ᠠᠷᠤᠨ ᠬᠤᠰᠢᠭᠤᠨ ᠤ 2024 ᠣᠨ ᠤ 1 - 11 ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠪᠠ
ᠨᠡᠶᠢᠲᠡᠯᠡᠭᠰᠡᠨ ᠴᠠᠭ᠄
2024/12/25
    ᠡᠨᠡ ᠵᠢᠯ ᠠᠴᠠ ᠨᠠᠭᠠᠰᠢ᠂ ᠠᠷᠤᠨ ᠬᠤᠰᠢᠭᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠬᠡᠷᠡᠭᠯᠡᠭᠡ ᠶᠢ ᠠᠬᠢᠭᠤᠯᠬᠤ᠂ ᠪᠠᠯᠠ ᠣᠷᠣᠭᠤᠯᠤᠯᠲᠠ ᠶᠢ ᠥᠷᠭᠡᠳᠬᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ 1-11 ᠰᠠᠷ᠎ᠠ ᠳᠤ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠪᠠ᠃    ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠷᠭᠦᠯᠵᠢᠯᠡᠨ ᠬᠤᠷᠳᠤᠨ ᠪᠣᠯᠪᠠ᠃ 1 - 11 ᠰᠠᠷ᠎ᠠ ᠳᠤ᠂ ᠠᠷᠤᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20 . 3 % ᠪᠠᠷ ᠨᠡᠮᠡᠭᠳᠡᠵᠦ᠂ ᠲᠠᠪᠤᠨ ᠰᠠᠷ᠎ᠠ ᠳᠠᠷᠠᠭᠠᠯᠠᠨ ᠬᠠᠷᠢᠴᠠᠭᠤᠯᠤᠭᠰᠠᠨ ᠨᠡᠮᠡᠭᠳᠡᠯ ᠤᠨ ᠬᠤᠷᠳᠤᠴᠠ ᠪᠠᠨ ᠦᠷᠭᠦᠯᠵᠢᠯᠡᠨ ᠳᠡᠭᠡᠭᠰᠢᠯᠡᠭᠦᠯᠪᠡ᠃ ᠭᠤᠷᠪᠠᠨ ᠶᠡᠭᠡ ᠲᠥᠷᠥᠯ ᠠᠴᠠ ᠦᠵᠡᠪᠡᠯ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 190 . 8 % ᠪᠠᠷ ᠨᠡᠮᠡᠭᠳᠡᠵᠦ᠂ ᠦᠢᠯᠡᠳᠬᠦ ᠦᠢᠯᠡᠰ 14 . 5 % ᠪᠠᠷ ᠨᠡᠮᠡᠭᠳᠡᠵᠦ᠂ ᠠᠭᠤᠷᠬᠠᠶ ᠮᠠᠯᠲᠠᠬᠤ ᠦᠢᠯᠡᠰ 13 . 4 % ᠪᠠᠷ ᠨᠡᠮᠡᠭᠳᠡᠪᠡ᠃ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠠᠴᠠ ᠦᠵᠡᠪᠡᠯ᠂ ᠴᠤᠬᠤᠢ᠂ ᠲᠤᠲᠤᠷᠭ᠎ᠠ᠂ ᠬᠢᠮᠢ ᠶᠢᠨ ᠤᠷᠪᠠᠯᠵᠢ ᠪᠠ ᠰᠢᠨ᠎ᠡ ᠰᠣᠷᠭᠤᠭ᠂ ᠬᠦᠢᠳᠡᠨ ᠢᠶᠠᠷ ᠬᠠᠳᠠᠭᠠᠯᠠᠬᠤ ᠮᠢᠬ᠎ᠠ ᠲᠤᠰ ᠲᠤᠰ 51 . 7 %᠂ 49 . 5 %᠂ 62 . 3 % ᠪᠠ 40 % ᠪᠠᠷ ᠨᠡᠮᠡᠭᠳᠡᠪᠡ᠃    ᠬᠤᠶᠠᠷ᠂ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠠᠯᠲᠠ ᠲᠣᠭᠲᠠᠭᠤᠨ ᠦᠰᠦᠪᠡ᠃ 1 - 11 ᠰᠠᠷ᠎ᠠ ᠳᠤ᠂ ᠠᠷᠤᠨ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 43 . 50 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9 . 4 % ᠪᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 6 . 8 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ ᠬᠤᠲᠠ ᠶᠢᠨ ᠱᠠᠲᠤᠨ ᠤ ᠭᠤᠤᠯᠳᠠᠯᠭ᠎ᠠ ᠲᠠᠢ ᠲᠥᠷᠥᠯ ᠵᠦᠢᠯ ᠢ 39 . 52 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠤᠰᠢᠭᠤᠨ ᠤ ᠱᠠᠲᠤᠨ ᠤ ᠭᠤᠤᠯᠳᠠᠯᠭ᠎ᠠ ᠲᠠᠢ ᠲᠥᠷᠥᠯ ᠵᠦᠢᠯ ᠢ 0 . 55 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠤᠰᠤᠳ ᠲᠥᠷᠥᠯ ᠵᠦᠢᠯ ᠢ 3 . 43 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢ 28 . 60 ᠳ᠋ᠦᠩᠰᠢᠭᠤᠷ ᠲᠥᠭᠦᠷᠢᠭ ᠪᠡᠶᠡᠯᠡᠭᠦᠯᠵᠦ᠂ 37 . 1 % ᠪᠠᠷ ᠨᠡᠮᠡᠭᠳᠡᠪᠡ᠃    ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠤ ᠳᠤᠮᠳᠠ ᠳᠡᠭᠡᠭᠰᠢᠯᠡᠪᠡ᠃ 1-11 ᠰᠠᠷ᠎ᠠ ᠳᠤ᠂ ᠠᠷᠤᠨ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 20 . 97 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 . 2 % ᠢᠶᠠᠷ ᠨᠡᠮᠡᠭᠳᠡᠵᠦ᠂ ᠳᠡᠭᠡᠷ᠎ᠡ ᠰᠠᠷ᠎ᠠ ᠶᠢᠨ ᠬᠢ ᠠᠴᠠ 0 . 3 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠲᠥᠷᠥᠯ ᠤᠨ ᠥᠷᠲᠡᠭ ᠠᠴᠠ ᠦᠵᠡᠪᠡᠯ᠂ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠨᠡᠯᠢᠶᠡᠳ ᠰᠠᠶᠢᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 64 . 6 % ᠨᠡᠮᠡᠭᠳᠡᠵᠦ᠂ ᠲᠠᠰ ᠳᠡᠪᠰᠢᠭᠰᠡᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠲᠦᠷᠭᠡᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ 262 . 4 % ᠨᠡᠮᠡᠭᠳᠡᠪᠡ᠃    ᠳᠥᠷᠪᠡ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠵᠢᠯᠯᠠᠭᠠᠨ ᠲᠣᠭᠲᠠᠭᠤᠨ ᠪᠠᠢᠨ᠎ᠠ᠃ 1-11 ᠰᠠᠷ᠎ᠠ ᠳᠤ᠂ ᠠᠷᠤᠨ ᠬᠤᠰᠢᠭᠤᠨ ᠤ ᠡᠳ᠋ ᠤᠨ ᠵᠠᠰᠠᠭ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3 . 55 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4 . 7 % ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 48 . 31 ᠳ᠋ᠦᠩᠰᠢᠭᠤᠷ ᠲᠥᠭᠦᠷᠢᠭ ᠲᠣᠬᠢᠷᠠᠭᠤᠯᠵᠤ᠂ 0 . 1 % ᠪᠠᠷ᠎ᠠ ᠨᠡᠮᠡᠭᠳᠡᠪᠡ᠃ 11 ᠳ᠋ᠦ᠋ᠭᠡᠷ ᠰᠠᠷ᠎ᠠ ᠶᠢᠨ ᠰᠡᠭᠦᠯᠴᠢ ᠪᠠᠷ᠂ ᠪᠥᠬᠦ ᠬᠤᠰᠢᠭᠤᠨ ᠤ ᠪᠠᠩᠬᠢ ᠶᠢᠨ ᠬᠠᠳᠠᠭᠠᠯᠠᠮᠵᠢ ᠶᠢᠨ ᠦᠯᠡᠳᠡᠪᠦᠷᠢ 184 . 88 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6 . 7 % ᠪᠠᠷ ᠨᠡᠮᠡᠭᠳᠡᠪᠡ᠂ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠦᠯᠡᠳᠡᠪᠦᠷᠢ 166 . 32 ᠳ᠋ᠦᠩᠰᠢᠭᠤᠷ ᠲᠥᠭᠦᠷᠢᠭ ᠲᠤ ᠬᠦᠷᠴᠦ᠂ 11 . 4 % ᠪᠠᠷ ᠨᠡᠮᠡᠭᠳᠡᠪᠡ︔ ᠪᠠᠩᠬᠢ ᠶᠢᠨ ᠵᠢᠭᠡᠯᠡᠯᠭᠡ ᠶᠢᠨ ᠦᠯᠡᠳᠡᠪᠦᠷᠢ 129 . 06 ᠳ᠋ᠦᠩᠰᠢᠭᠤᠷ ᠲᠥᠭᠦᠷᠢᠭ ᠲᠤ ᠬᠦᠷᠴᠦ᠂ 18 . 3 % ᠪᠠᠷ ᠨᠡᠮᠡᠭᠳᠡᠪᠡ︔ ᠬᠠᠳᠠᠭᠠᠯᠠᠮᠵᠢ ᠵᠢᠭᠡᠯᠡᠯᠭᠡ ᠶᠢᠨ ᠳᠤᠮᠳᠠᠴᠢ ᠦᠯᠡᠳᠡᠪᠦᠷᠢ ᠲᠤᠭ᠎ᠠ ᠶᠢ 11 . 48 % ᠪᠠᠷ ᠨᠡᠮᠡᠭᠳᠡᠪᠡ᠃    ᠶᠡᠷᠦᠩᠬᠡᠶ ᠳᠤᠨᠢ ᠠᠪᠴᠤ ᠦᠵᠡᠪᠡᠯ᠂ 1 - 11 ᠰᠠᠷ᠎ᠠ ᠳᠤ᠂ ᠪᠥᠬᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ ᠰᠠᠶᠢᠵᠢᠷᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠠᠰᠤᠷᠠᠯᠲᠠ ᠥᠬᠡᠶ ᠲᠦᠷᠭᠡᠳᠴᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠦᠷᠭᠦᠯᠵᠢᠯᠡᠨ ᠥᠷᠭᠡᠳᠴᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠵᠢᠯᠯᠠᠭᠠᠨ ᠬᠥᠭᠵᠢᠶᠡᠨᠲᠡᠶ ᠪᠣᠯᠪᠠ᠃ ᠲᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠩ ᠥᠨᠳᠥᠷ ᠱᠠᠭᠠᠷᠳᠠᠯᠭ᠎ᠠ᠂ ᠨᠠᠩ ᠶᠡᠭᠡ ᠡᠷᠴᠢᠮ ᠢᠶᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠶ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ