ᠠᠷᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/12/26
    ᠠᠷᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠣᠯ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ ᠂ ᠰᠠᠯᠠᠭᠠᠨ ᠲᠠᠰ ᠤᠨ ᠺᠠᠳ᠋ᠷ ᠪᠣᠯᠵᠣ᠂ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠫᠠᠶᠢᠰᠠ ᠶᠢ ᠨᠡᠮᠡᠵᠦ ᠡᠯᠭᠦᠨ᠎ᠡ᠃    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠡᠳ᠋ ᠤᠨ ᠵᠠᠰᠠᠭ ᠭᠠᠶᠢᠯᠢ ᠶᠢᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠲᠥᠯᠥᠪᠵᠢᠭᠦᠯᠪᠡ ᠪᠠ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠷᠸ᠎ᠠ ᠠᠵᠤ ᠠᠬᠤᠶ ᠶᠢᠨ ᠪᠠᠶᠢᠳᠠᠯ ᠢ ᠵᠠᠳᠠᠯᠤᠨ ᠰᠢᠨᠵᠢᠯᠡᠵᠦ᠂ ᠪᠥᠬᠦ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠢᠱᠢᠭᠰᠡᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠭᠲᠠᠭᠠᠨ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠪᠠᠷ ᠬᠤᠷᠸ᠎ᠠ ᠲᠣᠬᠢᠷᠠᠭᠤᠯᠤᠯᠲᠠ ᠪᠠ ᠶᠡᠷᠦᠩᠬᠡᠶᠢᠯᠡᠭᠰᠡᠨ ᠲᠡᠩᠴᠡᠭᠦᠷᠢ ᠶᠢᠨ ᠲᠥᠰᠦᠪ ᠢ ᠬᠡᠷᠡᠭᠵᠢᠭᠦᠯᠬᠦ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠳᠤᠷᠠᠳᠤᠨ᠎ᠠ᠃ ᠡᠳ᠋ ᠤᠨ ᠵᠠᠰᠠᠭ ᠤᠨ ᠪᠠᠶᠢᠭᠤᠯᠤᠯ ᠤᠨ ᠠᠵᠢᠯᠯᠠᠭᠠᠨ ᠤ ᠪᠠᠶᠢᠳᠠᠯ ᠢ ᠰᠤᠳᠤᠯᠤᠨ ᠵᠠᠳᠠᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠨ᠎ᠠ᠃    ︵ᠬᠤᠶᠠᠷ︶ ᠬᠤᠰᠢᠭᠤᠨ ᠳᠡᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠠᠷᠢᠭᠤᠴᠠᠨ ᠬᠠᠮᠢᠶᠠᠷᠤᠨ᠎ᠠ᠃ ᠣᠨ ᠤ ᠪᠥᠬᠦ ᠬᠤᠰᠢᠭᠤᠨ ᠤ ᠲᠥᠰᠦᠪ ᠪᠠ ᠲᠥᠰᠦᠪ ᠤᠨ ᠭᠦᠢᠴᠡᠳᠭᠡᠯ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠵᠠᠰᠠᠭ ᠣᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠵᠤ ᠬᠤᠷᠢᠶᠠᠩᠭᠤᠶᠢᠯᠠᠨ ᠨᠠᠶᠢᠷᠠᠭᠤᠯᠤᠨ᠎ᠠ᠃ ᠬᠤᠰᠢᠭᠤ ᠳᠡᠰ ᠱᠠᠲᠤᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠲᠣᠭᠲᠠᠭᠰᠠᠨ ᠨᠣᠷᠮ᠎ᠠ ᠶᠢᠨ ᠵᠣᠬᠢᠶᠠᠨ ᠪᠠᠶᠢᠭᠤᠯᠤᠨ ᠲᠤᠭᠤᠷᠪᠢᠵᠤ᠂ ᠰᠠᠯᠠᠭ᠎ᠠ ᠮᠥᠴᠢᠷ ︵ᠨᠢᠭᠡᠴᠡ︶ ᠤᠨ ᠣᠨ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠬᠠᠷᠢᠭᠤᠯᠬᠤ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠦᠪ᠂ ᠭᠦᠢᠴᠡᠳᠭᠡᠬᠦ ᠪᠠ ᠲᠥᠰᠦᠪ ᠤᠨ ᠭᠦᠢᠴᠡᠳᠭᠡᠯ ᠵᠡᠷᠭᠡ ᠪᠠᠶᠢᠳᠠᠯ ᠢ ᠮᠡᠳᠡᠭᠦᠯᠦᠨ᠎ᠡ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠤᠰᠢᠭᠤᠨ ᠳᠠᠬᠢ ᠡᠳ᠋ ᠤᠨ ᠵᠠᠰᠠᠭ ᠠᠴᠠ ᠪᠠᠯᠠ ᠭᠠᠷᠭᠠᠭᠰᠠᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤᠨ ᠤ ᠲᠣᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠭᠡᠯ ᠢ ᠢᠯᠡ ᠪᠣᠯᠭᠠᠬᠤ ᠶᠢ ᠬᠠᠷᠢᠭᠤᠴᠠᠨ᠎ᠠ᠃    ︵ᠭᠤᠷᠪᠠ︶ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠬᠠᠤᠯᠢ ᠶᠣᠰᠣᠭᠠᠷ ᠲᠤᠭᠤᠷᠪᠢᠨ᠎ᠠ᠃ ᠵᠠᠰᠠᠭ ᠤᠨ ᠣᠷᠳᠤᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷᠯᠠᠭᠰᠠᠨ ᠲᠤᠭ᠎ᠠ ᠪᠠᠷ ᠬᠠᠮᠢᠶᠠᠷᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃    ︵ᠲᠥᠷᠪᠡ︶ ᠤᠯᠤᠰ ᠤᠨ ᠰᠠᠩ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠥᠭᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠤᠯᠤᠰ ᠠᠴᠠ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠤᠯᠤᠰ ᠠᠴᠠ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠂ ᠵᠠᠰᠠᠭ ᠣᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠬᠠᠮᠢᠶᠠᠷᠤᠨ᠎ᠠ᠃    ︵ᠲᠠᠪᠤ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠶᠢᠨ ᠠᠵᠢᠯ ᠢ ᠬᠠᠷᠢᠭᠤᠴᠠᠨ᠎ᠠ᠃ ᠠᠷᠤᠨ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠭᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠯᠠ ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃    ︵ᠵᠢᠷᠭᠤᠭ᠎ᠠ︶ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠬᠤᠯᠪᠣᠭᠳᠠᠯ ᠪᠥᠬᠦᠢ ᠲᠥᠷᠥ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠢᠰᠲ᠋ᠧᠮᠵᠢ ᠶᠢ ᠨᠢᠭᠡᠳᠦᠯᠲᠡᠢ ᠲᠥᠯᠥᠪᠯᠡᠨ ᠪᠠᠶᠢᠭᠤᠯᠤᠨ ᠪᠥᠷᠢᠨᠰᠢᠬᠦᠯᠥᠨ᠎ᠡ᠃    ︵ᠲᠤᠯᠤᠭ᠎ᠠ︶ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠡᠳ᠋ ᠤᠨ ᠵᠠᠰᠠᠭ ᠤᠨ ᠠᠵᠤ ᠠᠬᠤᠶ ᠶᠢᠨ ᠬᠥᠭᠵᠢᠯᠲᠡ ᠶᠢᠨ ᠵᠠᠷᠤᠯᠭ᠎ᠠ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠶ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠳ᠋ ᠤᠨ ᠵᠠᠰᠠᠭ ᠤᠨ ᠰᠠᠯᠭᠠᠨ ᠥᠭᠬᠦ ᠵᠣᠭᠤᠰ ᠢ ᠬᠠᠷᠢᠭᠤᠴᠠᠨ ᠭᠦᠢᠴᠡᠳᠭᠡᠵᠦ ᠬᠢᠨᠠᠯᠲᠠ ᠲᠠᠯᠪᠢᠨ᠎ᠠ᠃ ᠬᠤᠰᠢᠭᠤᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠬᠤ ᠳᠤ ᠣᠷᠣᠯᠴᠠᠵᠤ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃    ︵ᠨᠠᠢᠮᠠ︶ ᠵᠠᠰᠠᠭ ᠤᠨ ᠣᠷᠳᠣᠨ ᠤ ᠭᠠᠶᠢᠯᠢ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠬᠤ᠃ ᠰᠤᠭᠤᠯᠠᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃    ︵ᠶᠢᠰᠦ︶ ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠦᠨ ᠪᠠᠶᠢᠭᠤᠯᠬᠤ ᠬᠤᠯᠪᠣᠭᠳᠠᠯ ᠪᠥᠬᠦᠶ ᠠᠵᠢᠯ ᠢ ᠬᠠᠷᠢᠭᠤᠴᠠᠨ᠎ᠠ᠃    ︵ᠠᠷᠪᠠ︶ ᠵᠠᠰᠠᠭ ᠵᠠᠬᠢᠷᠭᠠᠨ ᠠᠵᠢᠯ ᠦᠢᠯᠡᠰ ᠣᠨ ᠨᠢᠭᠡᠴᠡ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠨ᠎ᠠ᠃ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠤᠷᠰᠢᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠲᠠᠭᠠᠯ ᠶᠣᠰᠣᠭᠠᠷ ᠬᠤᠰᠢᠭᠤᠨ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠢᠶᠠᠷᠤᠨ᠎ᠠ᠃    ︵ᠠᠷᠪᠠᠨ ᠨᠢᠭᠡ︶ ᠬᠤᠰᠢᠭᠤᠨ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠭᠡᠯ ᠤᠨ ᠠᠵᠢᠯ ᠢ ᠬᠠᠷᠢᠭᠤᠴᠠᠨ᠎ᠠ᠃ ᠬᠤᠰᠢᠭᠤᠨ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠭᠡᠯ ᠤᠨ ᠲᠥᠰᠦᠯ ᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ ᠬᠤᠰᠢᠭᠤᠨ ᠱᠠᠲᠤᠨ ᠤ ᠤᠯᠤᠰ ᠠᠴᠠ ᠥᠮᠴᠢᠯᠡᠯᠲᠡ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠪᠠ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠡᠯᠡ ᠭᠠᠷᠭᠠᠭᠰᠠᠨ ᠠᠵᠤ ᠠᠬᠤᠶᠢᠯᠠᠯ ᠤᠨ ᠳᠡᠭᠡᠭᠰᠢ ᠲᠤᠰᠢᠶᠠᠬᠤ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠬᠠᠷᠢᠭᠤᠴᠠᠨ᠎ᠠ᠃    ︵ᠠᠷᠪᠠᠨ ᠬᠤᠶᠠᠷ︶ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ ᠲᠦᠷᠦ ᠶᠢᠨ ᠪᠤᠳᠦᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠶᠢ ᠬᠠᠷᠢᠭᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠡ᠃ ᠳᠣᠲᠣᠭᠠᠳᠤ ᠶᠢᠨ ᠡᠵᠡᠮᠳᠡᠯ ᠢ ᠬᠢᠨᠠᠨ ᠵᠢᠯᠣᠭᠤᠳᠬᠤ ᠪᠠ ᠵᠢᠷᠤᠮᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠠ ᠰᠠᠨᠠᠭᠤᠯᠭ᠎ᠠ ᠳᠤᠷᠠᠳᠤᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃    ︵ᠠᠷᠪᠠᠨ ᠭᠤᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠳᠥᠷᠪᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃    1 . ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠣᠬᠢᠷᠠᠭᠤᠯᠭ᠎ᠠ ᠡᠵᠡᠮᠰᠢᠯ ᠤᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠥᠭᠵᠢᠯᠲᠡ ᠶᠢᠨ ᠲᠥᠯᠥᠪᠵᠢᠭᠦᠯᠭᠡ᠂ ᠡᠳ᠋ ᠤᠨ ᠵᠠᠰᠠᠭ᠂ ᠮᠥᠩᠭᠦᠨ ᠭᠦᠢᠯᠭᠡᠭᠡᠨ ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠠᠵᠤ ᠠᠬᠤᠶ ᠶᠢᠨ ᠬᠢᠨᠠᠨ ᠬᠡᠮᠵᠢᠵᠦ ᠲᠥᠰᠦᠭᠡᠯᠡᠵᠦ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠷᠠᠭᠤᠯᠤᠨ᠂ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠲᠥᠷᠥ ᠶᠢᠨ ᠪᠣᠳᠣᠯᠭ᠎ᠠ ᠶᠢᠨ ᠨᠥᠭᠡᠴᠡᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠪᠠᠷᠠᠭᠠᠯᠬᠢᠯᠠᠯ ᠤᠨ ᠴᠢᠨᠠᠷ᠂ ᠴᠢᠭᠯᠡᠭᠦᠯᠦᠯᠲᠦ ᠴᠢᠨᠠᠷ᠂ ᠬᠠᠮᠵᠢᠯᠴᠠᠬᠤ ᠴᠢᠨᠠᠷ ᠢ ᠴᠢᠩᠭᠠᠷᠠᠭᠤᠯᠤᠨ᠎ᠠ᠃    2 . ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠳᠤ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠦᠷᠭᠡᠪᠴᠢᠯᠡᠨ ᠪᠠᠶᠢᠭᠤᠯᠵᠤ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠰᠢᠯᠵᠢᠭᠦᠯᠦᠨ ᠥᠭᠬᠦ ᠲᠦᠷᠢᠮ ᠢ ᠲᠡᠭᠦᠯᠳᠡᠷᠵᠢᠭᠦᠯᠵᠦ᠂ ᠰᠢᠯᠵᠢᠭᠦᠯᠦᠨ ᠥᠭᠬᠦ ᠲᠦᠷᠦᠯ ᠠᠩᠭᠢᠯᠠᠯ ᠢ ᠰᠢᠯᠢᠳᠡᠭᠵᠢᠭᠦᠯᠦᠨ᠂ ᠰᠢᠯᠵᠢᠭᠦᠯᠦᠨ ᠥᠭᠬᠦ ᠵᠦᠢᠯᠡᠰ ᠢ ᠵᠢᠷᠤᠮᠵᠢᠭᠤᠯᠵᠤ᠂ ᠣᠷᠣᠨ ᠨᠤᠲᠤᠭ ᠤᠨ ᠨᠢᠭᠡᠳᠦᠯᠲᠡᠢ ᠲᠥᠯᠥᠪᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠲᠥᠰᠦᠪ ᠤᠨ ᠬᠤᠪᠢᠶᠠᠷᠢᠯᠠᠯᠲᠠ ᠶᠢ ᠠᠯᠬᠤᠮ ᠠᠯᠬᠤᠮ ᠢᠶᠠᠷ ᠨᠢᠭᠡᠳᠦᠯᠲᠡᠶ ᠪᠣᠯᠭᠠᠵᠤ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠪᠦᠬᠦ ᠲᠠᠯ᠎ᠠ ᠪᠠᠷ ᠵᠢᠷᠤᠮᠵᠢᠭᠰᠠᠨ ᠢᠯᠡ ᠲᠣᠳᠣ᠂ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠬᠢᠵᠠᠭᠠᠷᠯᠠᠯ ᠨᠢ ᠬᠦᠴᠦᠲᠡᠶ ᠲᠥᠰᠦᠪ ᠤᠨ ᠳᠦᠷᠢᠮ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠦᠨ᠎ᠡ᠃ ᠭᠠᠶᠢᠯᠢ ᠲᠠᠲᠠᠪᠤᠷᠢ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠭᠠᠶᠢᠯᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠢᠭᠤᠳ ᠭᠠᠶᠢᠯᠢ ᠶᠢᠨ ᠬᠤᠪᠢ ᠶᠢᠨ ᠵᠢᠩ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠭᠠᠶᠢᠯᠢ ᠶᠢᠨ ᠬᠠᠤᠯᠢ ᠨᠢᠭᠡᠳᠦᠭᠰᠡᠨ᠂ ᠭᠠᠶᠢᠯᠢ ᠶᠢᠨ ᠡᠭᠦᠷᠭᠡᠯᠡᠯ ᠡᠷᠬᠡ ᠲᠡᠭᠰᠢ᠂ ᠲᠤᠬᠢᠷᠠᠭᠤᠯᠤᠯᠳᠠ ᠨᠢ ᠭᠡᠮ ᠬᠡᠮᠵᠢᠶ᠎ᠡ ᠲᠠᠢ ᠭᠠᠶᠢᠯᠢ ᠲᠠᠲᠠᠪᠤᠷᠢ ᠶᠢᠨ ᠲᠦᠷᠢᠮ ᠤᠨ ᠰᠢᠰᠲ᠋ᠧᠮ ᠢ ᠪᠦᠷᠢᠯᠳᠦᠭᠦᠯᠦᠨ᠎ᠡ᠃    3 . ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠢᠭᠡᠯᠡᠯᠭᠡ ᠠᠪᠴᠤ ᠪᠠᠯᠠ ᠲᠣᠬᠢᠷᠠᠭᠤᠯᠬᠤ ᠲᠣᠭᠲᠠᠴᠠ ᠶᠢ ᠵᠢᠷᠤᠮᠵᠢᠭᠤᠯᠵᠤ᠂ ︽ᠪᠢᠲᠡᠭᠦᠦ ᠴᠠᠭᠠᠷᠢᠭ︾ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ ᠬᠠᠤᠯᠢ ᠪᠠᠷ ᠲᠣᠭᠲᠠᠭᠠᠭᠰᠠᠨ ᠬᠢᠵᠠᠭᠠᠷᠯᠠᠭᠰᠠᠨ ᠲᠤᠭ᠎ᠠ ᠶᠢᠨ ᠳᠣᠲᠣᠷᠠᠬᠢ ᠥᠷᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠡᠵᠡᠮᠳᠡᠵᠦ᠂ ᠳᠠᠯᠳᠠ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠡᠵᠡᠮᠳᠡᠵᠦ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃    ︵ᠠᠷᠪᠠᠨ ᠲᠠᠪᠤ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃    1 . ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠷᠤᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠬᠤᠯᠪᠣᠭᠳᠠᠯ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃    ︵1︶ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠷᠬᠡ ᠣᠯᠭᠤᠯᠲᠠ ᠶᠢ ᠦᠨᠳᠦᠰᠦᠯᠡᠨ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠷᠤᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠨᠤᠲᠤᠭ ᠤᠨ ᠭᠠᠶᠢᠯᠢ ᠶᠢᠨ ᠵᠦᠢᠯ ᠭᠠᠶᠢᠯᠢ ᠶᠢᠨ ᠨᠣᠷᠮ᠎ᠠ ᠶᠢ ᠳᠣᠭᠢᠷᠠᠭᠤᠯᠬᠤ᠂ ᠭᠠᠶᠢᠯᠢ ᠶᠢ ᠬᠠᠰᠤᠵᠤ ᠭᠡᠯᠳᠦᠷᠢᠭᠦᠯᠬᠦ ᠵᠡᠷᠭᠡ ᠰᠠᠨᠠᠭᠤᠯᠭ᠎ᠠ ᠳᠤᠷᠠᠳᠴᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠷᠤᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠲᠠᠢ ᠵᠢᠷᠤᠮ ᠶᠣᠰᠣᠭᠠᠷ ᠬᠠᠮᠲᠤ ᠪᠠᠷ ᠳᠡᠭᠡᠭᠰᠢ ᠮᠡᠳᠡᠭᠦᠯᠦᠨ᠎ᠡ᠃    ︵2︶ ᠭᠠᠶᠢᠯᠢ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠭᠠᠶᠢᠯᠢ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠲᠥᠪᠯᠡᠷᠡᠭᠦᠯᠦᠨ ᠬᠤᠷᠢᠶᠠᠬᠤ ᠲᠦᠷᠢᠮ ᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠭᠠᠶᠢᠯᠢ ᠪᠤᠰᠤ ᠣᠷᠣᠯᠭ᠎ᠠ ᠶᠢᠨ ᠲᠠᠩᠰᠠᠨ ᠡᠷᠦᠬᠡ᠂ ᠬᠤᠷᠢᠶᠠᠬᠤ ᠲᠤᠰᠢᠶᠠᠬᠤ ᠠᠷᠭ᠎ᠠ ᠬᠡᠯᠪᠡᠷᠢ᠂ ᠪᠤᠴᠠᠭᠠᠨ ᠥᠭᠴᠦ ᠬᠥᠮᠥᠷᠭᠡ ᠠᠴᠠ ᠪᠤᠴᠠᠭᠠᠬᠤ ᠵᠡᠷᠭᠡ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠠᠷᠤᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠲᠥᠪᠯᠡᠷᠡᠭᠦᠯᠦᠨ ᠲᠤᠰᠢᠶᠠᠬᠤ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠭᠠᠶᠢᠯᠢ ᠶᠢᠨ ᠪᠤᠰᠤ ᠣᠷᠣᠯᠭ᠎ᠠ ᠶᠢ ᠭᠤᠶᠤᠴᠢᠯᠠᠨ ᠮᠡᠳᠡᠭᠦᠯᠵᠦ ᠲᠠᠲᠠᠪᠤᠷᠢᠯᠠᠬᠤ᠂ ᠨᠡᠶᠢᠭᠡᠮᠯᠢᠭ ᠤᠨ ᠨᠢᠭᠡᠳᠦᠯᠲᠡᠶ ᠲᠣᠭᠠᠴᠠᠭ᠎ᠠ ᠬᠢᠬᠦ᠂ ᠰᠦᠢᠳᠭᠡᠯ ᠲᠤᠰᠢᠶᠠᠬᠤ ᠶᠢ ᠪᠠᠶᠢᠴᠠᠭᠠᠬᠤ᠂ ᠥᠷᠢᠲᠦᠭᠰᠡᠨ ᠰᠦᠢᠳᠭᠡᠯ ᠢ ᠨᠡᠬᠡᠮᠵᠢᠯᠡᠨ ᠲᠤᠰᠢᠶᠠᠯᠭᠠᠬᠤ ᠪᠠ ᠬᠠᠤᠯᠢ ᠠᠴᠠ ᠵᠥᠷᠢᠴᠡᠭᠰᠡᠨ ᠢ ᠲᠣᠷᠭᠠᠬᠤ ᠵᠡᠷᠭᠡ ᠠᠵᠢᠯ ᠢ ᠬᠠᠷᠢᠭᠤᠴᠠᠨ ᠰᠠᠶᠢᠲᠤᠷ ᠬᠢᠨ᠎ᠠ᠃    2 . ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃    ︵1︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠤᠰᠢᠭᠤᠨ ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠪᠠᠯᠠ ᠮᠥᠩᠭᠦ ᠶᠢ ᠲᠣᠬᠢᠷᠠᠭᠤᠯᠬᠤ ᠪᠠ ᠵᠣᠭᠤᠰ ᠰᠠᠯᠭᠠᠨ ᠥᠭᠬᠦ ᠶᠢ ᠬᠠᠷᠢᠭᠤᠴᠠᠵᠤ᠂ ᠪᠥᠬᠦ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠭᠤᠷᠪᠢᠬᠤ ᠳᠤ ᠣᠷᠣᠯᠴᠠᠵᠤ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠲᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠥᠬᠦᠪᠥᠷᠢ ᠪᠠ ᠲᠤᠰᠬᠠᠶ ᠵᠦᠢᠯ ᠤᠨ ᠨᠥᠭᠡᠴᠡ ᠪᠠᠯᠠ ᠮᠥᠩᠭᠦ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵2︶ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠶ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠳᠤᠷᠠᠳᠴᠤ᠂ ᠵᠠᠰᠠᠭ ᠤᠨ ᠣᠷᠳᠣᠨ ᠤ ᠲᠥᠷᠥᠯ ᠵᠦᠢᠯ ᠢ ᠬᠢᠨᠠᠨ ᠵᠥᠪᠰᠢᠶᠡᠷᠡᠬᠦ ᠭᠠᠷᠴᠠᠭ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠭᠠᠷᠴᠠᠭ ᠲᠤ ᠵᠠᠰᠠᠪᠤᠷᠢ ᠣᠷᠣᠭᠤᠯᠬᠤ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ᠃    ᠬᠤᠶᠠᠷ᠂ ᠳᠣᠲᠣᠭᠠᠳᠤ ᠪᠠᠶᠢᠭᠤᠯᠤᠮᠵᠢ    ︵ᠨᠢᠭᠡ︶ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠰᠣᠨᠢᠨ ᠮᠡᠳᠡᠭᠡᠨ ᠤ ᠤᠬᠠᠭᠤᠯᠭ᠎ᠠ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠳᠠᠩᠰᠠ ᠡᠪᠬᠡᠮᠡᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠲᠣᠪᠴᠢᠶ᠎ᠠ ᠶᠢᠨ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠡᠳ᠋ ᠤᠨ ᠵᠠᠰᠠᠭ ᠤᠨ ᠰᠢᠰᠲ᠋ᠧᠮ ᠤᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ᠂ ᠲᠤᠰᠬᠠᠶ ᠮᠡᠷᠭᠡᠵᠢᠯ ᠤᠨ ᠲᠤᠰᠢᠶᠠᠯ ᠢ ᠰᠢᠯᠭᠠᠷᠠᠭᠤᠯᠤᠨ ᠤᠷᠢᠬᠤ ᠪᠠ ᠠᠵᠢᠯᠴᠢᠨ ᠤ ᠮᠡᠷᠭᠡᠵᠢᠯ ᠤᠨ ᠵᠡᠷᠭᠡ ᠳᠡᠰ ᠢ ᠬᠢᠨᠠᠨ ᠰᠢᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠡᠳ᠋ ᠤᠨ ᠵᠠᠰᠠᠭ ᠤᠨ ᠰᠢᠰᠲ᠋ᠧᠮ ᠤᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠪᠠᠶᠢᠭᠤᠯᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠬᠤ ᠪᠠ ᠳᠠᠩᠰᠠᠯᠠᠭᠤᠯᠬᠤ ᠠᠵᠢᠯ ᠢ ᠡᠭᠦᠷᠭᠡᠯᠡᠬᠦ ᠬᠡᠷᠡᠭᠲᠡᠶ᠃ ᠡᠳ᠋ ᠤᠨ ᠵᠠᠰᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠪᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠡᠳ᠋ ᠤᠨ ᠵᠠᠰᠠᠭ ᠤᠨ ᠬᠠᠤᠯᠢ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠬᠤ᠃ ᠬᠦᠨᠳᠦ ᠶᠡᠭᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃    ︵ᠬᠤᠶᠠᠷ︶ ᠲᠥᠰᠦᠪ ᠤᠨ ᠲᠠᠰᠤᠭ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠠᠶᠢᠭᠤᠯᠤᠯ᠂ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠵᠤ᠂ ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃ ᠬᠤᠰᠢᠭᠤᠨ ᠤ ᠲᠣᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠭᠡᠯ ᠤᠨ ᠲᠥᠰᠦᠯ ᠪᠠ ᠲᠥᠰᠦᠪ ᠤᠨ ᠲᠣᠬᠢᠷᠠᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ ᠣᠨ ᠤ ᠪᠥᠬᠦ ᠬᠤᠰᠢᠭᠤᠨ ᠤ ᠡᠳ᠋ ᠤᠨ ᠵᠠᠰᠠᠭ ᠤᠨ ᠲᠥᠰᠦᠪ ᠢ ᠬᠤᠷᠢᠶᠠᠩᠭᠤᠶᠢᠯᠠᠨ᠎ᠠ᠃ ᠬᠤᠰᠢᠭᠤᠨ ᠲᠣᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦᠨ ᠤ ᠲᠥᠰᠦᠪ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠨᠠᠶᠢᠷᠠᠭᠤᠯᠤᠨ ᠵᠣᠬᠢᠶᠠᠬᠤ᠂ ᠬᠢᠨᠠᠨ ᠬᠠᠷᠭᠤᠭᠤᠯᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃ ᠬᠤᠰᠢᠭᠤᠨ ᠲᠣᠰ ᠱᠠᠲᠤᠨ ᠤ ᠰᠠᠯᠠᠭ᠎ᠠ ᠮᠥᠴᠢᠷ ᠤᠨ ᠵᠠᠷᠤᠯᠭ᠎ᠠ ᠶᠢᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠵᠢᠴᠢ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ᠃ ᠡᠳ ᠤᠨ ᠵᠠᠰᠠᠭ ᠤᠨ ᠰᠢᠯᠵᠢᠭᠦᠯᠦᠨ ᠥᠭᠬᠦ ᠪᠠ ᠵᠢᠯ ᠤᠨ ᠡᠴᠦᠰ ᠤᠨ ᠪᠣᠳᠣᠬᠤ ᠠᠵᠢᠯ ᠢ ᠡᠭᠦᠷᠭᠡᠯᠡᠨ᠎ᠡ᠃ ᠬᠤᠰᠢᠭᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠬᠢᠵᠠᠭᠠᠷ ᠲᠤᠭ᠎ᠠ ᠶᠢᠨ ᠬᠠᠮᠢᠶᠠᠷᠤᠯᠲᠠ ᠪᠠ ᠲᠥᠰᠦᠪ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠣᠷᠣᠨ ᠨᠤᠲᠤᠭ ᠤᠨ ᠵᠠᠰᠠᠭ ᠣᠨ ᠣᠷᠳᠣᠨ ᠤ ᠴᠢᠨᠠᠷᠲᠠᠢ ᠥᠭᠴᠡᠭᠡ᠂ ᠥᠷᠢ ᠲᠥᠯᠥᠬᠦ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠲᠠᠢ ᠨᠢ ᠪᠤᠴᠠᠭᠠᠬᠤ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ︵ᠭᠤᠷᠪᠠ︶ ᠤᠯᠤᠰ ᠤᠨ ᠰᠠᠩ ᠤᠨ ᠲᠠᠰᠤᠭ᠃ ᠲᠥᠰᠦᠪ ᠢ ᠭᠦᠢᠴᠡᠳᠬᠡᠬᠦ᠂ ᠬᠢᠨᠠᠨ ᠡᠵᠡᠮᠳᠡᠬᠦ ᠵᠢᠴᠢ ᠵᠠᠳᠠᠯᠬᠤ ᠶᠢ ᠵᠣᠬᠢᠶᠠᠨ ᠪᠠᠶᠢᠭᠤᠯᠤᠨ᠎ᠠ᠃ ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ ᠨᠢᠭᠲᠠᠯᠠᠨ ᠪᠣᠳᠣᠬᠤ ᠳᠦᠷᠢᠮ ᠢ ᠬᠡᠷᠡᠭᠵᠢᠭᠦᠯᠦᠨ᠎ᠡ᠃ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠪᠣᠯᠤᠨ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠥᠭᠬᠦ ᠳᠦᠷᠢᠮ ᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃ ᠬᠤᠰᠢᠭᠤᠨ ᠱᠠᠲᠤᠨ ᠤ ᠲᠥᠰᠦᠪ ᠤᠨ ᠪᠠᠯᠠ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠶᠡᠷᠦᠩᠬᠡᠶ ᠨᠢᠭᠲᠠᠯᠠᠨ ᠪᠤᠳᠤᠬᠤ ᠲᠣᠭᠠᠴᠠᠭ᠎ᠠ ᠶᠢ ᠬᠠᠷᠢᠭᠤᠴᠠᠨ᠎ᠠ᠃ ᠬᠤᠰᠢᠭᠤᠨ ᠱᠠᠲᠤᠨ ᠤ ᠡᠳ᠋ ᠤᠨ ᠵᠠᠰᠠᠭ ᠪᠠ ᠲᠥᠰᠦᠪ ᠤᠨ ᠨᠢᠭᠡᠴᠡ ᠶᠢᠨ ᠲᠠᠩᠰᠠᠨ ᠡᠷᠦᠬᠡ ᠶᠢ ᠬᠠᠮᠢᠶᠠᠷᠴᠤ᠂ ᠬᠤᠰᠢᠭᠤᠨ ᠱᠠᠲᠤᠨ ᠤ ᠬᠢ ᠶᠢ ᠬᠠᠷᠢᠭᠤᠴᠠᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠪᠥᠬᠦ ᠬᠤᠰᠢᠭᠤᠨ ᠤ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ᠂ ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ ᠭᠦᠢᠴᠡᠳᠭᠡᠯ ᠵᠢᠴᠢ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠭᠡᠯ ᠢ ᠬᠤᠷᠢᠶᠠᠩᠭᠤᠶᠢᠯᠠᠨ᠎ᠠ᠃ ᠤᠯᠤᠰ ᠤᠨ ᠬᠥᠮᠥᠷᠭᠡ ᠶᠢᠨ ᠪᠡᠯᠡᠨ ᠮᠥᠩᠭᠦ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠶᠢᠯᠢ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠳᠥᠷᠪᠡ︶ ᠵᠠᠰᠠᠭ ᠵᠠᠬᠢᠷᠭᠠᠨ ᠤᠯᠤᠰ ᠲᠥᠷᠥ ᠬᠠᠤᠯᠢ ᠴᠠᠭᠠᠵᠠ ᠰᠤᠷᠭᠠᠨ ᠬᠥᠮᠦᠵᠢᠯ ᠤᠨ ᠪᠢᠴᠢᠭ ᠮᠠᠲ᠋ᠧᠷᠢᠶᠠᠯ ᠤᠨ ᠲᠠᠰᠤᠭ᠃ ᠵᠠᠰᠠᠭ ᠵᠠᠬᠢᠷᠭᠠᠨ᠂ ᠤᠯᠤᠰ ᠲᠥᠷᠥ ᠬᠠᠤᠯᠢ ᠴᠠᠭᠠᠵᠠ᠂ ᠰᠤᠷᠭᠠᠨ ᠬᠥᠮᠦᠵᠢᠯ᠂ ᠨᠠᠮ ᠤᠨ ᠰᠤᠷᠭᠠᠭᠤᠯᠢ᠂ ᠤᠬᠠᠭᠤᠯᠭ᠎ᠠ᠂ ᠰᠣᠶᠣᠯ ᠪᠣᠯᠤᠨ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠪᠡᠶ᠎ᠡ ᠶᠢᠨ ᠲᠠᠮᠢᠷ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠠᠯᠪᠠᠨ ᠶᠠᠪᠤᠳᠠᠯ ᠤᠨ ᠵᠠᠷᠤᠯᠭ᠎ᠠ ᠶᠢᠨ ᠳᠦᠷᠢᠮ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ ᠤᠯᠤᠰ ᠲᠥᠷᠥ ᠬᠠᠤᠯᠢ ᠴᠠᠭᠠᠵᠠ ᠶᠢᠨ ᠰᠢᠯᠵᠢᠭᠦᠯᠦᠨ ᠥᠭᠬᠦ ᠪᠡᠯᠡ ᠮᠥᠩᠭᠦ᠂ ᠲᠤᠰᠬᠠᠶ ᠵᠦᠢᠯ ᠤᠨ ᠪᠡᠯᠡ ᠮᠥᠩᠭᠦ ᠶᠢ ᠬᠠᠷᠢᠭᠤᠴᠠᠨ ᠬᠠᠮᠢᠶᠠᠷᠬᠤ ᠶᠢᠨ ᠬᠠᠮᠲᠤ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠤᠨ ᠠᠷᠭ᠎ᠠ ᠶᠢ ᠲᠣᠭᠲᠠᠭᠠᠨ᠎ᠠ᠃ ᠬᠠᠤᠯᠢ ᠬᠡᠷᠡᠭᠵᠢᠭᠦᠯᠬᠦ ᠡᠭᠦᠷᠭᠡ ᠭᠦᠶ᠋ᠴᠡᠳᠬᠡᠬᠦ ᠳᠤ ᠬᠡᠷᠡᠭᠯᠡᠬᠦ ᠲᠡᠷᠭᠡ ᠪᠣᠯᠤᠨ ᠣᠨᠴᠠ ᠲᠥᠷᠥᠯ ᠤᠨ ᠲᠤᠰᠬᠠᠶ ᠮᠡᠷᠭᠡᠵᠢᠯ ᠳᠤ ᠬᠡᠷᠡᠭᠯᠡᠬᠦ ᠲᠡᠷᠭᠡ ᠶᠢᠨ ᠣᠷᠣᠨ ᠲᠤᠭ᠎ᠠ ᠶᠢ ᠬᠢᠨᠠᠨ ᠲᠣᠭᠲᠠᠭᠠᠬᠤ ᠵᠢᠴᠢ ᠲᠣᠬᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠬᠡᠷᠡᠭ ᠲᠤ ᠬᠤᠯᠪᠣᠭᠳᠠᠭᠰᠠᠨ ᠡᠳ᠋ ᠪᠣᠳᠠᠰ ᠤᠨ ᠬᠠᠮᠢᠶᠠᠷᠤᠯᠲᠠ ᠪᠠ ᠰᠢᠳᠪᠤᠷᠢᠯᠡᠯᠲᠡ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠤᠰᠢᠭᠤᠨ ᠲᠣᠰ ᠱᠠᠲᠤᠨ ᠤ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠪᠠᠯᠠ ᠮᠥᠩᠭᠦ ᠶᠢᠨ ᠵᠠᠷᠤᠯᠭ᠎ᠠ ᠶᠢᠨ ᠲᠥᠰᠦᠪ ᠢ ᠬᠠᠷᠢᠭᠤᠴᠠᠨ ᠬᠠᠮᠢᠶᠠᠷᠤᠨ᠎ᠠ᠃    ︵ᠲᠠᠪᠤ︶ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠠᠷᠠᠯᠵᠢᠶᠠᠨ ᠤ ᠲᠠᠰᠤᠭ᠃ ᠠᠵᠤ ᠦᠢᠯᠡᠳᠪᠦᠷᠢ ᠶᠢᠨ ᠮᠡᠳᠡᠭᠡ ᠵᠠᠩᠭᠢᠵᠢᠭᠤᠯᠤᠯᠲᠠ᠂ ᠪᠠᠴᠢᠮ ᠪᠠᠶᠢᠳᠠᠯ ᠢ ᠠᠷᠭᠠᠴᠠᠬᠤ᠂ ᠬᠥᠭᠵᠢᠭᠦᠯᠦᠯᠲᠡ ᠥᠭᠡᠷᠡᠴᠢᠯᠡᠯᠲᠡ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠠᠷᠠᠯᠵᠢᠶ᠎ᠠ ᠬᠤᠳᠠᠯᠳᠤᠭ᠎ᠠ ᠂ ᠠᠮᠤ ᠪᠤᠳᠠᠭ᠎ᠠ᠂ ᠡᠳ ᠪᠠᠷᠠᠭ᠎ᠠ ᠨᠥᠭᠡᠴᠡᠯᠡᠬᠦ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠲᠥᠰᠦᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠪᠠᠯᠭᠠᠰᠤ ᠪᠣᠯᠤᠨ ᠬᠥᠳᠡᠭᠡ ᠲᠣᠰᠬᠤᠨ ᠤ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠡᠯᠡ ᠮᠥᠩᠭᠦ ᠪᠣᠯᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠰᠢᠭᠤᠨ ᠤ ᠴᠢᠬᠤᠯᠠ ᠶᠡᠭᠡ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠬᠠᠮᠢᠶᠠᠷᠤᠨ᠎ᠠ ᠃ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠥᠬᠦᠪᠥᠷᠢ ᠪᠣᠯᠤᠨ ᠲᠤᠰᠬᠠᠶ ᠵᠦᠢᠯ ᠢᠶᠠᠷ ᠨᠥᠭᠡᠴᠡᠯᠡᠬᠦ ᠡᠳ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠷᠠᠯᠲᠠ ᠦᠨ᠎ᠡ ᠶᠢᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃ ᠡᠬᠢ ᠪᠠᠶᠠᠯᠢᠭ ᠢ ᠠᠷᠪᠢᠯᠠᠬᠤ᠂ ᠭᠠᠵᠠᠷ ᠰᠢᠷᠣᠢ ᠶᠢ ᠴᠡᠭᠴᠡᠯᠡᠨ ᠵᠠᠰᠠᠬᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠡᠳ᠋ ᠤᠨ ᠵᠠᠰᠠᠭ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠤᠯᠪᠣᠭᠳᠠᠯ ᠪᠦᠬᠦᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠶᠢᠨ ᠣᠷᠴᠢᠨ ᠨᠥᠬᠦᠴᠡᠯ ᠤᠨ ᠬᠦᠷᠢᠶᠡᠨ ᠳᠠᠬᠢ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠬᠤᠯᠪᠣᠭᠳᠠᠯ ᠪᠥᠬᠦᠶ ᠠᠵᠢᠯ ᠢ ᠬᠠᠷᠢᠭᠤᠴᠠᠨ᠎ᠠ᠃ ᠠᠷᠤᠨ ᠬᠤᠰᠢᠭᠤᠨ ᠤ ᠣᠷᠣᠯᠴᠠᠭᠰᠠᠨ ᠣᠯᠠᠨ ᠤᠯᠤᠰ ᠤᠨ ᠠᠵᠤ ᠠᠬᠤᠶ ᠶᠢᠨ ᠬᠠᠷᠢᠴᠠᠭ᠎ᠠ ᠪᠠ ᠣᠯᠠᠨ ᠤᠯᠤᠰ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠠᠮᠲᠤᠷᠠᠯᠴᠠᠭᠠᠨ ᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠬᠠᠷᠢᠭᠤᠴᠠᠵᠤ᠂ ᠬᠤᠰᠢᠭᠤᠨ ᠤ ᠬᠤᠶᠠᠷ ᠲᠠᠯ᠎ᠠ ᠶᠢᠨ ᠪᠠ ᠣᠯᠠᠨ ᠲᠠᠯ᠎ᠠ ᠶᠢᠨ ᠡᠳ᠋ ᠤᠨ ᠵᠠᠰᠠᠭ ᠮᠥᠩᠭᠦᠨᠭᠦ᠋ᠯᠭᠡᠭᠡᠨ ‍ᠤᠬᠠᠮᠲᠤᠷᠠᠯᠴᠠᠭ᠎ᠠ ᠶᠢ ᠡᠭᠦᠷᠭᠡᠯᠡᠨ᠎ᠡ᠃ ᠰᠠᠭᠤᠷᠢ ᠮᠥᠩᠭᠦ ᠶᠢ ᠴᠡᠪᠡᠷᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃    ︵ᠵᠢᠷᠭᠤᠭ᠎ᠠ︶ ᠮᠥᠩᠭᠦᠨ ᠭᠦᠢᠯᠭᠡᠭᠡᠨ ᠲᠠᠰᠤᠭ᠃ ᠤᠯᠤᠰ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠢᠰᠲ᠋ᠧᠮᠵᠢ ᠶᠢ ᠨᠢᠭᠡᠳᠦᠯᠲᠡᠶ ᠲᠥᠯᠥᠪᠯᠡᠨ ᠪᠠᠶᠢᠭᠤᠯᠤᠨ ᠪᠦᠷᠢᠨᠰᠢᠭᠦᠯᠦᠨ᠎ᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠵᠣᠬᠢᠴᠠᠭᠤᠯᠤᠨ ᠦᠢᠯᠡᠴᠢᠯᠡᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠᠲᠤ ᠠᠵᠤ ᠠᠬᠤᠶ ᠳᠤ ᠦᠢᠯᠡᠴᠢᠯᠡᠬᠦ ᠴᠢᠳᠠᠮᠵᠢ ᠶᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠪᠰᠤᠷᠤᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠺᠣᠮᠫᠠᠨᠢ ᠵᠡᠷᠭᠡ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠬᠠᠮᠵᠢᠨ ᠡᠷᠬᠡ ᠠᠰᠢᠭ ᠤᠨ ᠲᠥᠷᠥᠯ᠂ ᠭᠡᠷ᠎ᠡ ᠶᠢᠨ ᠲᠥᠷᠥᠯ ᠤᠨ ᠠᠷᠠᠯᠵᠢᠶᠠᠨ ᠤ ᠲᠠᠯᠠᠪᠤᠷ ᠭᠠᠵᠠᠷ ᠲᠤ ᠬᠢᠨᠠᠯᠲᠠ ᠬᠠᠮᠢᠶᠠᠷᠤᠯᠲᠠ ᠬᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠰᠦᠯᠵᠢᠶᠡᠨ ᠵᠢᠭᠡᠯᠡᠯᠭᠡ ᠶᠢᠨ ᠮᠡᠳᠡᠭᠡ ᠵᠠᠩᠭᠢ ᠶᠢᠨ ᠵᠠᠭᠤᠴᠢ ᠪᠠᠶᠢᠭᠤᠯᠤᠮᠵᠢ ᠶᠢ ᠬᠢᠨᠠᠨ ᠬᠠᠮᠢᠶᠠᠷᠤᠨ᠎ᠠ᠃ ᠮᠥᠩᠭᠦᠨ ᠭᠦᠢᠯᠭᠡᠭᠡᠨ ᠤ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠬᠠᠷᠢᠭᠤᠴᠠᠵᠤ᠂ ᠮᠥᠩᠭᠦᠨ ᠭᠦᠢᠯᠭᠡᠭᠡᠨ ᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ᠃ ᠮᠥᠩᠭᠦᠨ ᠭᠦᠢᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠰᠠᠭᠤᠷᠢ ᠲᠤᠭ᠎ᠠ ᠪᠠᠷᠢᠮᠲᠠ ᠪᠣᠯᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢ ᠬᠠᠷᠢᠭᠤᠴᠠᠨ᠎ᠠ᠃ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠤᠰᠢᠭᠤᠨ ᠤ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠬᠤ ᠶᠢ ᠬᠠᠷᠢᠭᠤᠴᠠᠵᠤ᠂ ᠬᠤᠯᠪᠣᠭᠳᠠᠯ ᠪᠥᠬᠦᠶ ᠮᠥᠩᠭᠦᠨ ᠭᠦᠢᠯᠭᠡᠭᠡᠨ ᠤ ᠥᠪᠡᠷ ᠢ ᠪᠠᠨ ᠱᠠᠭᠠᠷᠳᠠᠬᠤ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠵᠢᠷᠤᠮᠵᠢᠭᠤᠯᠤᠨ ᠬᠥᠭᠵᠢᠭᠦᠯᠦᠨ᠎ᠡ᠃    ︵ᠳᠣᠯᠤᠭ᠎ᠠ︶ ᠲᠠᠷᠢᠶᠠᠯᠠᠩ ᠮᠠᠯ ᠠᠵᠤ ᠠᠬᠤᠶ ᠶᠢᠨ ᠲᠠᠰᠤᠭ᠃ ᠲᠠᠷᠢᠶᠠᠯᠠᠬᠤ ᠮᠠᠯᠵᠢᠬᠤ ᠣᠷᠣᠨ᠂ ᠶᠠᠳᠠᠭᠤ ᠶᠢ ᠲᠡᠳᠬᠦᠬᠦ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠣᠶ ᠰᠢᠭᠤᠶ ᠨᠤᠲᠤᠭ ᠪᠡᠯᠴᠢᠭᠡᠷ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠳᠡᠭᠡᠳᠦ ᠱᠠᠲᠤᠨ ᠤ ᠬᠠᠮᠢᠶ᠎ᠠ ᠪᠦᠬᠦᠢ ᠡᠳ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠳᠡᠮᠵᠢᠬᠦ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠶᠠᠳᠠᠭᠤ ᠶᠢ ᠲᠡᠳᠬᠦᠵᠦ ᠬᠥᠭᠵᠢᠭᠦᠯᠬᠦ ᠰᠠᠭᠤᠷᠢ ᠮᠥᠩᠭᠦ ᠵᠡᠷᠭᠡ ᠤᠨ ᠵᠠᠰᠠᠭ ᠤᠨ ᠲᠠᠷᠢᠶᠠᠯᠠᠩ ᠢ ᠳᠡᠮᠵᠢᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃    ︵ᠨᠠᠢᠮᠠ︶ ᠨᠡᠶᠢᠭᠡᠮ ᠤᠨ ᠪᠠᠲᠤᠯᠠᠭ᠎ᠠ ᠶᠢᠨ ᠲᠠᠰᠤᠭ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠤᠨ ᠠᠯᠪᠠ ᠠᠴᠠ ᠪᠠᠭᠤᠭᠰᠠᠳ ᠤᠨ ᠬᠡᠷᠡᠭ ᠶᠠᠪᠤᠳᠠᠯ᠂ ᠡᠮᠴᠢᠯᠡᠭᠡᠨ ᠤ ᠪᠠᠲᠤᠯᠠᠭ᠎ᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠥᠬᠦᠶ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠥᠬᠦᠶ ᠠᠵᠢᠯ ᠢ ᠬᠠᠷᠢᠭᠤᠴᠠᠵᠤ᠂ ᠬᠤᠯᠪᠣᠭᠳᠠᠯ ᠪᠥᠬᠦᠶ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠲᠠᠯ᠎ᠠ ᠲᠠᠢ ᠬᠠᠮᠲᠤᠷᠠᠨ ᠠᠷᠤᠨ ᠬᠤᠰᠢᠭᠤᠨ ᠤ ᠬᠠᠮᠢᠶ᠎ᠠ ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢᠨ ᠬᠠᠮᠢᠶᠠᠷᠤᠯᠲᠠ ᠶᠢᠨ ᠠᠷᠭ᠎ᠠ ᠪᠠ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠬᠠᠮᠢᠶᠠᠷᠤᠨ᠎ᠠ᠃ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠭᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠵᠤ ᠨᠠᠶᠢᠷᠠᠭᠤᠯᠤᠨ ᠵᠣᠬᠢᠶᠠᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃    ︵ᠶᠢᠰᠦ︶ ᠬᠢᠨᠠᠯᠲᠠ ᠲᠠᠯᠪᠢᠬᠤ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠲᠠᠰᠤᠭ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠦᠷᠢᠮ᠂ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠱᠠᠭᠠᠷᠳᠠᠯᠭ᠎ᠠ ᠶᠣᠰᠣᠭᠠᠷ ᠡᠯ᠎ᠡ ᠲᠥᠰᠦᠪ ᠬᠢᠵᠦ ᠪᠦᠬᠦᠢ ᠰᠠᠯᠠᠭ᠎ᠠ ᠮᠥᠴᠢᠷ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠳᠤ ᠡᠳ᠋ ᠤᠨ ᠵᠠᠰᠠᠭ ᠠᠴᠠ ᠭᠤᠤᠯᠳᠠᠯᠭ᠎ᠠ ᠲᠠᠢ ᠮᠥᠷᠳᠡᠨ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ᠃ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠬᠤᠷᠢᠶᠠᠩᠭᠤᠶᠢᠯᠠᠬᠤ᠂ ᠮᠡᠳᠡᠭᠦᠯᠬᠦ ᠪᠠ ᠨᠡᠶᠢᠲᠡᠯᠡᠬᠦ ᠶᠢ ᠵᠣᠬᠢᠶᠠᠨ ᠪᠠᠶᠢᠭᠤᠯᠤᠨ᠎ᠠ᠃ ᠡᠳ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠳᠣᠲᠣᠭᠠᠳᠤ ᠶᠢᠨ ᠡᠵᠡᠮᠳᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃    ︵ᠠᠷᠪᠠ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠠᠰᠤᠭ ︵ᠵᠠᠰᠠᠭ ᠤᠨ ᠣᠷᠳᠣᠨ ᠤ ᠬᠤᠳᠠᠯᠳᠤᠨ ᠠᠪᠬᠤ ᠲᠠᠰᠤᠭ︶᠃ ᠬᠤᠰᠢᠭᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠪᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠦᠷᠢᠮ ᠲᠣᠭᠲᠠᠭᠠᠯ ᠢ ᠲᠤᠭᠤᠷᠪᠢᠨ ᠲᠣᠭᠲᠠᠭᠠᠵᠤ᠂ ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠪᠠ ᠠᠵᠤ ᠠᠬᠤᠶᠢᠯᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠪᠣᠯᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠮᠡᠳᠡᠭᠦᠯᠬᠦ ᠪᠠ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠰᠠᠭ ᠤᠨ ᠣᠷᠳᠣᠨ ᠢ ᠣᠷᠣᠯᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢᠨ ᠲᠦᠷᠢᠮ ᠢ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃ ᠬᠤᠰᠢᠭᠤᠨ ᠲᠣᠰ ᠱᠠᠲᠤᠨ ᠤ ᠵᠠᠰᠠᠭ ᠤᠨ ᠣᠷᠳᠣᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠢ ᠲᠤᠭᠤᠷᠪᠢᠨ ᠲᠣᠭᠲᠠᠭᠠᠨ᠎ᠠ᠃ ᠬᠤᠰᠢᠭᠤᠨ ᠲᠣᠰ ᠱᠠᠲᠤᠨ ᠤ ᠲᠥᠰᠦᠪ ᠤᠨ ᠨᠢᠭᠡᠴᠡ ᠶᠢᠨ ᠨᠠᠶᠢᠷᠠᠭᠤᠯᠤᠨ ᠮᠡᠳᠡᠭᠦᠯᠦᠭᠰᠡᠨ ᠬᠤᠳᠠᠯᠳᠤᠨ ᠠᠪᠬᠤ ᠲᠥᠯᠥᠪᠯᠡᠭᠡ ᠶᠢ ᠬᠢᠨᠠᠨ ᠵᠥᠪᠰᠢᠶᠡᠷᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠨ᠎ᠡ ᠃ ᠬᠤᠰᠢᠭᠤᠨ ᠤ ᠲᠣᠰ ᠱᠠᠲᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠵᠢᠯᠣᠭᠤᠳᠤᠨ᠎ᠠ᠃    ︵ᠠᠷᠪᠠᠨ ᠨᠢᠭᠡ︶ ᠡᠳ᠋ ᠤᠨ ᠵᠠᠰᠠᠭ ᠤᠨ ᠭᠠᠶᠢᠯᠢ ᠶᠢᠨ ᠶᠠᠪᠤᠳᠠᠯ ᠤᠨ ᠠᠯᠪᠠᠨ ᠭᠡᠷ ︵ᠶᠡᠷᠦᠩᠬᠡᠶᠢᠯᠡᠭᠰᠡᠨ ᠲᠠᠰᠤᠭ︶᠃ ᠲᠥᠪ᠂ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠡᠳ᠋ ᠤᠨ ᠵᠠᠰᠠᠭ ᠤᠨ ᠠᠵᠤ ᠠᠬᠤᠢ ᠶᠢᠨ ᠠᠵᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠢᠷᠢᠯᠠᠭᠤᠯᠤᠯᠲᠠ ᠶᠢ ᠲᠤᠤᠱᠯᠠᠭᠤᠯᠤᠨ ᠨᠠᠢᠳᠠᠪᠤᠷᠢᠵᠢᠭᠤᠯᠬᠤ ᠪᠣᠳᠠᠲᠠᠢ ᠰᠠᠨᠠᠭᠤᠯᠭ᠎ᠠ ᠳᠤᠷᠠᠳᠬᠤ ᠶᠢᠨ ᠬᠠᠮᠲᠤ ᠱᠠᠭᠠᠷᠳᠠᠨ ᠬᠢᠨ᠎ᠡ᠃ ᠠᠵᠤ ᠠᠬᠤᠢ ᠨᠡᠶᠢᠭᠡᠮ᠂ ᠡᠳ᠋ ᠤᠨ ᠵᠠᠰᠠᠭ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠲᠡ ᠪᠠ ᠡᠳ᠋ ᠤᠨ ᠵᠠᠰᠠᠭ ᠭᠠᠶᠢᠯᠢ ᠶᠢᠨ ᠴᠢᠬᠤᠯᠠ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠡᠳ᠋ ᠤᠨ ᠵᠠᠰᠠᠭ ᠠᠴᠠ ᠬᠤᠯᠪᠣᠭᠳᠠᠯ ᠪᠦᠬᠦᠢ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃    ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠣᠷᠣᠨ ᠪᠦᠰᠡ ᠶᠢᠨ ᠬᠥᠭᠵᠢᠯᠲᠡ ᠳᠠᠬᠢ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠡᠭᠡᠨ ᠣᠷᠣᠨ ᠨᠤᠲᠤᠭ ᠤᠨ ᠭᠠᠶᠢᠯᠢ ᠶᠢ ᠬᠠᠰᠤᠵᠤ ᠬᠡᠯᠲᠦᠷᠢᠭᠦᠯᠬᠦ ᠪᠠ ᠭᠠᠶᠢᠯᠢ ᠶᠢᠨ ᠨᠣᠷᠮ᠎ᠠ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ ᠲᠣᠭᠲᠠᠭᠰᠠᠨ ᠡᠷᠬᠡ ᠶᠢᠨ ᠬᠢᠵᠠᠭᠠᠷ ᠶᠣᠰᠣᠭᠠᠷ ᠠᠩᠬᠠᠨ ᠤ ᠬᠢᠨᠠᠯᠲᠠ ᠬᠢᠵᠦ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃ ᠭᠠᠶᠢᠯᠢ ᠶᠢᠨ ᠪᠤᠰᠤ ᠣᠷᠣᠯᠭ᠎ᠠ ᠶᠢᠨ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠲᠣᠰ ᠱᠠᠲᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠡᠭᠦᠷᠭᠡᠯᠡᠨ᠎ᠡ᠃    ᠬᠤᠰᠢᠭᠤᠨ ᠤ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠬᠤᠰᠢᠭᠤᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠵᠠᠷᠤᠳᠠᠯ ᠤᠨ ᠪᠠᠲᠤᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠳ᠋ ᠤᠨ ᠵᠠᠰᠠᠭ ᠠᠵᠤ ᠠᠬᠤᠶ ᠶᠢᠨ ᠲᠥᠰᠦᠭᠡᠯᠡᠵᠦ ᠵᠠᠳᠠᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠥᠭᠡᠷᠡᠴᠢᠯᠡᠯᠲᠡ ᠬᠢᠭᠡᠳ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠤᠷᠲᠤᠪᠲᠤᠷ ᠪᠠ ᠤᠷᠲᠤ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢ ᠲᠣᠭᠲᠠᠭᠠᠨ᠎ᠠ᠃ ᠡᠳ᠋ ᠤᠨ ᠵᠠᠰᠠᠭ ᠤᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢ ᠲᠣᠭᠲᠠᠭᠠᠬᠤ ᠲᠣᠭᠲᠠᠴᠠ ᠪᠣᠯᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠥᠭᠡᠷᠡᠴᠢᠯᠡᠯᠲᠡ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ ᠵᠡᠷᠭᠡ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠰᠢᠯᠵᠢᠭᠦᠯᠦᠨ ᠥᠭᠬᠦ ᠣᠷᠣᠯᠭ᠎ᠠ ᠵᠠᠷᠤᠯᠭ᠎ᠠ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃    ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠨ᠎ᠠ᠃ ᠰᠤᠭᠤᠯᠠᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠬᠤᠰᠢᠭᠤᠨ ᠤ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ ᠠᠯᠪᠠᠲᠠᠨ ᠤ ᠨᠡᠮᠡᠭᠦᠷᠢ ᠨᠥᠬᠦᠪᠥᠷᠢ ᠶᠢ ᠢᠯᠭᠠᠷᠠᠭᠤᠯᠤᠨ ᠵᠢᠷᠤᠮᠵᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠶᠢ ᠢᠯᠭᠠᠷᠠᠭᠤᠯᠤᠨ ᠵᠢᠷᠤᠮᠵᠢᠭᠤᠯᠬᠤ ᠶᠢ ᠬᠠᠷᠢᠭᠤᠴᠠᠨ᠎ᠠ᠃ ᠤᠯᠤᠰ ᠤᠨ ᠨᠢᠭᠡᠳᠦᠯᠲᠡᠶ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠨᠢᠭᠲᠠᠯᠠᠨ ᠪᠣᠳᠣᠬᠤ ᠬᠠᠤᠯᠢ ᠲᠣᠭᠲᠠᠭᠠᠯ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠦᠨ ᠪᠠᠶᠢᠭᠤᠯᠬᠤ ᠬᠤᠯᠪᠣᠭᠳᠠᠯ ᠪᠥᠬᠦᠶ ᠠᠵᠢᠯ ᠢ ᠬᠠᠷᠢᠭᠤᠴᠠᠨ᠎ᠠ᠃ ᠲᠣᠭᠲᠠᠭᠠᠯ ᠶᠣᠰᠣᠭᠠᠷ ᠨᠢᠭᠲᠠᠯᠠᠨ ᠪᠣᠳᠣᠭᠴᠢ ᠶᠢᠨ ᠲᠤᠰᠬᠠᠶ ᠮᠡᠷᠭᠡᠵᠢᠯ ᠤᠨ ᠬᠢᠷᠢ ᠬᠡᠮ ᠪᠠ ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠶᠢᠨ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠬᠤ ᠬᠡᠷᠡᠭᠲᠡᠶ᠃ ᠬᠥᠯᠥᠨ ᠪᠤᠶᠢᠷ ᠬᠤᠲᠠ ᠶᠢ ᠬᠠᠪᠰᠤᠷᠤᠨ ᠪᠥᠬᠦ ᠬᠤᠰᠢᠭᠤᠨ ᠤ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ᠂ ᠣᠷᠣᠯᠠᠨ ᠳᠠᠩᠰᠠᠯᠠᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠲᠤᠰ ᠵᠠᠰᠠᠭ ᠵᠠᠬᠢᠷᠭᠠᠨ ᠤ ᠣᠷᠣᠨ ᠤ ᠪᠠᠨ ᠵᠠᠰᠠᠭ ᠵᠠᠬᠢᠷᠭᠠᠨ ᠤ ᠨᠢᠭᠡᠴᠡ᠂ ᠠᠵᠢᠯ ᠦᠢᠯᠡᠰ ᠤᠨ ᠨᠢᠭᠡᠴᠡ ᠶᠢᠨ ᠨᠢᠭᠲᠠᠯᠠᠨ ᠪᠤᠳᠦᠬᠤ ᠮᠡᠳᠡᠭᠡ ᠵᠠᠩᠭᠢ ᠶᠢᠨ ᠶᠠᠰᠤ ᠴᠢᠨᠠᠷ ᠢ ᠬᠢᠨᠠᠨ ᠪᠠᠶᠢᠴᠠᠭᠠᠨ᠎ᠠ᠃ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ᠂ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠠᠵᠢᠯ ᠡᠷᠭᠢᠯᠡᠬᠦ ᠶᠠᠰᠤ ᠴᠢᠨᠠᠷ ᠵᠡᠷᠭᠡ ᠪᠠᠶᠢᠳᠠᠯ ᠳᠤ ᠪᠠᠶᠢᠴᠠᠭᠠᠯᠲᠠ ᠬᠢᠨ᠎ᠠ᠃    ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠪᠠᠶᠢᠭᠤᠯᠭ᠎ᠠ ᠵᠢᠴᠢ ᠲᠡᠭᠦᠨ ᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ᠃    ᠭᠤᠷᠪᠠ᠂ ᠬᠠᠷᠢᠶ᠎ᠠ ᠪᠠᠶᠢᠭᠤᠯᠤᠮᠵᠢ    ︵ᠨᠢᠭᠡ︶ ᠠᠷᠤᠨ ᠬᠤᠰᠢᠭᠤᠨ ᠤ ᠡᠳ᠋ ᠤᠨ ᠵᠠᠰᠠᠭ ᠤᠨ ᠦᠢᠯᠡᠰ ᠤᠨ ᠬᠥᠭᠵᠢᠯᠲᠡ ᠶᠢᠨ ᠲᠥᠪ᠃ ᠠᠷᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭᠠᠨ ᠤ ᠳᠡᠰ ᠲᠠᠢ ᠲᠡᠩᠴᠡᠨ᠎ᠡ᠃    ᠭᠤᠣᠯ ᠡᠭᠦᠷᠭᠡ ᠬᠠᠷᠢᠭᠤᠴᠠᠯᠭ᠎ᠠ ᠨᠢ᠄    1 . ᠪᠥᠬᠦ ᠬᠤᠰᠢᠭᠤᠨ ᠤ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠵᠤ ᠣᠯᠭᠤᠬᠤ ᠲᠦᠷᠢᠮ ᠤᠨ ᠥᠭᠡᠷᠡᠴᠢᠯᠡᠯᠲᠡ ᠵᠡᠷᠭᠡ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ᠃    2 . ᠪᠦᠬᠦ ᠬᠤᠰᠢᠭᠤᠨ ᠤ ᠤᠯᠤᠰ ᠠᠴᠠ ᠬᠥᠮᠥᠷᠭᠡ ᠠᠴᠠ ᠲᠥᠪᠯᠡᠷᠡᠭᠦᠯᠦᠨ ᠥᠭᠬᠦ ᠪᠡᠯᠡ ᠮᠥᠩᠭᠦ ᠶᠢ ᠥᠭᠬᠦ ᠪᠠ ᠨᠢᠭᠲᠠᠯᠠᠨ ᠪᠣᠳᠣᠵᠤ ᠲᠣᠭᠠᠴᠠᠭ᠎ᠠ ᠬᠢᠬᠦ ᠵᠡᠷᠭᠡ ᠠᠵᠢᠯ ᠤᠨ ᠴᠢᠨᠠᠷᠲᠠᠢ ᠠᠵᠢᠯ ᠢ ᠡᠭᠦᠷᠭᠡᠯᠡᠨ᠎ᠡ︔ ᠪᠦᠬᠦ ᠬᠤᠰᠢᠭᠤᠨ ᠤ ᠤᠯᠤᠰ ᠠᠴᠠ ᠰᠠᠩ ᠠᠴᠠ ᠲᠥᠪᠯᠡᠷᠡᠭᠦᠯᠦᠨ ᠵᠠᠷᠤᠴᠠᠭᠤᠯᠬᠤ ᠣᠷᠣᠯᠠᠨ ᠭᠦᠢᠴᠡᠳᠬᠡᠬᠦ ᠪᠠᠩᠬᠢ ᠶᠢ ᠬᠠᠮᠵᠢᠨ ᠲᠣᠭᠲᠠᠭᠠᠵᠤ᠂ ᠲᠡᠭᠦᠨ ᠤ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠡᠳᠦᠷ ᠲᠤᠲᠤᠮ ᠤᠨ ᠬᠢᠨᠠᠨ ᠡᠵᠡᠮᠰᠢᠯ ᠵᠡᠷᠭᠡ ᠰᠠᠭᠤᠷᠢ ᠠᠵᠢᠯ ᠢ ᠡᠭᠦᠷᠭᠡᠯᠡᠨ᠎ᠡ᠃    3 . ᠪᠦᠬᠦ ᠬᠤᠰᠢᠭᠤᠨ ᠤ ᠡᠳ᠋ ᠤᠨ ᠵᠠᠰᠠᠭ ᠠᠴᠠ ᠨᠢᠭᠡᠳᠦᠯᠲᠡᠢ ᠳᠤ ᠲᠠᠷᠬᠠᠭᠠᠬᠤ ᠨᠢᠭᠡᠴᠡ ᠶᠢᠨ ᠠᠵᠢᠯᠲᠠᠨ᠂ ᠴᠠᠯᠢᠩ ᠵᠡᠷᠭᠡ ᠮᠡᠳᠡᠭᠡ ᠵᠠᠩᠭᠢ ᠶᠢᠨ ᠮᠠᠲ᠋ᠧᠷᠢᠶᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠ ᠡᠳ᠋ ᠤᠨ ᠵᠠᠰᠠᠭ ᠣᠨ ᠲᠥᠰᠦᠪ ᠢ ᠬᠡᠷᠡᠭᠵᠢᠭᠦᠯᠬᠦ ᠬᠥᠳᠡᠯᠦᠯ ᠪᠠᠶᠢᠳᠠᠯ ᠢ ᠬᠢᠨᠠᠨ ᠡᠵᠡᠮᠳᠡᠬᠦ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    4 . ᠬᠤᠰᠢᠭᠤᠨ ᠤ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠲᠥᠪᠯᠡᠷᠡᠭᠦᠯᠦᠨ ᠲᠤᠰᠢᠶᠠᠬᠤ ᠵᠡᠷᠭᠡ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ᠃    5 . ᠬᠤᠰᠢᠭᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠠᠵᠢᠯᠯᠠᠭᠠᠨ ᠢ ᠬᠢᠨᠠᠨ ᠡᠵᠡᠮᠳᠡᠬᠦ᠂ ᠠᠰᠠᠭᠤᠨ ᠯᠠᠪᠯᠠᠬᠤ ᠪᠣᠯᠪᠠᠰᠤᠷᠠᠭᠤᠯᠤᠯ᠂ ᠲᠤᠭ᠎ᠠ ᠪᠠᠷᠢᠮᠲᠠ ᠶᠢᠨ ᠪᠦᠷᠢᠳᠬᠡᠯ ᠵᠡᠷᠭᠡ ᠠᠵᠢᠯ ᠢ ᠡᠭᠦᠷᠭᠡᠯᠡᠨ᠎ᠡ︔ ᠪᠦᠬᠦ ᠬᠤᠰᠢᠭᠤᠨ ᠤ ᠥᠷᠢ ᠥᠭᠴᠡᠭᠡ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠳᠤ ᠬᠠᠮᠵᠢᠯᠴᠠᠨ᠎ᠠ᠃    6 . ᠪᠥᠬᠦ ᠬᠤᠰᠢᠭᠤᠨ ᠤ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠮᠡᠳᠡᠭᠦᠯᠬᠦ ᠠᠴᠠ ᠡᠮᠦᠨᠡᠬᠢ ᠬᠤᠭᠤᠴᠠᠭᠠᠨ ᠤ ᠪᠡᠯᠡᠳᠬᠡᠯ᠂ ᠵᠢᠭᠡᠯᠡᠯᠭᠡ ᠶᠢᠨ ᠲᠡᠮᠳᠡᠭᠲᠦ ᠶᠢᠨ ᠡᠬᠡ ᠬᠦᠦ ᠮᠥᠩᠭᠦ ᠶᠢ ᠪᠤᠴᠠᠭᠠᠬᠤ ᠵᠢᠴᠢ ᠵᠠᠰᠠᠭ ᠤᠨ ᠣᠷᠳᠣᠨ ᠤ ᠵᠢᠭᠡᠯᠡᠯᠭᠡ ᠶᠢᠨ ᠲᠦᠭᠰᠢᠭᠦᠷᠢ ᠶᠢᠨ ᠵᠠᠳᠠᠯᠤᠯᠲᠠ᠂ ᠬᠢᠨᠠᠨ ᠬᠡᠮᠵᠢᠯᠲᠡ᠂ ᠦᠨᠡᠯᠡᠯᠲᠡ ᠵᠡᠷᠭᠡ ᠰᠠᠭᠤᠷᠢ ᠴᠢᠨᠠᠷᠲᠠᠶ᠂ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃    7 . ᠪᠥᠬᠦ ᠬᠤᠰᠢᠭᠤᠨ ᠤ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠵᠢᠴᠢ ᠦᠨᠡᠯᠡᠯᠲᠡ ᠶᠢᠨ ᠠᠵᠢᠯ ᠢ ᠬᠠᠮᠵᠢᠨ ᠥᠷᠨᠢᠭᠦᠯᠦᠨ᠎ᠡ︔ ᠪᠦᠬᠦ ᠬᠤᠰᠢᠭᠤᠨ ᠤ ᠡᠳ᠋ ᠤᠨ ᠵᠠᠰᠠᠭ ᠣᠨ ᠲᠥᠷᠦᠯ ᠵᠦᠢᠯ ᠤᠨ ᠦᠷ᠎ᠡ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠬᠤᠷᠢᠶᠠᠩᠭᠤᠶᠢᠯᠠᠬᠤ᠂ ᠨᠡᠶᠢᠲᠡᠯᠡᠬᠦ᠂ ᠬᠠᠷᠢᠭᠤ ᠲᠤᠰᠬᠠᠬᠤ ᠵᠢᠴᠢ ᠬᠡᠷᠡᠭᠯᠡᠬᠦ ᠠᠵᠢᠯ ᠢ ᠡᠭᠦᠷᠭᠡᠯᠡᠨ᠎ᠡ︔ ᠲᠣᠪᠴᠢᠶᠠᠨ ᠤ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠳᠣᠲᠣᠭᠠᠳᠤ ᠶᠢᠨ ᠡᠵᠡᠮᠳᠡᠯ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ᠃    8 . ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ᠳᠣᠲᠣᠭᠠᠳᠤ ᠪᠠᠶᠢᠭᠤᠯᠤᠮᠵᠢ᠄    1 . ᠠᠯᠪᠠᠨ ᠬᠡᠷ᠃ ᠨᠢᠭᠡᠴᠡ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠡᠳ᠋ ᠤᠨ ᠶᠠᠪᠤᠳᠠᠯ᠂ ᠬᠤᠷᠠᠯ ᠤᠨ ᠶᠠᠪᠤᠳᠠᠯ᠂ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠠᠷᠤ ᠲᠠᠯ᠎ᠠ ᠶᠢᠨ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    2 . ᠤᠯᠤᠰ ᠤᠨ ᠰᠠᠩ ᠤᠨ ᠲᠥᠪᠯᠡᠷᠡᠭᠦᠯᠦᠨ ᠥᠭᠬᠦ ᠬᠠᠮᠢᠶᠠᠷᠤᠯᠲᠠ ᠶᠢᠨ ᠲᠠᠰᠤᠭ᠃ ᠪᠦᠬᠦ ᠬᠤᠰᠢᠭᠤᠨ ᠤ ᠡᠳ᠋ ᠤᠨ ᠵᠠᠰᠠᠭ ᠣᠨ ᠤᠯᠤᠰ ᠠᠴᠠ ᠬᠥᠮᠥᠷᠭᠡ ᠶᠢᠨ ᠲᠥᠪᠯᠡᠷᠡᠭᠦᠯᠦᠨ ᠬᠤᠷᠢᠶᠠᠵᠤ ᠣᠯᠭᠤᠬᠤ ᠳᠦᠷᠢᠮ ᠣᠨ ᠥᠭᠡᠷᠡᠴᠢᠯᠡᠯᠲᠡ ᠵᠡᠷᠭᠡ ᠬᠠᠪᠰᠤᠷᠤᠮᠵᠢ ᠶᠢᠨ ᠴᠢᠨᠠᠷᠲᠠᠢ ᠠᠵᠢᠯ ᠢ ᠡᠭᠦᠷᠭᠡᠯᠡᠨ᠎ᠡ︔ ᠪᠦᠬᠦ ᠬᠤᠰᠢᠭᠤᠨ ᠤ ᠤᠯᠤᠰ ᠠᠴᠠ ᠬᠥᠮᠥᠷᠭᠡ ᠠᠴᠠ ᠲᠥᠪᠯᠡᠷᠡᠭᠦᠯᠦᠨ ᠥᠭᠬᠦ ᠪᠡᠯᠡ ᠮᠥᠩᠭᠦ ᠶᠢ ᠰᠢᠭᠤᠳ ᠥᠭᠬᠦ ᠲᠤᠬᠠᠶᠢᠯᠠᠭᠰᠠᠨ ᠠᠵᠢᠯ ᠢ ᠡᠭᠦᠷᠭᠡᠯᠡᠨ᠎ᠡ︔ ᠣᠷᠣᠯᠠᠬᠤ ᠪᠠᠩᠬᠢ ᠶᠢ ᠰᠢᠮᠳᠠᠭᠤᠯᠤᠨ ᠲᠤᠬᠠᠶᠢᠯᠠᠭᠰᠠᠨ ᠠᠵᠢᠯ ᠢ ᠴᠠᠭ ᠲᠤᠬᠠᠶ ᠳᠤᠨᠢ ᠰᠠᠯᠭᠠᠨ ᠥᠭᠴᠦ ᠳᠠᠭᠤᠰᠬᠠᠬᠤ ᠶᠢ ᠬᠠᠷᠢᠭᠤᠴᠠᠨ᠎ᠠ︔ ᠪᠥᠬᠦ ᠬᠤᠰᠢᠭᠤᠨ ᠤ ᠡᠳ᠋ ᠤᠨ ᠵᠠᠰᠠᠭ ᠤᠨ ᠪᠠᠯᠠ ᠮᠥᠩᠭᠦ ᠶᠢᠨ ᠲᠠᠩᠰᠠ ᠬᠠᠷᠭᠤᠭᠤᠯᠬᠤ ᠵᠡᠷᠭᠡ ᠠᠵᠢᠯ ᠤᠨ ᠴᠢᠨᠠᠷᠲᠠᠶ ᠠᠵᠢᠯ ᠢ ᠬᠠᠷᠢᠭᠤᠴᠠᠨ᠎ᠠ︔ ᠪᠦᠬᠦ ᠬᠤᠰᠢᠭᠤᠨ ᠤ ᠤᠯᠤᠰ ᠠᠴᠠ ᠰᠠᠩ ᠠᠴᠠ ᠲᠥᠪᠯᠡᠷᠡᠭᠦᠯᠦᠨ ᠵᠠᠷᠤᠴᠠᠭᠤᠯᠬᠤ ᠣᠷᠣᠯᠠᠨ ᠭᠦᠢᠴᠡᠳᠬᠡᠬᠦ ᠪᠠᠩᠬᠢ ᠶᠢ ᠬᠠᠮᠵᠢᠨ ᠲᠣᠭᠲᠠᠭᠠᠵᠤ᠂ ᠲᠡᠭᠦᠨ ᠤ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠡᠳᠦᠷ ᠲᠤᠲᠤᠮ ᠤᠨ ᠬᠢᠨᠠᠨ ᠡᠵᠡᠮᠰᠢᠯ ᠵᠡᠷᠭᠡ ᠰᠠᠭᠤᠷᠢ ᠠᠵᠢᠯ ᠢ ᠡᠭᠦᠷᠭᠡᠯᠡᠨ᠎ᠡ︔ ᠬᠤᠰᠢᠭᠤ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠲᠥᠪᠯᠡᠷᠡᠭᠦᠯᠦᠨ ᠲᠤᠰᠢᠶᠠᠬᠤ ᠵᠡᠷᠭᠡ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠵᠦ᠂ ᠭᠠᠶᠢᠯᠢ ᠶᠢᠨ ᠪᠤᠰᠤ ᠣᠷᠣᠯᠭ᠎ᠠ ᠶᠢ ᠣᠷᠣᠯᠠᠨ ᠭᠦᠶ᠋ᠴᠡᠳᠬᠡᠬᠦ ᠪᠠᠩᠬᠢ ᠲᠠᠢ ᠬᠠᠷᠭᠤᠭᠤᠯᠬᠤ ᠠᠵᠢᠯ ᠢ ᠰᠠᠶᠢᠲᠤᠷ ᠬᠢᠨ᠎ᠠ᠃    3 . ᠥᠭᠴᠡᠭᠡ ᠶᠢ ᠦᠨᠡᠯᠡᠨ ᠵᠢᠱᠢᠬᠦ ᠲᠠᠰᠤᠭ᠃ ᠬᠤᠰᠢᠭᠤ ᠲᠣᠰ ᠱᠠᠲᠤᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠠᠵᠢᠯᠯᠠᠭᠠᠨ ᠢ ᠬᠢᠨᠠᠨ ᠡᠵᠡᠮᠳᠡᠬᠦ᠂ ᠠᠰᠠᠭᠤᠨ ᠯᠠᠪᠯᠠᠬᠤ ᠪᠣᠯᠪᠠᠰᠤᠷᠠᠭᠤᠯᠤᠯ᠂ ᠲᠤᠭ᠎ᠠ ᠪᠠᠷᠢᠮᠲᠠ ᠶᠢ ᠪᠦᠷᠢᠳᠬᠡᠬᠦ ᠵᠡᠷᠭᠡ ᠠᠵᠢᠯ ᠢ ᠡᠭᠦᠷᠭᠡᠯᠡᠨ᠎ᠡ︔ ᠬᠤᠰᠢᠭᠤᠨ ᠲᠣᠰ ᠱᠠᠲᠤᠨ ᠤ ᠥᠷᠢ ᠥᠭᠴᠡᠭᠡ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠳᠤ ᠬᠠᠮᠵᠢᠯᠴᠠᠨ᠎ᠠ︔ ᠵᠢᠭᠡᠯᠡᠯᠭᠡ ᠶᠢᠨ ᠲᠡᠮᠳᠡᠭ ᠤᠨ ᠲᠥᠷᠥᠯ ᠵᠦᠢᠯ ᠢ ᠮᠡᠳᠡᠭᠦᠯᠬᠦ ᠠᠴᠠ ᠡᠮᠦᠨᠡᠬᠢ ᠬᠤᠭᠤᠴᠠᠭᠠᠨ ᠤ ᠪᠡᠯᠡᠳᠬᠡᠯ᠂ ᠵᠢᠭᠡᠯᠡᠯᠭᠡ ᠶᠢᠨ ᠲᠡᠮᠳᠡᠭ ᠤᠨ ᠡᠬᠡ ᠬᠦᠦ ᠲᠠᠢ ᠨᠢ ᠪᠤᠴᠠᠭᠠᠬᠤ ᠵᠢᠴᠢ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠵᠠᠳᠠᠯᠬᠤ᠂ ᠬᠢᠨᠠᠨ ᠰᠢᠨᠵᠢᠬᠦ᠂ ᠦᠨᠡᠯᠡᠨ ᠵᠢᠱᠢᠬᠦ ᠵᠡᠷᠭᠡ ᠰᠠᠭᠤᠷᠢ ᠴᠢᠨᠠᠷᠲᠠᠶ᠂ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    4 . ᠦᠷ᠎ᠡ ᠪᠦᠲᠦᠮᠵᠢ ᠶᠢ ᠦᠨᠡᠯᠡᠬᠦ ᠲᠠᠰᠤᠭ᠃ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠬᠠᠪᠰᠤᠷᠤᠨ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠬᠤᠰᠢᠭᠤᠨ ᠤ ᠲᠣᠰ ᠱᠠᠲᠤᠨ ᠤ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠵᠢᠴᠢ ᠦᠨᠡᠯᠡᠯᠲᠡ ᠶᠢᠨ ᠬᠠᠮᠢᠶ᠎ᠠ ᠪᠥᠬᠦᠶ ᠠᠵᠢᠯ ᠶᠠᠪᠤᠳᠠᠯ ᠢ ᠬᠠᠷᠢᠭᠤᠴᠠᠨ᠎ᠠ ︔ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ ᠪᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠲᠥᠰᠦᠪ ᠤᠨ ᠬᠢᠨᠠᠯᠲᠠ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ︔ ᠲᠣᠪᠴᠢᠶᠠᠨ ᠤ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠳᠣᠲᠣᠭᠠᠳᠤ ᠶᠢᠨ ᠡᠵᠡᠮᠳᠡᠯ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ᠃    ︵ᠬᠤᠶᠠᠷ︶ ᠠᠷᠤᠨ ᠬᠤᠰᠢᠭᠤᠨ ᠤ ᠨᠢᠭᠲᠠᠯᠠᠨ ᠪᠣᠳᠣᠭᠴᠢ ᠶᠢᠨ ᠲᠣᠭᠠᠴᠠᠭ᠎ᠠ ᠬᠢᠬᠦ ᠲᠥᠪ᠃ ᠠᠷᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ︵ᠬᠠᠷᠢᠶᠠᠲᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭᠠᠨ ᠤ ᠳᠡᠰ ᠲᠠᠢ ᠲᠡᠩᠴᠡᠨ᠎ᠡ᠃    ᠭᠤᠣᠯ ᠡᠭᠦᠷᠭᠡ ᠬᠠᠷᠢᠭᠤᠴᠠᠯᠭ᠎ᠠ ᠨᠢ᠄    1 . ︽ᠨᠢᠭᠲᠠᠯᠠᠨ ᠪᠣᠳᠣᠬᠤ ᠬᠠᠤᠯᠢ︾᠂ ︽ᠲᠥᠰᠦᠪ ᠤᠨ ᠬᠠᠤᠯᠢ︾ ᠪᠣᠯᠤᠨ ᠡᠳ᠋ ᠤᠨ ᠵᠠᠰᠠᠭ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ︔ ᠬᠡᠰᠡᠭ ᠲᠥᠰᠦᠪ ᠢ ᠡᠭᠦᠷᠭᠡᠯᠡᠵᠦ ᠪᠠᠶᠢᠭ᠎ᠠ ᠨᠢᠭᠡᠴᠢ ᠨᠢᠭᠲᠠᠯᠠᠨ ᠪᠤᠳᠦᠬᠤ ᠲᠣᠭᠠᠴᠠᠭ᠎ᠠ ᠶᠢ ᠨᠢᠭᠡᠳᠦᠯᠲᠡᠢ ᠪᠣᠯᠭᠠᠵᠤ᠂ ᠪᠡᠯᠠ ᠮᠥᠩᠭᠦᠨ ᠤ ᠠᠵᠢᠯᠯᠠᠭᠠᠨ ᠢ ᠨᠢᠭᠡᠳᠦᠯᠲᠡᠢ ᠪᠣᠯᠭᠠᠵᠤ᠂ ᠨᠢᠭᠲᠠᠯᠠᠨ ᠪᠤᠳᠦᠬᠤ ᠦᠢᠯᠡᠴᠢᠯᠡᠭᠡᠨ ᠤ ᠠᠵᠢᠯ ᠵᠢᠴᠢ ᠡᠯ᠎ᠡ ᠵᠦᠢᠯ ᠤᠨ ᠪᠡᠯᠠ ᠮᠥᠩᠭᠦ ᠶᠢ ᠲᠡᠮᠳᠡᠭᠯᠡᠬᠦ᠂ ᠪᠤᠳᠦᠬᠤ ᠪᠠ ᠮᠡᠳᠡᠭᠦᠯᠬᠦ ᠶᠢ ᠨᠢᠭᠡᠳᠦᠯᠲᠡᠢ ᠪᠣᠯᠭᠠᠨ᠎ᠠ᠃    2 . ᠬᠡᠰᠡᠭ ᠲᠥᠰᠦᠪ ᠤᠨ ᠨᠢᠭᠡᠴᠡ ᠶᠢᠨ ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠢ ᠡᠮᠬᠢᠯᠡᠬᠦ᠂ ᠦᠳᠡᠬᠦ᠂ ᠳᠠᠩᠰᠠ ᠡᠪᠬᠡᠮᠡᠯ ᠳᠤ ᠣᠷᠣᠭᠤᠯᠬᠤ ᠪᠠ ᠰᠢᠯᠵᠢᠭᠦᠯᠦᠨ ᠲᠤᠰᠢᠶᠠᠬᠤ ᠠᠵᠢᠯ ᠢ ᠡᠭᠦᠷᠭᠡᠯᠡᠬᠦ ᠶᠢᠨ ᠬᠠᠮᠲᠤ ᠨᠢᠭᠲᠠᠯᠠᠨ ᠪᠣᠳᠣᠭᠴᠢ ᠶᠢᠨ ᠮᠡᠳᠡᠭᠡ ᠵᠠᠩᠭᠢ ᠶᠢᠨ ᠳᠠᠩᠰᠠ ᠡᠪᠬᠡᠮᠡᠯ ᠢ ᠬᠠᠷᠢᠭᠤᠴᠠᠨ ᠬᠠᠳᠠᠭᠠᠯᠠᠬᠤ ᠬᠡᠷᠡᠭᠲᠡᠶ︔ ᠨᠢᠭᠲᠠᠯᠠᠨ ᠪᠣᠳᠣᠬᠤ ᠮᠡᠳᠡᠭᠡ ᠵᠠᠩᠭᠢ ᠶᠢᠨ ᠮᠠᠲ᠋ᠧᠷᠢᠶᠠᠯ ᠤᠨ ᠯᠠᠪᠯᠠᠯᠭ᠎ᠠ ᠶᠢᠨ ᠦᠢᠯᠡᠴᠢᠯᠡᠭᠡᠨ ᠢ ᠡᠭᠦᠷᠭᠡᠯᠡᠨ᠎ᠡ᠃    3 . ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ᠳᠣᠲᠣᠭᠠᠳᠤ ᠪᠠᠶᠢᠭᠤᠯᠤᠮᠵᠢ᠄    1 ᠶᠡᠷᠦᠩᠬᠡᠶᠢᠯᠡᠭᠰᠡᠨ ᠲᠠᠰᠤᠭ᠃ ᠺᠣᠮᠫᠢᠦ᠋ᠲ᠋ᠧᠷ ᠤᠨ ᠵᠥᠭᠡᠯᠡᠨ ᠬᠡᠷᠡᠭᠰᠡᠯ᠂ ᠬᠠᠲᠠᠭᠤ ᠬᠡᠷᠡᠭᠰᠡᠯ ᠬᠢᠭᠡᠳ ᠰᠢᠰᠲ᠋ᠧᠮ ᠤᠨ ᠠᠵᠢᠯᠯᠠᠭᠠᠨ᠂ ᠬᠠᠮᠠᠭᠠᠯᠠᠯᠲᠠ ᠪᠠ ᠲᠤᠭ᠎ᠠ ᠪᠠᠷᠢᠮᠲᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠶᠢ ᠡᠭᠦᠷᠭᠡᠯᠡᠵᠦ᠂ ᠺᠣᠮᠫᠢᠦ᠋ᠲ᠋ᠧᠷ ᠤᠨ ᠰᠢᠰᠲ᠋ᠧᠮ ᠤᠨ ᠠᠶᠤᠯ ᠦᠭᠡᠶ᠂ ᠮᠠᠲ᠋ᠧᠷᠢᠶᠠᠯ ᠤᠨ ᠪᠦᠷᠢᠨ ᠪᠦᠲᠦᠨ ᠪᠠᠶᠢᠬᠤ ᠪᠠ ᠨᠢᠭᠤᠴᠠ ᠶᠢ ᠬᠠᠮᠠᠭᠠᠯᠠᠬᠤ ᠠᠵᠢᠯ ᠢ ᠪᠠᠲᠤᠯᠠᠨ᠎ᠠ︔ ᠳᠣᠲᠣᠭᠠᠳᠤ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠬᠤ᠂ ᠶᠡᠷᠦᠩᠬᠡᠶᠢᠯᠡᠭᠰᠡᠨ ᠨᠠᠷᠢᠨ ᠪᠢᠴᠢᠭᠡᠴᠢ ᠵᠢᠴᠢ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ︔ ᠤᠬᠠᠭᠤᠯᠭ᠎ᠠ ᠵᠢᠴᠢ ᠡᠯ᠎ᠡ ᠵᠦᠢᠯ ᠤᠨ ᠠᠵᠢᠯᠯᠠᠭ᠎ᠠ ᠶᠢᠨ ᠪᠡᠯᠡᠳᠬᠡᠬᠦ᠂ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ︔ ᠡᠳᠦᠷ ᠲᠤᠲᠤᠮ ᠤᠨ ᠠᠯᠪᠠᠨ ᠬᠡᠷᠡᠭᠰᠡᠯ᠂ ᠺᠣᠮᠫᠢᠦ᠋ᠲ᠋ᠧᠷ ᠤᠨ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠲᠥᠯᠥᠪᠯᠡᠭᠡ᠂ ᠬᠥᠮᠥᠷᠭᠡ ᠳᠤ ᠣᠷᠣᠭᠤᠯᠤᠨ ᠬᠠᠳᠠᠭᠠᠯᠠᠵᠤ ᠬᠠᠮᠢᠶᠠᠷᠬᠤ ᠵᠢᠴᠢ ᠠᠪᠴᠤ ᠬᠡᠷᠡᠭᠯᠡᠬᠦ ᠶᠢᠨ ᠳᠠᠩᠰᠠᠯᠠᠨ ᠲᠡᠮᠳᠡᠭᠯᠡᠬᠦ ᠠᠵᠢᠯ ᠢ ᠬᠠᠷᠢᠭᠤᠴᠠᠨ᠎ᠠ︔ ᠲᠣᠭᠲᠠᠮᠠᠯ ᠬᠥᠷᠥᠩᠭᠡ ᠶᠢ ᠬᠠᠳᠠᠭᠠᠯᠠᠬᠤ᠂ ᠳᠠᠩᠰᠠᠯᠠᠬᠤ ᠵᠢᠴᠢ ᠰᠡᠯᠪᠢᠨ ᠵᠠᠰᠠᠵᠤ ᠬᠠᠮᠠᠭᠠᠯᠠᠬᠤ ᠠᠵᠢᠯ ᠢ ᠬᠠᠷᠢᠭᠤᠴᠠᠨ᠎ᠠ︔ ᠠᠵᠢᠯᠲᠠᠨ ᠤ ᠮᠡᠳᠡᠭᠡ ᠵᠠᠩᠭᠢ ᠬᠠᠩᠭᠠᠬᠤ᠂ ᠴᠠᠯᠢᠩ ᠲᠣᠬᠢᠷᠠᠭᠤᠯᠬᠤ ᠠᠵᠢᠯ ᠢ ᠬᠠᠷᠢᠭᠤᠴᠠᠨ᠎ᠠ᠃    2 ᠨᠢᠭᠲᠠᠯᠠᠨ ᠪᠤᠳᠤᠬᠤ ᠲᠠᠰᠤᠭ᠃ ᠰᠠᠯᠠᠭ᠎ᠠ ᠮᠥᠴᠢᠷ ᠤᠨ ᠲᠥᠰᠦᠪ ᠤᠨ ᠨᠢᠭᠡᠴᠡ ᠶᠢᠨ ᠨᠢᠭᠲᠠᠯᠠᠨ ᠪᠣᠳᠣᠬᠤ ᠲᠣᠭᠠᠴᠠᠭ᠎ᠠ ᠬᠢᠬᠦ ᠲᠤᠬᠠᠶᠢᠯᠠᠭᠰᠠᠨ ᠠᠵᠢᠯ ᠢ ᠡᠭᠦᠷᠭᠡᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠥᠰᠦᠪ ᠤᠨ ᠨᠢᠭᠡᠴᠡ ᠯᠦᠭᠡ ᠳᠠᠩᠰᠠ ᠬᠠᠷᠭᠤᠭᠤᠯᠵᠤ᠂ ᠬᠠᠮᠢᠶ᠎ᠠ ᠪᠦᠬᠦᠢ ᠨᠢᠭᠲᠠᠯᠠᠨ ᠪᠣᠳᠣᠬᠤ ᠲᠣᠭᠠᠴᠠᠭ᠎ᠠ ᠬᠢᠬᠦ ᠡᠳᠦᠷ ᠲᠤᠲᠤᠮ ᠤᠨ ᠪᠠᠶᠢᠴᠠᠭᠠᠨ ᠯᠠᠪᠯᠠᠬᠤ ᠶᠢ ᠬᠠᠩᠭᠠᠵᠤ᠂ ᠲᠥᠰᠦᠪ ᠤᠨ ᠨᠢᠭᠡᠴᠡ ᠶᠢ ᠬᠠᠮᠵᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔ ᠳᠠᠩᠰᠠ ᠲᠡᠮᠳᠡᠭᠯᠡᠬᠦ ᠭᠡᠷᠡᠴᠢ ᠪᠠᠷᠢᠮᠲᠠ ᠶᠢ ᠨᠠᠶᠢᠷᠠᠭᠤᠯᠤᠨ ᠵᠣᠬᠢᠶᠠᠬᠤ ᠶᠢ ᠡᠭᠦᠷᠭᠡᠯᠡᠵᠦ᠂ ᠲᠥᠪᠯᠡᠷᠡᠭᠦᠯᠦᠨ ᠥᠭᠬᠦ ᠶᠡᠷᠦᠩᠬᠡᠶ ᠳᠠᠩᠰᠠ᠂ ᠨᠠᠷᠢᠨ ᠳᠠᠩᠰᠠ ᠶᠢ ᠬᠠᠮᠢᠶᠠᠷᠤᠨ᠎ᠠ︔ ᠲᠥᠪᠯᠡᠷᠡᠭᠦᠯᠦᠨ ᠥᠭᠬᠦ ᠬᠠᠮᠢᠶᠠᠷᠤᠯᠲᠠ ᠳᠤ ᠣᠷᠣᠭᠤᠯᠤᠭᠰᠠᠨ ᠡᠳ᠋ ᠤᠨ ᠵᠠᠰᠠᠭ ᠤᠨ ᠴᠢᠨᠠᠷᠲᠠᠶ ᠪᠠᠯᠠ ᠮᠥᠩᠭᠦ ᠳᠤ ᠨᠠᠷᠢᠨ ᠲᠣᠭᠠᠴᠠᠭ᠎ᠠ ᠬᠢᠬᠦ ᠶᠢ ᠬᠠᠷᠢᠭᠤᠴᠠᠵᠤ᠂ ᠲᠥᠰᠦᠪ ᠤᠨ ᠨᠢᠭᠡᠴᠡ ᠶᠢᠨ ᠥᠪᠡᠰᠦᠪᠡᠨ ᠴᠤᠭᠯᠠᠭᠤᠯᠤᠭᠰᠠᠨ ᠪᠠᠯᠠ ᠮᠥᠩᠭᠦ ᠶᠢ ᠲᠠᠩᠰᠠᠨ ᠳᠤ ᠣᠷᠣᠭᠤᠯᠤᠭᠰᠠᠨ ᠪᠠᠶᠢᠳᠠᠯ ᠢ ᠡᠵᠡᠮᠰᠢᠵᠦ᠂ ᠡᠳ᠋ ᠤᠨ ᠵᠠᠰᠠᠭ ᠤᠨ ᠲᠣᠪᠴᠢᠶ᠎ᠠ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠲᠠᠰᠤᠭ ᠲᠤ ᠨᠢᠭᠲᠠᠯᠠᠨ ᠪᠤᠳᠤᠬᠤ ᠮᠡᠳᠡᠭᠡ ᠵᠠᠩᠭᠢ ᠶᠢᠨ ᠮᠠᠲ᠋ᠧᠷᠢᠶᠠᠯ ᠢᠶᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠨ᠎ᠡ᠃    ︵ᠭᠤᠷᠪᠠ︶ ᠠᠷᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠃ ᠠᠷᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠳᠡᠰ ᠲᠠᠢ ᠲᠡᠩᠴᠡᠨ᠎ᠡ᠃    ᠭᠤᠣᠯ ᠡᠭᠦᠷᠭᠡ ᠬᠠᠷᠢᠭᠤᠴᠠᠯᠭ᠎ᠠ ᠨᠢ᠄    1 . ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠯᠤᠭ᠎ᠠ ᠬᠤᠯᠪᠣᠭᠳᠠᠬᠤ ᠶᠡᠷᠦᠩᠬᠡᠶᠢᠯᠡᠭᠰᠡᠨ ᠦᠶ᠋ᠯᠡᠴᠢᠯᠡᠭᠡᠨ᠂ ᠠᠷᠤ ᠲᠠᠯ᠎ᠠ ᠶᠢᠨ ᠪᠠᠲᠤᠯᠠᠭ᠎ᠠ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    2 . ᠡᠳ᠋ ᠤᠨ ᠵᠠᠰᠠᠭ ᠤᠨ ᠴᠢᠨᠠᠷᠲᠠᠶ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠦᠢᠮᠣ ᠲᠥᠰᠦᠪ ᠪᠠ ᠣᠨ ᠤ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠭᠡᠯ᠂ ᠪᠠᠷᠢᠯᠭ᠎ᠠ ᠳᠠᠭᠤᠰᠤᠭᠰᠠᠨ ᠲᠥᠰᠦᠪ ᠤᠨ ᠭᠦᠢᠴᠡᠳᠭᠡᠯ ᠢ ᠬᠢᠨᠠᠨ ᠪᠠᠶᠢᠴᠠᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃    3 . ᠡᠳ᠋ ᠤᠨ ᠵᠠᠰᠠᠭ ᠤᠨ ᠴᠢᠨᠠᠷᠲᠠᠶ ᠪᠡᠯᠡ ᠣᠷᠣᠭᠤᠯᠤᠯᠲᠠ ᠲᠠᠢ ᠬᠤᠯᠪᠣᠭᠳᠠᠬᠤ ᠲᠥᠷᠥ ᠶᠢᠨ ᠪᠣᠳᠣᠯᠭ᠎ᠠ᠂ ᠵᠠᠬ᠎ᠠ ᠳᠡᠯᠭᠡᠭᠦᠷ ᠤᠨ ᠰᠤᠳᠤᠯᠤᠯ ᠪᠣᠯᠤᠨ ᠪᠡᠯᠡ ᠣᠷᠣᠭᠤᠯᠤᠯᠲᠠ ᠶᠢᠨ ᠦᠷ᠎ᠡ ᠠᠰᠢᠭ᠂ ᠪᠡᠯᠡ ᠣᠷᠣᠭᠤᠯᠤᠯᠲᠠ ᠶᠢᠨ ᠲᠦᠭᠰᠢᠭᠦᠷᠢ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠵᠠᠳᠠᠯᠤᠯᠲᠠ ᠵᠡᠷᠭᠡ ᠠᠵᠢᠯ ᠢ ᠡᠭᠦᠷᠭᠡᠯᠡᠨ᠎ᠡ᠃    4 . ᠪᠦᠬᠦ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠬᠡᠪᠴᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠮᠥᠩᠭᠦᠨ ᠤ ᠡᠷᠭᠢᠯᠲᠡ ᠲᠠᠢ ᠬᠤᠯᠪᠣᠭᠳᠠᠭᠰᠠᠨ ︵ᠡᠳ᠋ ᠬᠥᠷᠥᠩᠭᠡ ᠶᠢ ᠬᠢᠨᠠᠨ ᠬᠠᠷᠭᠤᠭᠤᠯᠬᠤ᠂ ᠬᠢᠨᠠᠨ ᠡᠵᠡᠮᠰᠢᠬᠦ ᠵᠡᠷᠭᠡ︶ ᠰᠠᠭᠤᠷᠢ ᠴᠢᠨᠠᠷᠲᠠᠢ ᠠᠵᠢᠯ ᠢ ᠬᠠᠷᠢᠭᠤᠴᠠᠨ᠎ᠠ᠃    5 . ᠡᠳ᠋ ᠤᠨ ᠵᠠᠰᠠᠭ ᠤᠨ ᠴᠢᠨᠠᠷᠲᠠᠶ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠰᠠᠭᠤᠷᠢ ᠶᠢ ᠨᠠᠶᠢᠷᠠᠭᠤᠯᠤᠨ ᠵᠣᠬᠢᠶᠠᠬᠤ ᠵᠢᠴᠢ ᠲᠥᠷᠥᠯ ᠵᠦᠢᠯ ᠤᠨ ᠨᠢᠭᠡᠴᠡ ᠶᠢᠨ ᠳᠠᠭᠠᠭᠠᠴᠢᠯᠠᠯᠲᠠ ᠶᠢᠨ ᠰᠠᠭᠤᠷᠢ ᠶᠢ ᠨᠠᠶᠢᠷᠠᠭᠤᠯᠤᠨ ᠵᠣᠬᠢᠶᠠᠬᠤ ᠳᠤ ᠬᠢᠨᠠᠨ ᠲᠣᠭᠲᠠᠭᠠᠬᠤ ᠠᠵᠢᠯ ᠢ ᠬᠠᠮᠵᠢᠯᠴᠠᠨ ᠥᠷᠨᠢᠭᠦᠯᠦᠨ᠎ᠡ᠃    6 . ᠪᠦᠬᠦ ᠬᠤᠰᠢᠭᠤᠨ ᠤ ᠡᠳ᠋ ᠤᠨ ᠵᠠᠰᠠᠭ ᠤᠨ ᠫᠢᠶᠣᠣ ᠪᠠᠷᠢᠮᠲᠠ ᠲᠠᠷᠬᠠᠭᠠᠬᠤ᠂ ᠬᠠᠳᠠᠭᠠᠯᠠᠨ ᠬᠠᠮᠢᠶᠠᠷᠬᠤ᠂ ᠬᠢᠨᠠᠵᠤ ᠭᠠᠷᠭᠠᠬᠤ ᠵᠡᠷᠭᠡ ᠠᠵᠢᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    7 . ᠮᠥᠩᠭᠦᠨ ᠭᠦᠢᠯᠭᠡᠭᠡ ᠡᠳ᠋ ᠤᠨ ᠵᠠᠰᠠᠭ ᠤᠨ ᠢᠨᠵᠧᠨᠧᠷᠢᠩ ᠤᠨ ᠬᠡᠷᠡᠭᠯᠡᠭᠡᠨ ᠤ ᠰᠢᠰᠲ᠋ᠧᠮ ᠤᠨ ᠬᠡᠷᠡᠭᠯᠡᠯᠲᠡ᠂ ᠲᠤᠭ᠎ᠠ ᠪᠠᠷᠢᠮᠲᠠ ᠶᠢᠨ ᠠᠶᠤᠯ ᠦᠭᠡᠶ ᠶᠢᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃    8 . ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ