠤᠲᠣᠩ ᠦᠨᠳᠦᠰᠦᠲᠡᠨ 5036 ᠬᠥᠮᠦᠨ᠂ ᠳᠠᠭᠤᠷ ᠦᠨᠳᠦᠰᠦᠲᠡᠨ 3387 ᠬᠥᠮᠦᠨ᠂ ᠰᠣᠯᠣᠩᠭᠤᠰ ᠦᠨᠳᠦᠰᠦᠲᠡᠨ 918 ᠬᠥᠮᠦᠨ᠂ ᠤᠷᠤᠰ ᠦᠨᠳᠦᠰᠦᠲᠡᠨ 549 ᠬᠥᠮᠦᠨ᠂ ᠡᠸᠡᠩᠬᠢ ᠦᠨᠳᠦᠰᠦᠲᠡᠨ 424 ᠬᠥᠮᠦᠨ᠂ ᠣᠷᠴᠣᠨ ᠦᠨᠳᠦᠰᠦᠲᠡᠨ 79 ᠬᠥᠮᠦᠨ᠂ ᠪᠤᠰᠤᠳ ᠴᠥᠭᠡᠨ ᠲᠣᠭᠠᠲᠤ ᠦᠨᠳᠦᠰᠦᠲᠡᠨ 345 ᠬᠥᠮᠦᠨ ᠪᠤᠢ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ