ᠨᠢᠭᠡ᠂ ᠠᠷᠤᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠰᠠᠯᠠᠭ᠎ᠠ ᠮᠥᠴᠢᠷ᠂ ᠰᠠᠯᠠᠭᠠᠨ ᠲᠠᠰ᠃ | ᠬᠤᠶᠠᠷ᠂ ᠭᠤᠣᠯ ᠡᠭᠦᠷᠭᠡ ᠬᠠᠷᠢᠭᠤᠴᠠᠯᠭ᠎ᠠ᠄ | 1 . ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠤᠨ ᠡᠯ᠎ᠡ | ᠵᠦᠢᠯ ᠤᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ | ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ | ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | 2 . ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶ ᠬᠠᠷᠠᠯᠲᠠ᠂ | ᠴᠢᠬᠤᠯᠠ ᠶᠡᠭᠡ ᠡᠭᠦᠷᠭᠡ ᠵᠢᠴᠢ ᠬᠤᠯᠪᠣᠭᠳᠠᠯ ᠪᠥᠬᠦᠶ ᠠᠵᠢᠯ ᠢ ᠳᠤᠷᠠᠳᠪᠠ᠃ | 3 . ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠨᠢᠭᠡᠳᠦᠯᠲᠡᠶ ᠲᠥᠯᠥᠪᠯᠡᠨ ᠳᠤᠷᠠᠳᠴᠤ᠂ ᠠᠵᠤ | ᠠᠬᠤᠶ ᠶᠢᠨ ᠠᠵᠢᠯᠯᠠᠭᠠᠨ᠂ ᠶᠡᠷᠦᠩᠬᠡᠶ ᠬᠡᠮᠵᠢᠶ᠎ᠡ ᠶᠢᠨ ᠲᠡᠩᠴᠡᠭᠦᠷᠢ᠂ ᠠᠵᠤ ᠠᠬᠤᠶ ᠶᠢᠨ ᠠᠮᠤᠷ ᠲᠦᠪᠰᠢᠨ ᠪᠣᠯᠤᠨ ᠠᠵᠤ ᠦᠢᠯᠡᠰ ᠤᠨ ᠠᠮᠤᠷ ᠲᠦᠪᠰᠢᠨ ᠵᠡᠷᠭᠡ | ᠴᠢᠬᠤᠯᠠ ᠶᠡᠭᠡ ᠠᠰᠠᠭᠤᠳᠠᠯ ᠢ ᠰᠤᠳᠤᠯᠤᠨ᠂ ᠬᠤᠷᠸ᠎ᠠ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ ᠲᠥᠰᠦᠭᠡᠯᠡᠵᠦ ᠰᠡᠷᠡᠮᠵᠢᠯᠡᠭᠦᠯᠬᠦ | ᠬᠡᠷᠡᠭᠲᠡᠶ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠬᠤ ᠬᠡᠷᠡᠭᠲᠡᠶ᠃ | 4 . ᠪᠦᠬᠦ ᠬᠤᠰᠢᠭᠤᠨ ᠤ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠠᠬᠢᠭᠤᠯᠬᠤ ᠪᠠ | ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠤᠨ᠎ᠠ᠃ | 5 . ᠪᠦᠬᠦ ᠬᠤᠰᠢᠭᠤᠨ ᠤ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ ᠣᠷᠣᠭᠤᠯᠬᠤ ᠲᠥᠯᠥᠪᠵᠢᠭᠦᠯᠭᠡ᠂ ᠪᠠᠶᠢᠷᠢᠯᠠᠭᠤᠯᠤᠯᠲᠠ᠂ | ᠲᠥᠷᠥᠯ ᠵᠦᠢᠯ ᠪᠠ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠵᠢᠴᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ︽ᠨᠢᠭᠡ ᠪᠦᠰᠡ | ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ᠃ ᠭᠠᠷᠴᠤ ᠶᠠᠪᠤᠬᠤ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠡᠭᠦᠷᠭᠡᠯᠡᠨ᠎ᠡ᠃ | 6 . ᠪᠦᠬᠦ ᠬᠤᠰᠢᠭᠤᠨ ᠤ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ | ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠪᠣᠯᠤᠨ ᠪᠡᠯᠡ ᠣᠷᠣᠭᠤᠯᠤᠯᠲᠠ ᠶᠢᠨ ᠪᠦᠲᠦᠴᠡ ᠶᠢᠨ | ᠲᠣᠬᠢᠷᠠᠭᠤᠯᠭ᠎ᠠ ᠡᠵᠡᠮᠰᠢᠯ ᠤᠨ ᠬᠠᠷᠠᠯᠲᠠ᠂ ᠲᠥᠷᠥ ᠶᠢᠨ ᠪᠣᠳᠣᠯᠭ᠎ᠠ ᠵᠢᠴᠢ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠤᠨ ᠵᠠᠰᠠᠭ ᠤᠨ ᠣᠷᠳᠣᠨ ᠤ ᠬᠢᠨᠠᠨ | ᠵᠥᠪᠰᠢᠶᠡᠷᠡᠬᠦ ᠲᠥᠷᠥᠯ ᠵᠦᠢᠯ ᠢ ᠲᠤᠭᠤᠷᠪᠢᠨ ᠲᠣᠭᠲᠠᠭᠠᠬᠤ ᠭᠠᠷᠴᠠᠭ ᠢ ᠳᠤᠷᠠᠳᠬᠤ ᠬᠡᠷᠡᠭᠲᠡᠶ᠃ | 7 . ᠣᠷᠣᠨ ᠪᠦᠰᠡ ᠶᠢ ᠵᠣᠬᠢᠴᠠᠩᠭᠤᠶ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ | ᠬᠡᠷᠡᠭᠵᠢᠭᠦᠯᠬᠦ ᠲᠥᠰᠦᠯ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ | ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ ᠴᠢᠬᠤᠯᠠ ᠶᠡᠭᠡ ᠬᠡᠷᠡᠭ ᠶᠠᠪᠤᠳᠠᠯ ᠪᠠ ᠠᠵᠢᠯ ᠲᠦᠷᠦᠯ ᠤᠨ ᠰᠢᠰᠲ᠋ᠧᠮ ᠢᠶᠠᠷ ᠢᠶᠠᠨ | ᠲᠤᠰᠠᠯᠠᠬᠤ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ | 8 . ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠬᠤᠰᠢᠭᠤ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠥᠬᠦᠶ ᠬᠥᠭᠵᠢᠯᠲᠡ ᠶᠢᠨ | ᠲᠥᠯᠥᠪᠵᠢᠭᠦᠯᠭᠡ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠲᠠᠢ ᠨᠢᠭᠡᠳᠦᠯᠲᠡᠶ ᠲᠥᠯᠥᠪᠵᠢᠭᠦᠯᠦᠨ ᠵᠣᠯᠭᠠᠭᠤᠯᠬᠤ ᠶᠢ ᠰᠠᠶᠢᠲᠤᠷ ᠬᠢᠨ᠎ᠠ᠃ | 9 . ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ | 10 . ᠠᠵᠤ ᠠᠬᠤᠶ ᠶᠢᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ | ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ ᠬᠡᠮ ᠢ ᠮᠥᠷᠳᠡᠨ ᠰᠤᠳᠤᠯᠵᠤ ᠮᠠᠭᠠᠳᠯᠠᠨ᠂ | ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠳᠤᠷᠠᠳᠤᠨ᠎ᠠ᠃ | 11 . ᠪᠥᠬᠦ ᠬᠤᠰᠢᠭᠤᠨ ᠤ ᠨᠡᠶᠢᠭᠡᠮ ᠤᠨ ᠬᠥᠭᠵᠢᠯᠲᠡ ᠪᠠ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ | ᠵᠣᠯᠭᠠᠯᠳᠤᠭᠤᠯᠵᠤ ᠵᠣᠬᠢᠴᠠᠭᠤᠯᠬᠤ ᠴᠢᠬᠤᠯᠠ ᠶᠡᠭᠡ ᠠᠰᠠᠭᠤᠳᠠᠯ ᠢ ᠬᠠᠷᠢᠭᠤᠴᠠᠨ᠎ᠠ᠃ | 12 . ᠦᠷᠭᠦᠯᠵᠢᠯᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ | ᠪᠣᠯᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ᠂ ᠡᠨᠧᠷᠭᠢ ᠡᠬᠢ ᠪᠠᠶᠠᠯᠢᠭ ᠢ ᠠᠷᠪᠢᠯᠠᠬᠤ ᠪᠠ | ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠳᠤ ᠵᠣᠬᠢᠴᠠᠭᠤᠯᠵᠤ᠂ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ ᠬᠡᠷᠡᠭᠲᠡᠶ᠃ | 13 . ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠵᠣᠬᠢᠴᠠᠩᠭᠤᠶ ᠪᠠᠷ ᠬᠥᠭᠵᠢᠬᠦ ᠶᠢ ᠲᠦᠯᠬᠢᠨ ᠠᠬᠢᠭᠤᠯᠬᠤ ᠪᠠᠶᠢᠯᠳᠤᠬᠤ ᠪᠣᠳᠣᠯᠭ᠎ᠠ ᠪᠣᠯᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ | ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | 14 . ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠰᠤᠳᠤᠯᠤᠨ ᠳᠤᠷᠠᠳᠴᠤ᠂ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | 15 . ᠡᠨᠧᠷᠭᠢ ᠶᠢ ᠲᠥᠰᠦᠭᠡᠯᠡᠵᠦ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠲᠡᠯᠡᠬᠦ᠂ ᠡᠨᠧᠷᠭᠢ ᠶᠢᠨ ᠠᠵᠢᠯᠯᠠᠭᠠᠨ ᠢ ᠲᠣᠬᠢᠷᠠᠭᠤᠯᠬᠤ ᠪᠠ ᠪᠠᠴᠢᠮ ᠪᠠᠶᠢᠳᠠᠯ ᠢ | ᠠᠷᠭᠠᠴᠠᠬᠤ ᠳᠤ ᠣᠷᠣᠯᠴᠠᠬᠤ ᠶᠢ ᠬᠠᠷᠢᠭᠤᠴᠠᠨ᠎ᠠ᠃ ᠪᠦᠬᠦ ᠬᠤᠰᠢᠭᠤᠨ ᠤ ᠨᠡᠭᠦᠷᠡᠰᠦ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ | ᠰᠢᠨ᠎ᠡ ᠡᠨᠧᠷᠭᠢ ᠪᠠ ᠳᠠᠬᠢᠨ ᠡᠭᠦᠰᠴᠦ ᠪᠣᠯᠬᠤ ᠡᠨᠧᠷᠭᠢ ᠵᠢᠴᠢ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠲᠦᠯᠡᠰᠢ ᠬᠢᠬᠦ ᠪᠠ ᠲᠦᠯᠡᠰᠢᠨ ᠡᠲ᠋ᠢᠯ ᠠᠯᠺᠣᠣᠯ ᠵᠡᠷᠭᠡ | ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠪᠡ ᠪᠠ ᠬᠠᠮᠢᠶᠠᠷᠤᠯᠲᠠ ᠶᠢ ᠡᠭᠦᠷᠭᠡᠯᠡᠨ᠎ᠡ᠃ | 16 . ᠣᠷᠣᠨ ᠪᠦᠰᠡ ᠶᠢᠨ ᠬᠤᠭᠤᠷᠣᠨᠳᠣᠬᠢ᠂ ᠠᠵᠤ ᠦᠢᠯᠡᠰ ᠤᠨ ᠬᠤᠭᠤᠷᠣᠨᠳᠣᠬᠢ ᠬᠠᠮᠵᠢᠯᠴᠠᠨ ᠬᠥᠭᠵᠢᠬᠦ ᠪᠠ ᠬᠤᠷᠰᠢᠯᠴᠠᠬᠤ ᠶᠢ ᠨᠢᠭᠡᠳᠦᠯᠲᠡᠶ | ᠲᠥᠯᠥᠪᠯᠡᠨ ᠰᠤᠳᠤᠯᠵᠤ᠂ ᠣᠷᠣᠨ ᠪᠦᠰᠡ ᠶᠢᠨ ᠠᠵᠤ ᠠᠬᠤᠶ ᠶᠢᠨ ᠬᠠᠮᠵᠢᠯᠴᠠᠭ᠎ᠠ ᠶᠢ ᠰᠤᠳᠤᠯᠤᠨ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ | ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠬᠦ | ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | 17 . ᠣᠷᠣᠨ ᠪᠦᠰᠡ ᠶᠢᠨ ᠴᠢᠨᠠᠷᠲᠠᠶ ᠭᠠᠵᠠᠷ ᠣᠷᠣᠨ ᠤ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ᠂ ᠬᠡᠷᠡᠭᠵᠢᠭᠦᠯᠬᠦ ᠲᠥᠰᠦᠯ ᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠨ᠎ᠠ᠃ | 18 . ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠲᠠ ᠶᠢᠨ ᠨᠥᠭᠡᠴᠡᠯᠡᠯ ᠤᠨ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ | ᠪᠣᠯᠤᠨ ᠲᠦᠷᠦᠯ ᠵᠦᠢᠯ ᠤᠨ ᠭᠠᠷᠴᠠᠭ ᠢ ᠦᠨᠳᠦᠰᠦᠯᠡᠨ᠂ ᠪᠥᠬᠦ ᠬᠤᠰᠢᠭᠤᠨ ᠤ ᠴᠢᠬᠤᠯᠠ ᠪᠥᠬᠦᠶ ᠪᠠᠴᠢᠮ ᠪᠠᠶᠢᠳᠠᠯ ᠢ ᠠᠷᠭᠠᠴᠠᠬᠤ ᠨᠥᠭᠡᠴᠡ ᠡᠳ᠋ ᠪᠣᠳᠠᠰ ᠢ | ᠬᠤᠷᠢᠶᠠᠨ ᠨᠥᠭᠡᠴᠡᠯᠡᠬᠦ᠂ ᠡᠭᠡᠯᠵᠢᠯᠡᠭᠦᠯᠬᠦ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠳᠤᠷᠠᠳᠴᠤ᠂ ᠲᠥᠰᠦᠯ᠂ ᠠᠷᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠬᠦ ᠪᠠ ᠡᠳᠦᠷ ᠲᠤᠲᠤᠮ ᠤᠨ ᠬᠠᠮᠢᠶᠠᠷᠤᠯᠲᠠ ᠬᠢᠨ᠎ᠠ᠃ | 19 . ᠠᠮᠤ ᠪᠤᠳᠠᠭ᠎ᠠ᠂ ᠢᠳᠡᠰᠢᠨ ᠲᠣᠰᠣ᠂ ᠡᠮ ᠤᠨ ᠵᠦᠢᠯ ᠪᠣᠯᠤᠨ ᠭᠠᠮᠰᠢᠭ ᠠᠴᠠ ᠠᠪᠤᠷᠠᠬᠤ ᠵᠡᠷᠭᠡ ᠬᠠᠮᠢᠶ᠎ᠠ ᠪᠦᠬᠦᠢ ᠡᠳ ᠪᠠᠷᠠᠭ᠎ᠠ ᠨᠥᠭᠡᠴᠡᠯᠡᠬᠦ ᠶᠢᠨ | ᠵᠠᠰᠠᠭ ᠵᠠᠬᠢᠷᠭᠠᠨ ᠤ ᠬᠠᠮᠢᠶᠠᠷᠤᠯᠲᠠ ᠶᠢ ᠡᠭᠦᠷᠭᠡᠯᠡᠨ᠎ᠡ᠃ | 20 . ᠠᠮᠤ ᠪᠤᠳᠠᠭᠠᠨ ᠤ ᠭᠦᠢᠯᠭᠡᠭᠡ ᠳᠤ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | 21 . ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠠᠴᠠ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠭᠤᠷᠪᠠ᠂ ᠳᠣᠲᠣᠭᠠᠳᠤ ᠪᠠᠶᠢᠭᠤᠯᠤᠮᠵᠢ᠄ | ︵ᠨᠢᠭᠡ︶ ᠠᠯᠪᠠᠨ ᠬᠡᠷ ︵ᠬᠠᠤᠯᠢ ᠲᠦᠷᠢᠮ ᠤᠨ ᠲᠠᠰᠤᠭ︶᠃ ᠪᠢᠴᠢᠭ ᠮᠠᠲ᠋ᠧᠷᠢᠶᠠᠯ᠂ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠠᠷᠢᠨ ᠪᠢᠴᠢᠭᠡᠴᠢ᠂ | ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ ᠵᠡᠷᠭᠡ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ᠂ ᠠᠮᠤᠷ | ᠲᠦᠪᠰᠢᠨ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠳᠦᠷᠢᠮ ᠲᠣᠭᠲᠠᠭᠠᠯ ᠤᠨ ᠪᠠᠶᠢᠭᠤᠯᠤᠯᠲᠠ᠂ ᠠᠷᠤ ᠲᠠᠯ᠎ᠠ ᠶᠢᠨ ᠠᠵᠢᠯ ᠤᠨ | ᠶᠠᠪᠤᠳᠠᠯ᠂ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠶᠡᠷᠦᠩᠬᠡᠶᠢᠯᠡᠭᠰᠡᠨ ᠪᠠ ᠲᠥᠯᠥᠪᠵᠢᠭᠦᠯᠭᠡ ᠶᠢᠨ ᠲᠠᠰᠤᠭ᠃ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ ᠬᠤᠷᠸ᠎ᠠ ᠠᠵᠤ ᠠᠬᠤᠢ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ | ᠬᠢᠵᠦ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠦᠨ᠎ᠡ᠃ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠶᠢ ᠰᠤᠳᠤᠯᠵᠤ᠂ ᠬᠤᠷᠸ᠎ᠠ ᠲᠤᠬᠢᠷᠡᠭᠤᠯᠦᠯ | ᠡᠵᠡᠮᠳᠡᠯ ᠤᠨ ᠬᠠᠷᠠᠯᠲᠠ ᠪᠠ ᠲᠦᠷᠦ ᠶᠢᠨ ᠪᠤᠳᠦᠯᠭ᠎ᠠ ᠶᠢᠨ ᠬᠠᠨᠳᠤᠰᠢ ᠵᠢᠴᠢ ᠲᠤᠬᠢᠷᠡᠭᠤᠯᠦᠯ ᠡᠵᠡᠮᠳᠡᠯ ᠤᠨ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠴᠢᠬᠤᠯᠠ ᠶᠡᠭᠡ | ᠲᠦᠷᠦ ᠶᠢᠨ ᠪᠤᠳᠦᠯᠭ᠎ᠠ ᠶᠢ ᠰᠤᠳᠤᠯᠵᠤ ᠤᠷᠢᠳᠴᠢᠯᠠᠨ ᠰᠤᠳᠤᠯᠬᠤ ᠪᠠ ᠤᠷᠢᠳᠴᠢᠯᠠᠨ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠎ᠡ᠃ | ︵ᠭᠤᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ | ᠨᠥᠭᠡᠴᠡᠯᠡᠬᠦ ᠲᠣᠪᠴᠢᠶ᠎ᠠ︶ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠲᠥᠪᠯᠡᠷᠡᠭᠦᠯᠦᠨ ᠭᠦᠢᠴᠡᠳᠭᠡᠬᠦ ᠶᠢ ᠬᠠᠷᠢᠭᠤᠴᠠᠵᠤ᠂ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠥᠬᠦᠶ ᠠᠵᠢᠯ ᠢ ᠰᠠᠶᠢᠲᠤᠷ ᠬᠢᠨ᠎ᠠ᠃ ᠬᠠᠮᠲᠤᠷᠠᠨ ᠬᠢᠨᠠᠬᠤ ᠰᠠᠯᠠᠭ᠎ᠠ | ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠡᠷᠭᠡ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠰᠤᠳᠤᠯᠤᠨ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ︵ᠳᠥᠷᠪᠡ︶ ᠪᠠᠯᠠ ᠣᠷᠣᠭᠤᠯᠤᠯᠲᠠ ᠬᠢᠭᠡᠳ ᠣᠷᠴᠢᠨ ᠲᠣᠭᠤᠷᠢᠨ ᠤ ᠪᠠᠯᠠ ᠣᠷᠣᠭᠤᠯᠤᠯᠲᠠ ᠶᠢᠨ ᠰᠲ᠋ᠣᠺ ︵ᠭᠤᠤᠯᠳᠠᠯᠭ᠎ᠠ ᠲᠠᠢ ᠲᠦᠷᠦᠯ ᠵᠦᠢᠯ ᠤᠨ ᠠᠯᠪᠠᠨ | ᠬᠡᠷ︶᠃ ᠪᠥᠬᠦ ᠬᠤᠰᠢᠭᠤᠨ ᠤ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠪᠥᠬᠦ ᠬᠤᠰᠢᠭᠤᠨ ᠤ | ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ ᠪᠠ ᠪᠠᠯᠠ ᠣᠷᠣᠭᠤᠯᠤᠯᠲᠠ ᠶᠢᠨ ᠪᠦᠲᠦᠴᠡ ᠶᠢᠨ | ᠲᠣᠬᠢᠷᠠᠭᠤᠯᠤᠯᠲᠠ ᠶᠢᠨ ᠬᠠᠷᠠᠯᠲᠠ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠣᠭᠲᠠᠭᠠᠨ᠎ᠠ᠃ | ︵ᠲᠠᠪᠤ︶ ᠠᠵᠤ ᠠᠬᠤᠶ ᠠᠷᠠᠯᠵᠢᠶ᠎ᠠ ᠬᠢᠭᠡᠳ ᠭᠠᠵᠠᠷ ᠣᠷᠣᠨ ᠤ ᠰᠲ᠋ᠣᠺ᠃ ᠬᠤᠰᠢᠭᠤᠨ ᠤ ᠳᠣᠲᠣᠨ᠎ᠠ ᠭᠠᠳᠠᠨᠠᠬᠢ ᠵᠠᠬ᠎ᠠ ᠳᠡᠯᠭᠡᠭᠦᠷ ᠤᠨ ᠪᠠᠶᠢᠳᠠᠯ ᠢ ᠬᠢᠨᠠᠨ | ᠬᠡᠮᠵᠢᠵᠦ ᠵᠠᠳᠠᠯᠤᠨ᠂ ᠪᠥᠬᠦ ᠬᠤᠰᠢᠭᠤᠨ ᠤ ᠴᠢᠬᠤᠯᠠ ᠲᠠᠸᠠᠷ ᠤᠨ ᠶᠡᠷᠦᠩᠬᠡᠶ ᠬᠡᠮᠵᠢᠶᠡᠨ ᠤ ᠲᠡᠩᠴᠡᠭᠦᠷᠢ ᠪᠠ ᠬᠤᠷᠸ᠎ᠠ ᠲᠣᠬᠢᠷᠠᠭᠤᠯᠤᠯᠲᠠ ᠶᠢᠨ ᠬᠠᠮᠢᠶ᠎ᠠ ᠪᠥᠬᠦᠶ | ᠠᠵᠢᠯ ᠢ ᠡᠭᠦᠷᠭᠡᠯᠡᠵᠦ᠂ ᠬᠤᠯᠪᠣᠭᠳᠠᠯ ᠪᠥᠬᠦᠶ ᠲᠠᠯ᠎ᠠ ᠲᠠᠢ ᠬᠠᠮᠲᠤᠷᠠᠨ ᠠᠮᠤ ᠪᠤᠳᠠᠭ᠎ᠠ᠂ ᠬᠥᠪᠥᠩ᠂ ᠰᠢᠬᠢᠷ᠂ ᠳᠠᠪᠤᠰᠤ᠂ ᠬᠢᠮᠢ ᠶᠢᠨ ᠪᠣᠷᠲᠣᠭᠤᠷ ᠵᠡᠷᠭᠡ ᠶᠢᠨ | ᠨᠥᠭᠡᠴᠡ ᠶᠢ ᠬᠠᠮᠢᠶᠠᠷᠤᠨ᠎ᠠ᠃ | ︵ᠵᠢᠷᠭᠤᠭ᠎ᠠ︶ ᠪᠠᠷᠠᠭᠤᠨ ᠣᠷᠣᠨ ᠢ ᠨᠡᠭᠡᠭᠡᠵᠦ ᠵᠡᠭᠦᠨ ᠣᠷᠣᠨ ᠢ ᠮᠠᠨᠳᠤᠭᠤᠯᠬᠤ ᠪᠠ ᠰᠠᠭᠤᠷᠢ ᠠᠵᠤ ᠦᠢᠯᠡᠰ ᠤᠨ ᠰᠲ᠋ᠣᠺ᠃ ᠥᠪᠡᠷᠲᠡᠭᠡᠨ ᠵᠠᠰᠠᠬᠤ ᠣᠷᠣᠨ | ᠪᠣᠯᠤᠨ ᠬᠥᠯᠥᠨ ᠪᠤᠶᠢᠷ ᠬᠤᠲᠠ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠬᠤ ᠪᠠ ᠵᠡᠭᠦᠨ ᠬᠤᠶᠢᠲᠤ ᠣᠷᠣᠨ ᠵᠡᠷᠭᠡ | ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠲᠤᠤᠱᠯᠠᠭᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠳᠪᠤᠷᠢᠯᠡᠨᠡ᠃ | ︵ᠳᠣᠯᠤᠭ᠎ᠠ︶ ᠨᠡᠶᠢᠭᠡᠮ ᠤᠨ ᠬᠥᠭᠵᠢᠯᠲᠡ ᠬᠢᠭᠡᠳ ᠡᠨᠧᠷᠭᠢ ᠶᠢᠨ ᠲᠠᠰᠤᠭ᠃ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠨᠡᠶᠢᠭᠡᠮ ᠤᠨ | ᠦᠢᠯᠡᠰ ᠪᠠ ᠠᠵᠤ ᠦᠢᠯᠡᠰ ᠤᠨ ᠬᠥᠭᠵᠢᠯᠲᠡ ᠶᠢ ᠵᠣᠬᠢᠴᠠᠭᠤᠯᠬᠤ ᠲᠥᠷᠥ ᠶᠢᠨ ᠪᠣᠳᠣᠯᠭ᠎ᠠ ᠵᠢᠴᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ᠃ ᠪᠥᠬᠦ | ᠬᠤᠰᠢᠭᠤᠨ ᠤ ᠡᠨᠧᠷᠭᠢ ᠶᠢᠨ ᠨᠡᠭᠡᠭᠡᠯᠲᠡ ᠶᠢ ᠬᠠᠷᠢᠭᠤᠴᠠᠵᠤ᠂ ᠡᠨᠧᠷᠭᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠳᠦᠷᠢᠮᠵᠢᠭᠦᠯᠦᠨ ᠬᠠᠮᠠᠭᠠᠯᠠᠨ᠎ᠠ᠃ ᠪᠦᠬᠦ | ᠬᠤᠰᠢᠭᠤᠨ ᠤ ᠡᠨᠧᠷᠭᠢ ᠶᠢᠨ ᠪᠦᠷᠢᠳᠬᠡᠯ ᠤᠨ ᠲᠣᠬᠢᠷᠠᠭᠤᠯᠤᠯᠲᠠ᠂ ᠪᠠᠢᠳᠠᠯ ᠤᠨ ᠵᠠᠳᠠᠯᠤᠯᠲᠠ᠂ ᠮᠡᠳᠡᠭᠡ ᠵᠠᠩᠭᠢ ᠨᠡᠢᠲᠡᠯᠡᠬᠦ ᠵᠡᠷᠭᠡ ᠠᠵᠢᠯ ᠢ ᠬᠠᠷᠢᠭᠤᠴᠠᠵᠤ᠂ | ᠡᠨᠧᠷᠭᠢ ᠶᠢᠨ ᠡᠷᠭᠢᠯᠲᠡ ᠶᠢᠨ ᠲᠣᠬᠢᠷᠠᠭᠤᠯᠤᠯᠲᠠ ᠪᠠ ᠪᠠᠴᠢᠮ ᠪᠠᠢᠳᠠᠯ ᠢ ᠠᠷᠭᠠᠴᠠᠬᠤ ᠪᠠᠲᠤᠯᠠᠭ᠎ᠠ ᠳᠤ ᠣᠷᠣᠯᠴᠠᠨ᠎ᠠ᠃ | ︵ᠨᠠᠢᠮᠠ︶ ᠠᠮᠤ ᠪᠤᠳᠠᠭ᠎ᠠ ᠬᠢᠭᠡᠳ ᠡᠳ᠋ ᠪᠠᠷᠠᠭ᠎ᠠ ᠨᠥᠭᠡᠴᠡᠯᠡᠬᠦ ᠲᠠᠰᠤᠭ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠣᠯᠤᠨ ᠡᠳ᠋ ᠪᠠᠷᠠᠭ᠎ᠠ | ᠨᠥᠭᠡᠴᠡᠯᠡᠬᠦ ᠬᠠᠮᠢᠶᠠᠷᠤᠯᠲᠠ ᠶᠢᠨ ᠳᠦᠷᠢᠮ᠂ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠶᠢᠨ ᠵᠢᠷᠤᠮᠵᠢᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠪᠣᠯᠤᠨ ᠴᠡᠷᠢᠭ ᠤᠨ ᠠᠮᠤ ᠪᠤᠳᠠᠭᠠᠨ ᠤ ᠬᠠᠩᠭᠠᠯᠭ᠎ᠠ | ᠬᠢᠭᠡᠳ ᠬᠠᠮᠢᠶᠠᠷᠤᠯᠲᠠ ᠶᠢ ᠬᠠᠷᠢᠭᠤᠴᠠᠨ᠎ᠠ᠃ | ︵ᠶᠢᠰᠦ︶ ᠦᠨ᠎ᠡ ᠬᠠᠩᠰᠢ ᠶᠢᠨ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠪᠠ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠲᠠᠰᠤᠭ᠃ ᠤᠯᠤᠰ᠂ | ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠦᠷ ᠬᠤᠲᠠ ᠶᠢᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠱᠠᠲᠤᠨ ᠤ ᠦᠨ᠎ᠡ ᠬᠠᠩᠰᠢ ᠶᠢᠨ ᠥᠪᠡᠷ ᠤᠨ ᠥᠷᠲᠡᠭ ᠤᠨ ᠪᠠᠶᠢᠴᠠᠭᠠᠯᠲᠠ ᠶᠢᠨ ᠡᠭᠦᠷᠭᠡ ᠶᠢ | ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶᠠᠷᠤᠨ ᠲᠣᠬᠢᠷᠠᠭᠤᠯᠤᠭᠰᠠᠨ ᠲᠠᠸᠠᠷ ᠪᠣᠯᠤᠨ ᠦᠢᠯᠡᠴᠢᠯᠡᠭᠡᠨ ᠤ ᠦᠨ᠎ᠡ | ᠬᠠᠩᠰᠢ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ | ᠬᠤᠷᠢᠶᠠᠬᠤ ᠲᠥᠷᠥᠯᠵᠦ᠋ᠯ ᠢ ᠪᠠᠶᠢᠭᠤᠯᠬᠤ ᠳᠤ ᠣᠷᠣᠯᠴᠠᠨ᠎ᠠ᠃ | ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠣᠯᠠᠨ ᠲᠦᠮᠡᠨ ᠤ ᠪᠦᠯᠬᠦᠮ ᠤᠨ | ᠠᠵᠢᠯ ᠢ ᠬᠠᠷᠢᠭᠤᠴᠠᠨ᠎ᠠ᠃ | ᠳᠥᠷᠪᠡ᠂ ᠬᠠᠷᠢᠶ᠎ᠠ ᠪᠠᠶᠢᠭᠤᠯᠤᠮᠵᠢ | ︵ᠨᠢᠭᠡ︶ ᠠᠷᠤᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ︵ᠠᠷᠤᠨ | ᠬᠤᠰᠢᠭᠤᠨ ᠤ ᠦᠨ᠎ᠡ ᠬᠠᠩᠰᠢ ᠶᠢᠨ ᠭᠡᠷᠡᠴᠢᠯᠡᠭᠡ ᠶᠢᠨ ᠲᠥᠪ ᠤᠨ ᠫᠠᠶᠢᠰᠠ ᠶᠢ ᠡᠯᠭᠦᠨ᠎ᠡ︶ ᠤᠨ ᠭᠤᠤᠯ ᠡᠭᠦᠷᠭᠡ ᠬᠠᠷᠢᠭᠤᠴᠠᠯᠭ᠎ᠠ ᠪᠣᠯ᠄ | 1 . ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠷᠤ ᠲᠠᠯ᠎ᠠ ᠶᠢᠨ ᠪᠠᠲᠤᠯᠠᠭ᠎ᠠ ᠵᠡᠷᠭᠡ ᠠᠵᠢᠯ | ᠶᠠᠪᠤᠳᠠᠯ ᠢ ᠡᠭᠦᠷᠭᠡᠯᠡᠨ᠎ᠡ᠃ | 2 . ᠪᠦᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ | ᠮᠥᠴᠢᠷ ᠤᠨ ᠳᠤᠷᠠᠳᠤᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠡᠷᠡᠭ᠂ ᠡᠷᠡᠭᠦᠦ ᠶᠢᠨ ᠬᠡᠷᠡᠭ᠂ ᠵᠠᠰᠠᠭ ᠵᠠᠬᠢᠷᠭᠠᠨ ᠤ ᠬᠡᠷᠡᠭ ᠤᠨ ᠬᠡᠷᠡᠭ ᠲᠤ | ᠬᠤᠯᠪᠣᠭᠳᠠᠭᠰᠠᠨ ᠡᠳ᠋ ᠪᠣᠳᠠᠰ ᠤᠨ ᠦᠨ᠎ᠡ ᠬᠠᠩᠰᠢ ᠶᠢ ᠲᠣᠭᠲᠠᠭᠠᠬᠤ ᠠᠵᠢᠯ ᠤᠨ ᠴᠢᠨᠠᠷᠲᠠᠢ ᠠᠵᠢᠯ ᠢ ᠬᠠᠷᠢᠭᠤᠴᠠᠨ᠎ᠠ︔ ᠦᠨ᠎ᠡ ᠬᠠᠩᠰᠢ ᠶᠢᠨ ᠮᠠᠷᠭᠤᠯᠳᠤᠭᠠᠨ ᠤ | ᠵᠢᠭᠤᠷᠠᠯᠳᠤᠭᠠᠨ ᠢ ᠡᠶᠡᠳᠡᠭᠦᠯᠬᠦ ᠪᠠ ᠭᠠᠶᠢᠯᠢ ᠳᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠤᠨ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠠᠵᠢᠯ ᠢ | ᠥᠷᠨᠢᠭᠦᠯᠦᠨ᠎ᠡ᠃ | 3 . ᠪᠥᠬᠦ ᠬᠤᠰᠢᠭᠤᠨ ᠤ ᠴᠡᠷᠢᠭ ᠤᠨ ᠠᠮᠤ ᠪᠤᠳᠠᠭᠠᠨ ᠤ ᠬᠠᠮᠢᠶ᠎ᠠ ᠪᠥᠬᠦᠶ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ︔ ᠪᠦᠬᠦ ᠬᠤᠰᠢᠭᠤᠨ ᠤ ᠨᠥᠭᠡᠴᠡ | ᠠᠮᠤ ᠶᠢᠨ ᠬᠥᠮᠥᠷᠭᠡ ᠶᠢᠨ ᠬᠠᠳᠠᠭᠠᠯᠠᠯᠲᠠ ᠶᠢᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ︔ ᠠᠮᠤ ᠪᠤᠳᠠᠭᠠᠨ ᠤ ᠠᠮᠤᠷ ᠲᠦᠪᠰᠢᠨ ᠤ ᠬᠤᠰᠢᠭᠤᠨ | ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠬᠢᠨᠠᠨ ᠰᠢᠯᠭᠠᠬᠤ ᠲᠤᠰᠠᠯᠠᠬᠤ ᠴᠢᠨᠠᠷᠲᠠᠶ ᠠᠵᠢᠯ ᠢ ᠡᠭᠦᠷᠭᠡᠯᠡᠨ᠎ᠡ᠃ | 4 . ᠠᠮᠤ ᠪᠤᠳᠠᠭ᠎ᠠ ᠪᠣᠯᠤᠨ ᠪᠠᠷᠠᠭ᠎ᠠ ᠶᠢᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ᠂ ᠵᠠᠬ᠎ᠠ ᠳᠡᠯᠭᠡᠭᠦᠷ ᠤᠨ ᠦᠨ᠎ᠡ ᠬᠠᠩᠰᠢ ᠵᠡᠷᠭᠡ ᠮᠡᠳᠡᠭᠡ ᠵᠠᠩᠭᠢ ᠶᠢᠨ | ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ︔ ᠪᠦᠬᠦ ᠬᠤᠰᠢᠭᠤᠨ ᠤ ᠠᠮᠤ ᠲᠣᠰᠣ ᠪᠠ ᠡᠳ᠋ ᠪᠣᠳᠠᠰ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠬᠠᠷᠢᠭᠤᠴᠠᠵᠤ᠂ ᠬᠠᠮᠢᠶ᠎ᠠ | ᠪᠦᠬᠦᠢ ᠪᠣᠯᠪᠠᠰᠤᠷᠠᠯ ᠵᠢᠯᠣᠭᠤᠳᠤᠯᠭ᠎ᠠ ᠥᠷᠨᠢᠭᠦᠯᠦᠨ᠎ᠡ︔ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠶᠢ ᠬᠢᠨᠠᠨ ᠪᠠᠶᠢᠴᠠᠭᠠᠬᠤ ᠳᠦᠷᠢᠮ ᠢ ᠲᠤᠭᠤᠷᠪᠢᠨ | ᠲᠣᠭᠲᠠᠭᠠᠬᠤ ᠳᠤ ᠣᠷᠣᠯᠴᠠᠬᠤ ᠶᠢᠨ ᠬᠠᠮᠲᠤ ᠬᠠᠮᠵᠢᠨ ᠬᠡᠷᠡᠭᠵᠢᠭᠦᠯᠦᠨ᠎ᠡ᠃ | 5 . ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠬᠤᠳᠠᠯᠳᠤᠨ ᠠᠪᠬᠤ᠂ ᠨᠥᠭᠡᠴᠡᠯᠡᠬᠦ᠂ ᠬᠠᠮᠢᠶᠠᠷᠬᠤ᠂ ᠰᠢᠯᠵᠢᠭᠦᠯᠦᠨ ᠲᠡᠭᠡᠭᠡᠪᠦᠷᠢᠯᠡᠬᠦ᠂ | ᠬᠢᠨᠠᠨ ᠬᠡᠮᠵᠢᠬᠦ ᠵᠡᠷᠭᠡ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ︔ ᠦᠶᠡᠷ ᠤᠰᠤᠲᠤᠯ᠂ ᠭᠠᠩ ᠬᠠᠭᠰᠠᠷᠠᠭᠠᠨ ᠵᠡᠷᠭᠡ ᠪᠠᠶᠢᠭᠠᠯᠢ ᠶᠢᠨ ᠭᠠᠮᠰᠢᠭ ᠪᠠ ᠭᠡᠨᠡᠳᠲᠡ ᠶᠢᠨ | ᠴᠢᠨᠠᠷᠲᠠᠶ ᠬᠡᠷᠡᠭ ᠵᠡᠷᠭᠡ ᠣᠨᠴᠣᠭᠤᠶ ᠴᠠᠭ ᠦᠶ᠎ᠡ ᠶᠢᠨ ᠡᠳ᠋ ᠪᠠᠷᠠᠭ᠎ᠠ ᠨᠥᠭᠡᠴᠡᠯᠡᠨ ᠲᠣᠬᠢᠷᠠᠭᠤᠯᠵᠤ ᠥᠭᠬᠦ ᠦᠢᠯᠡᠴᠢᠯᠡᠭᠡᠨ ᠢ ᠡᠭᠦᠷᠭᠡᠯᠡᠨ᠎ᠡ᠃ | 6 . ᠲᠡᠮᠦᠷ ᠵᠠᠮ ᠤᠨ ᠬᠥᠭᠵᠢᠯᠲᠡ ᠶᠢᠨ ᠪᠠᠶᠢᠳᠠᠯ ᠢ ᠰᠤᠳᠤᠯᠤᠨ ᠵᠠᠳᠠᠯᠬᠤ ᠶᠢ ᠬᠠᠷᠢᠭᠤᠴᠠᠨ᠎ᠠ︔ ᠪᠦᠬᠦ ᠬᠤᠰᠢᠭᠤᠨ ᠤ ᠲᠡᠮᠦᠷ ᠵᠠᠮ ᠤᠨ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ | 7 . ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | |