ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ | ᠲᠦᠷᠦᠭᠦᠦ ᠭᠤᠷᠪᠠᠨ ᠤᠯᠠᠷᠢᠯ ᠳᠤ᠂ ᠮᠠᠨ ᠤ ᠬᠤᠰᠢᠭᠤ 607774 ᠲᠦᠮᠡᠨ ᠲᠥᠭᠦᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4 . 5 % ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 96301 | ᠲᠦᠮᠡᠨ ᠲᠥᠭᠦᠷᠢᠭ ᠲᠤ ᠬᠦᠷᠴᠦ᠂ 5 . 9 % ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠳᠡᠭ 168689 ᠲᠦᠮᠡᠨ ᠲᠥᠭᠦᠷᠢᠭ ᠲᠤ | ᠬᠦᠷᠴᠦ᠂ 7 . 2 % ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠳᠡᠭ 342784 ᠲᠦᠮᠡᠨ ᠲᠥᠭᠦᠷᠢᠭ ᠲᠤ ᠬᠦᠷᠴᠦ᠂ 3 . 1 | % ᠪᠠᠷ ᠨᠡᠮᠡᠭᠳᠡᠪᠡ᠃ | 1-11 ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 20 . 3 % ᠪᠠᠷ ᠨᠡᠮᠡᠭᠳᠡᠪᠡ᠃ | ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 209732 ᠲᠦᠮᠡᠨ ᠲᠥᠭᠦᠷᠢᠭ᠂ ᠠᠳᠠᠯᠢ | ᠬᠤᠭᠤᠴᠠᠭᠠᠨ ᠤ ᠬᠢ ᠠᠴᠠ 2 . 2 % ᠪᠠᠷ ᠨᠡᠮᠡᠭᠳᠡᠪᠡ᠃ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 435013 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9 . 4 | % ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠯᠠ ᠣᠷᠣᠭᠤᠯᠤᠯᠲᠠ 384793 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 12 . 9 % ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠶᠢ 286031 ᠲᠦᠮᠡᠨ ᠲᠥᠭᠦᠷᠢᠭ ᠪᠡᠶᠡᠯᠡᠭᠦᠯᠵᠦ | ᠂ ᠠᠳᠠᠯᠢ ᠬᠤᠭᠤᠴᠠᠭᠠᠨ ᠤ ᠬᠢ ᠠᠴᠠ 37 . 1 % ᠪᠠᠷ ᠨᠡᠮᠡᠭᠳᠡᠪᠡ᠃ | ᠪᠦᠬᠦ ᠬᠤᠰᠢᠭᠤᠨ ᠤ ᠡᠳ᠋ ᠤᠨ ᠵᠠᠰᠠᠭ ᠣᠨ ᠡᠩ ᠤᠨ ᠣᠯᠠᠨ ᠨᠡᠢᠲᠡ ᠶᠢᠨ ᠲᠥᠰᠦᠪ ᠤᠨ ᠣᠷᠣᠯᠭ᠎ᠠ 35457 ᠲᠦᠮᠡᠨ ᠲᠥᠭᠦᠷᠢᠭ ᠲᠤ ᠬᠦᠷᠴᠦ᠂ ᠠᠳᠠᠯᠢ | ᠪᠠᠷᠢᠮᠵᠢᠶ᠎ᠠ ᠪᠠᠷ 4 . 7 % ᠨᠡᠮᠡᠭᠳᠡᠵᠡᠢ︔ ᠡᠩ ᠤᠨ ᠣᠯᠠᠨ ᠨᠡᠢᠲᠡ ᠶᠢᠨ ᠲᠥᠰᠦᠪ ᠤᠨ ᠵᠠᠷᠤᠯᠭ᠎ᠠ 483127 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0 . 1 % ᠪᠠᠷ ᠨᠡᠮᠡᠭᠳᠡᠪᠡ᠃ | 11 ᠳ᠋ᠦ᠋ᠭᠡᠷ ᠰᠠᠷ᠎ᠠ ᠶᠢᠨ ᠰᠡᠭᠦᠯᠴᠢ ᠪᠠᠷ᠂ ᠪᠥᠬᠦ ᠬᠤᠰᠢᠭᠤᠨ ᠤ ᠪᠠᠩᠬᠢ ᠶᠢᠨ ᠬᠠᠳᠠᠭᠠᠯᠠᠮᠵᠢ ᠶᠢᠨ ᠦᠯᠡᠳᠡᠪᠦᠷᠢ 1848827 ᠲᠦᠮᠡᠨ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 6 . 7 % ᠪᠠᠷ ᠨᠡᠮᠡᠭᠳᠡᠪᠡ᠂ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠳᠠᠭᠠᠯᠠᠮᠵᠢ ᠶᠢᠨ | ᠦᠯᠡᠳᠡᠪᠦᠷᠢ 1663208 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11 . 4 % ᠪᠠᠷ ᠨᠡᠮᠡᠭᠳᠡᠪᠡ︔ ᠪᠠᠩᠬᠢ ᠶᠢᠨ ᠵᠢᠭᠡᠯᠡᠯᠭᠡ ᠶᠢᠨ | ᠦᠯᠡᠳᠡᠪᠦᠷᠢ 1290623 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18 . 3 % ᠪᠠᠷ ᠨᠡᠮᠡᠭᠳᠡᠪᠡ᠃ | ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠳᠤ᠂ ᠪᠥᠬᠦ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25162 ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 3 . 8 | % ᠪᠠᠷ ᠨᠡᠮᠡᠭᠳᠡᠪᠡ︔ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 31616 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4 . 5 % ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 23789 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 . | 8 % ᠨᠡᠮᠡᠭᠳᠡᠪᠡ᠃ | |