ᠶᠠᠭᠰᠢ ᠬᠤᠲᠠ ᠶᠢᠨ ᠳᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/12/23
    ᠶᠠᠭᠰᠢ ᠬᠤᠲᠠ ᠪᠣᠯ ᠬᠥᠯᠥᠨ ᠪᠤᠶᠢᠷ ᠤᠨ ᠬᠠᠷᠢᠶᠠᠨ ᠳᠠᠬᠢ ᠰᠢᠶᠠᠨ ᠤ ᠲᠠᠰ ᠤᠨ ᠬᠤᠲᠠ ᠪᠣᠯᠤᠨ᠎ᠠ᠃    ᠡᠭᠦᠨ ᠳᠤ 6 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 10 ᠪᠠᠯᠭᠠᠰᠤ᠂ 47 ᠰᠠᠭᠤᠭᠠᠯᠢ ᠠᠷᠠᠳ ᠤᠨ ᠵᠥᠪᠯᠡᠯ᠂ 14 ᠭᠠᠴᠠᠭᠠᠨ ᠤ ᠠᠷᠠᠳ ᠤᠨ ᠵᠥᠪᠯᠡᠯ ᠪᠤᠶ᠃    ᠡᠮᠦᠨ᠎ᠡ ᠲᠠᠯ᠎ᠠ ᠪᠠᠷ ᠨᠢ ᠮᠡᠨᠳᠤ ᠭᠤᠤᠯ ᠪᠠᠯᠭᠠᠰᠤ᠂ ᠤᠨᠢᠶᠠᠷ ᠪᠠᠯᠭᠠᠰᠤ᠂ ᠪᠤᠭᠳᠤ ᠪᠠᠯᠭᠠᠰᠤ᠂ ᠴᠤᠤ ᠾᠧ ᠶᠤᠸᠠᠨ ᠪᠠᠯᠭᠠᠰᠤ᠂ ᠲᠠᠷᠴᠢ ᠪᠠᠯᠭᠠᠰᠤ ᠵᠡᠷᠭᠡ 5 ᠪᠠᠯᠭᠠᠰᠤ ᠲᠠᠷᠬᠠᠵᠤ᠂ ᠬᠤᠶᠢᠲᠤ ᠲᠠᠯ᠎ᠠ ᠪᠠᠷ ᠨᠢ ᠮᠦᠶᠤᠸᠠᠨ ᠪᠠᠯᠭᠠᠰᠤ᠂ ᠦᠷᠴᠢᠬᠠᠨ ᠪᠠᠯᠭᠠᠰᠤ᠂ ᠬᠦᠳᠡᠷᠢ ᠪᠠᠯᠭᠠᠰᠤ᠂ ᠲᠤᠯᠢ ᠭᠤᠣᠯ ᠪᠠᠯᠭᠠᠰᠤ᠂ ᠶᠡᠭᠡ ᠲᠤᠯᠢ ᠭᠤᠣᠯ ᠪᠠᠯᠭᠠᠰᠤ ᠵᠡᠷᠭᠡ 5 ᠪᠠᠯᠭᠠᠰᠤ ᠲᠠᠷᠬᠠᠵᠤ ᠪᠠᠶᠢᠨ᠎ᠠ᠃    ᠬᠤᠲᠠ ᠶᠢᠨ ᠲᠣᠭᠤᠷᠢᠭ ᠲᠤ ᠱᠧᠩᠯᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠩᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠢᠨᠬᠦ᠋ᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠶᠥᠩᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠢᠶᠠᠨᠱᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠤᠸᠠᠨᠴᠢᠤᠸᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ 6 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠶ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ