ᠠᠷᠤᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/12/27
    ᠠᠷᠤᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠳᠡᠰ ᠪᠣᠯᠤᠨ᠎ᠠ᠃    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠪᠠ ᠲᠤᠭ᠎ᠠ ᠪᠦᠷᠢᠳᠬᠡᠯ ᠤᠨ ᠥᠭᠡᠷᠡᠴᠢᠯᠡᠯᠲᠡ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠲᠤᠭ᠎ᠠ ᠪᠦᠷᠢᠳᠬᠡᠯ ᠤᠨ ᠬᠠᠤᠯᠢ ᠳᠦᠷᠢᠮ ᠪᠠ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ ᠬᠢᠨᠠᠨ ᠪᠠᠶᠢᠴᠠᠭᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠦᠨᠡᠯᠡᠨ ᠵᠢᠱᠢᠨ᠎ᠡ᠃ ᠰᠢᠶᠠᠩ ᠪᠠᠯᠭᠠᠰᠤᠨ ᠤ ᠬᠤᠯᠪᠣᠭᠳᠠᠯ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃    ︵ᠬᠤᠶᠠᠷ︶ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠶᠢᠨ ᠠᠵᠢᠯ ᠢ ᠬᠠᠷᠢᠭᠤᠴᠠᠨ᠎ᠠ᠃ ᠤᠯᠤᠰ ᠠᠷᠠᠳ ᠤᠨ ᠠᠵᠤ ᠠᠬᠤᠶ ᠶᠢᠨ ᠲᠣᠭᠠᠴᠠᠭᠠᠨ ᠤ ᠰᠢᠰᠲ᠋ᠧᠮ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠶᠢᠨ ᠲᠣᠭᠠᠴᠠᠭᠠᠨ ᠤ ᠲᠦᠷᠢᠮ ᠪᠠ ᠪᠥᠬᠦ ᠬᠤᠰᠢᠭᠤᠨ ᠤ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠠᠷᠠᠳ ᠤᠨ ᠠᠵᠤ ᠠᠬᠤᠶ ᠶᠢᠨ ᠲᠣᠭᠠᠴᠠᠭᠠᠨ ᠤ ᠮᠠᠲ᠋ᠧᠷᠢᠶᠠᠯ ᠢ ᠡᠮᠬᠢᠳᠬᠡᠨ ᠨᠠᠶᠢᠷᠠᠭᠤᠯᠵᠤ᠂ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠶᠢᠨ ᠲᠣᠭᠠᠴᠠᠭᠠᠨ ᠤ ᠠᠵᠢᠯ ᠢ ᠬᠢᠨᠠᠨ ᠬᠠᠮᠢᠶᠠᠷᠤᠨ᠎ᠠ᠃    ︵ᠭᠤᠷᠪᠠ︶ ᠪᠦᠬᠦ ᠬᠤᠰᠢᠭᠤᠨ ᠤ ᠬᠥᠮᠦᠨ ᠠᠮᠠ᠂ ᠠᠵᠤ ᠠᠬᠤᠶ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠬᠥᠮᠦᠨ ᠠᠮᠠ᠂ ᠠᠵᠤ ᠠᠬᠤᠶ᠂ ᠲᠠᠷᠢᠶᠠᠯᠠᠩ ᠵᠡᠷᠭᠡ ᠴᠢᠬᠤᠯᠠ ᠶᠡᠭᠡ ᠬᠤᠰᠢᠭᠤᠨ ᠤ ᠪᠠᠶᠢᠳᠠᠯ᠂ ᠬᠤᠰᠢᠭᠤᠨ ᠤ ᠬᠦᠴᠦᠨ ᠤ ᠲᠤᠰᠬᠠᠶ ᠲᠥᠷᠥᠯ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠰᠢᠭᠤᠨ ᠤ ᠪᠠᠶᠢᠳᠠᠯ ᠪᠠ ᠲᠤᠰᠬᠠᠢ ᠪᠠᠶᠢᠴᠠᠭᠠᠯᠲᠠ ᠶᠢᠨ ᠲᠥᠯᠥᠪᠯᠡᠭᠡ᠂ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠰᠢᠭᠤᠨ ᠤ ᠪᠠᠶ᠋ᠳᠠᠯ ᠤᠨ ᠲᠤᠬᠠᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠬᠦ ᠪᠠ ᠬᠠᠩᠭᠠᠨ᠎ᠠ᠃    ︵ᠳᠥᠷᠪᠡ︶ ᠪᠦᠷᠢᠳᠬᠡᠨ ᠬᠤᠷᠢᠶᠠᠩᠭᠤᠶᠢᠯᠠᠬᠤ ᠪᠠ ᠲᠤᠭ᠎ᠠ ᠪᠠᠷᠢᠮᠲᠠ ᠬᠠᠩᠭᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠶᠢᠨ ᠡᠯ᠎ᠡ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠡᠨᠧᠷᠭᠢ᠂ ᠪᠡᠯᠡ ᠣᠷᠣᠭᠤᠯᠤᠯᠲᠠ᠂ ᠬᠡᠷᠡᠭᠯᠡᠭᠡ᠂ ᠰᠢᠨᠵᠢᠯᠡᠭᠡ ᠮᠡᠷᠭᠡᠵᠢᠯ᠂ ᠬᠥᠮᠦᠨ ᠠᠮᠠ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠢᠳᠠᠯ᠂ ᠣᠷᠴᠢᠨ ᠲᠣᠭᠤᠷᠢᠨ ᠤ ᠦᠨᠳᠦᠰᠦᠨ ᠪᠠᠢᠳᠠᠯ ᠵᠡᠷᠭᠡ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠬᠤ᠃ ᠵᠠᠮ ᠲᠡᠭᠡᠭᠡᠪᠦᠷᠢ᠂ ᠰᠢᠦᠳᠠᠨ᠂ ᠵᠢᠭᠤᠯᠴᠢᠯᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠦᠢᠯᠡᠰ᠂ ᠡᠬᠢ ᠪᠠᠶᠠᠯᠢᠭ᠂ ᠭᠡᠷ ᠪᠠᠶᠢᠰᠢᠩ᠂ ᠭᠠᠳᠠᠭᠠᠳᠤ ᠠᠷᠠᠯᠵᠢᠶ᠎ᠠ ᠵᠡᠷᠭᠡ ᠰᠠᠯᠠᠭ᠎ᠠ ᠮᠥᠴᠢᠷ ᠤᠨ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠯᠡᠬᠦ ᠪᠠ ᠬᠠᠩᠭᠠᠬᠤ ᠬᠡᠷᠡᠭᠲᠡᠶ᠃    ︵ᠲᠠᠪᠤ︶ ᠦᠨᠳᠦᠰᠦᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠡᠯ᠎ᠡ ᠰᠤᠮᠤ ᠪᠠᠯᠭᠠᠰᠤᠨ ᠤ ᠡᠯ᠎ᠡ ᠰᠠᠯᠠᠭ᠎ᠠ ᠮᠥᠴᠢᠷ ᠤᠨ ᠠᠵᠤ ᠠᠬᠤᠢ᠂ ᠨᠡᠶᠢᠭᠡᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠡᠬᠢ ᠪᠠᠶᠠᠯᠢᠭ ᠣᠷᠴᠢᠨ ᠲᠣᠭᠤᠷᠢᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃ ᠨᠢᠭᠡᠳᠦᠯᠲᠡᠶ ᠬᠢᠨᠠᠨ ᠲᠣᠭᠲᠠᠭᠠᠵᠤ᠂ ᠬᠠᠮᠢᠶᠠᠷᠴᠤ᠂ ᠪᠥᠬᠦ ᠬᠤᠰᠢᠭᠤᠨ ᠤ ᠴᠢᠨᠠᠷᠲᠠᠶ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠡᠶᠢᠲᠡᠯᠡᠨ᠎ᠡ᠃ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃    ︵ᠵᠢᠷᠭᠤᠭ᠎ᠠ︶ ᠲᠤᠭ᠎ᠠ ᠪᠦᠷᠢᠳᠬᠡᠯ ᠤᠨ ᠬᠢᠨᠠᠨ ᠬᠡᠮᠵᠢᠵᠦ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠣᠯᠤᠨ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠢ ᠪᠦᠷᠢᠳᠬᠡᠨ ᠵᠠᠳᠠᠯᠬᠤ᠂ ᠪᠦᠷᠢᠳᠬᠡᠨ ᠬᠢᠨᠠᠨ ᠬᠡᠮᠵᠢᠬᠦ ᠪᠠ ᠪᠦᠷᠢᠳᠬᠡᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠵᠥᠪᠯᠡᠯᠭᠡ ᠥᠭᠬᠦ ᠰᠠᠨᠠᠭᠤᠯᠭ᠎ᠠ ᠬᠠᠩᠭᠠᠨ᠎ᠠ᠃    ︵ᠳᠣᠯᠤᠭ᠎ᠠ︶ ᠲᠤᠭ᠎ᠠ ᠪᠦᠷᠢᠳᠬᠡᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ᠂ ᠡᠯ᠎ᠡ ᠰᠢᠶᠠᠩ ᠪᠠᠯᠭᠠᠰᠤᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠪᠤᠶᠤ ᠳᠡᠩᠰᠡᠯᠡᠵᠦ᠂ ᠲᠤᠰᠬᠠᠶ ᠠᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠠᠶᠢᠭᠤᠯᠤᠯᠲᠠ ᠶᠢ ᠵᠢᠯᠣᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠶᠢ ᠥᠷᠨᠢᠭᠦᠯᠵᠦ᠂ ᠭᠠᠳᠠᠭᠠᠳᠤ ᠳᠤ ᠬᠤᠯᠪᠣᠭᠳᠠᠬᠤ ᠪᠠᠶᠢᠴᠠᠭᠠᠯᠲᠠ ᠶᠢᠨ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃    ︵ᠨᠠᠢᠮᠠ︶ ᠲᠤᠭ᠎ᠠ ᠪᠦᠷᠢᠳᠬᠡᠯ ᠤᠨ ᠡᠩᠨᠡᠭᠡᠨ ᠤ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠯ᠎ᠡ ᠰᠢᠶᠠᠩ ᠪᠠᠯᠭᠠᠰᠤ ᠶᠢ ᠬᠠᠪᠰᠤᠷᠤᠨ ᠲᠤᠭ᠎ᠠ ᠪᠦᠷᠢᠳᠬᠡᠯ ᠤᠨ ᠠᠵᠢᠯ ᠤᠨ ᠭᠤᠣᠯ ᠬᠠᠷᠢᠭᠤᠴᠠᠯᠭᠠᠲᠠᠨ ᠢ ᠬᠠᠮᠢᠶᠠᠷᠬᠤ ᠬᠡᠷᠡᠭᠲᠡᠶ᠃ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠤᠯ᠂ ᠺᠠᠳ᠋ᠷ ᠤᠨ ᠪᠣᠯᠪᠠᠰᠤᠷᠠᠭᠤᠯᠤᠯ᠂ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ᠎ᠠ᠃    ︵ᠶᠢᠰᠦ︶ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠬᠤ ᠬᠡᠷᠡᠭᠲᠡᠶ᠃ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠠᠷᠢᠭᠤᠴᠠᠨ ᠲᠤᠭᠤᠷᠪᠢᠵᠤ᠂ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠪᠠᠶᠢᠭᠤᠯᠤᠨ ᠬᠠᠮᠢᠶᠠᠷᠴᠤ ᠬᠠᠮᠠᠭᠠᠯᠠᠨ᠎ᠠ᠃ ᠡᠯ᠎ᠡ ᠰᠢᠶᠠᠩ ᠪᠠᠯᠭᠠᠰᠤ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠬᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ᠎ᠠ᠃    ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠳᠣᠲᠣᠭᠠᠳᠤ ᠪᠠᠶᠢᠭᠤᠯᠤᠮᠵᠢ᠄    ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠳᠣᠲᠣᠭᠠᠳᠤ ᠶᠢᠨ ᠰᠢᠮᠳᠠᠭᠤᠯᠤᠨ ᠪᠠᠶᠢᠴᠠᠭᠠᠬᠤ᠂ ᠬᠤᠷᠠᠯ ᠤᠨ ᠶᠠᠪᠤᠳᠠᠯ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠨᠢᠭᠤᠴᠠ᠂ ᠲᠠᠩᠰᠠ ᠡᠪᠬᠡᠮᠡᠯ᠂ ᠡᠳ᠋ ᠤᠨ ᠶᠠᠪᠤᠳᠠᠯ᠂ ᠠᠷᠤ ᠲᠠᠯ᠎ᠠ ᠶᠢᠨ ᠪᠠᠲᠤᠯᠠᠭ᠎ᠠ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠵᠠᠰᠠᠭ ᠤᠨ ᠶᠠᠪᠤᠳᠠᠯ ᠤᠨ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠵᠥᠷᠢᠴᠡᠭᠰᠡᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠪᠠ ᠲᠤᠭ᠎ᠠ ᠪᠦᠷᠢᠳᠬᠡᠯ ᠤᠨ ᠬᠠᠤᠯᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠭᠰᠠᠨ᠂ ᠬᠤᠳᠠᠯ ᠬᠠᠭᠤᠷᠮᠠᠭ ᠢᠶᠠᠷ ᠵᠣᠬᠢᠶᠠᠭᠰᠠᠨ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠂ ᠲᠤᠭ᠎ᠠ ᠪᠦᠷᠢᠳᠬᠡᠯ ᠤᠨ ᠢᠲᠡᠭᠡᠮᠵᠢ ᠶᠢᠨ ᠲᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ︽ᠬᠤᠶᠠᠷ ᠢ ᠰᠤᠭᠤᠴᠢᠨ ᠪᠠᠶᠢᠴᠠᠭᠠᠬᠤ︾ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠠᠳᠠᠭᠠᠳᠤ ᠳᠤ ᠬᠤᠯᠪᠣᠭᠳᠠᠬᠤ ᠪᠠᠶᠢᠴᠠᠭᠠᠯᠲᠠ ᠶᠢᠨ ᠠᠵᠢᠯᠯᠠᠭ᠎ᠠ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠭᠡᠷᠡᠴᠢᠯᠡᠭᠡ ᠰᠣᠨᠣᠰᠬᠤ ᠵᠡᠷᠭᠡ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠡᠭᠦᠷᠭᠡᠯᠡᠨ᠎ᠡ᠃    ︵ᠬᠤᠶᠠᠷ︶ ᠶᠡᠷᠦᠩᠬᠡᠶᠢᠯᠡᠭᠰᠡᠨ ᠲᠠᠰᠤᠭ᠃ ᠤᠯᠤᠰ ᠠᠷᠠᠳ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠳᠤ ᠪᠦᠷᠢᠳᠬᠡᠨ ᠬᠢᠨᠠᠨ ᠬᠡᠮᠵᠢᠬᠦ᠂ ᠪᠦᠷᠢᠳᠬᠡᠨ ᠲᠥᠰᠦᠭᠡᠯᠡᠬᠦ ᠪᠠ ᠶᠡᠷᠦᠩᠬᠡᠶᠢᠯᠡᠨ ᠵᠠᠳᠠᠯᠤᠨ ᠰᠤᠳᠤᠯᠬᠤ ᠶᠢ ᠬᠠᠷᠢᠭᠤᠴᠠᠵᠤ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠯᠠᠪᠯᠠᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠤᠨ ᠡᠮᠬᠢᠯᠡᠬᠦ ᠶᠢ ᠬᠠᠷᠢᠭᠤᠴᠠᠬᠤ ᠶᠢᠨ ᠬᠠᠮᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠂ ᠬᠢᠨᠠᠨ ᠬᠠᠷᠭᠤᠭᠤᠯᠵᠤ ᠨᠡᠶᠢᠲᠡᠯᠡᠨ᠂ ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ᠶᠢ ᠲᠤᠭᠤᠷᠪᠢᠨ ᠪᠢᠴᠢᠬᠦ ᠶᠢᠨ ᠬᠠᠮᠲᠤ ᠨᠡᠶᠢᠲᠡᠯᠡᠨ᠎ᠡ᠃ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠯᠭᠠᠨ ᠬᠢᠨᠠᠬᠤ ᠳᠤᠮᠳᠠᠬᠢ ᠠᠵᠤ ᠠᠬᠤᠶ ᠶᠢᠨ ᠭᠦᠢᠴᠡᠳᠭᠡᠯ ᠲᠤᠭ᠎ᠠ ᠶᠢ ᠬᠢᠨᠠᠨ ᠰᠢᠨᠵᠢᠬᠦ ᠠᠵᠢᠯ ᠢ ᠡᠭᠦᠷᠭᠡᠯᠡᠨ᠎ᠡ᠃    ︵ᠭᠤᠷᠪᠠ︶ ᠲᠤᠰᠬᠠᠢ ᠠᠵᠢᠯ ᠤᠨ ᠲᠠᠰᠤᠭ᠃ ᠪᠦᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠪᠠᠷᠢᠯᠭ᠎ᠠ ᠶᠢᠨ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠠᠵᠤ ᠦᠢᠯᠡᠳᠪᠤᠷᠢ᠂ ᠡᠨᠧᠷᠭᠢ ᠬᠢᠭᠡᠳ ᠣᠷᠴᠢᠨ ᠲᠣᠭᠤᠷᠢᠨ᠂ ᠦᠢᠯᠡᠴᠢᠯᠡᠭᠡᠨ ᠤ ᠦᠢᠯᠡᠰ ᠬᠢᠭᠡᠳ ᠨᠡᠶᠢᠭᠡᠮ ᠤᠨ ᠰᠢᠨᠵᠢᠯᠡᠬᠦ ᠤᠬᠠᠭᠠᠨ ᠰᠣᠶᠣᠯ᠂ ᠠᠷᠠᠯᠵᠢᠶᠠᠨ ᠤ ᠦᠢᠯᠡᠰ᠂ ᠬᠥᠮᠦᠨ ᠠᠮᠠ ᠶᠢᠨ ᠦᠯᠢᠭᠡᠷ ᠠᠪᠬᠤ᠂ ᠲᠠᠷᠢᠶᠠᠯᠠᠩ ᠮᠠᠯ ᠠᠵᠤ ᠠᠬᠤᠶ ᠵᠡᠷᠭᠡ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠪᠠᠶᠢᠴᠠᠭᠠᠨ ᠪᠦᠷᠢᠳᠬᠡᠭᠰᠡᠨ ᠲᠤᠭ᠎ᠠ ᠪᠠᠷᠢᠮᠲᠠ ᠶᠢ ᠴᠤᠭᠯᠠᠭᠤᠯᠵᠤ᠂ ᠡᠮᠬᠢᠳᠬᠡᠬᠦ ᠪᠠ ᠬᠠᠩᠭᠠᠨ᠎ᠠ︔ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠬᠢᠨᠠᠨ ᠵᠢᠯᠣᠭᠤᠳᠴᠤ ᠪᠠᠶᠢᠴᠠᠭᠠᠬᠤ ᠪᠠ ᠦᠨᠡᠯᠡᠨ ᠵᠢᠱᠢᠯᠲᠡ ᠬᠢᠵᠦ᠂ ᠬᠤᠭᠤᠴᠠᠭ᠎ᠠ ᠶᠣᠰᠣᠭᠠᠷ ᠰᠤᠷᠪᠤᠯᠵᠢᠯᠠᠵᠤ ᠪᠠᠶᠢᠴᠠᠭᠠᠨ ᠰᠤᠳᠤᠯᠤᠯᠲᠠ ᠬᠢᠨ᠎ᠡ︔ ᠬᠤᠯᠪᠣᠭᠳᠠᠯ ᠪᠦᠬᠦᠢ ᠲᠤᠰᠬᠠᠶ ᠠᠵᠢᠯ ᠤᠨ ᠲᠤᠭ᠎ᠠ ᠪᠦᠷᠢᠳᠬᠡᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠵᠢᠯᠣᠭᠤᠳᠴᠤ᠂ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠵᠠᠳᠠᠯᠤᠯᠲᠠ ᠬᠢᠨ᠎ᠡ᠃ ᠳᠡᠭᠡᠳᠦ ᠱᠠᠲᠤᠨ ᠤ ᠨᠢᠭᠡᠳᠦᠯᠲᠡᠶ ᠲᠣᠬᠢᠷᠠᠭᠤᠯᠤᠭᠰᠠᠨ ᠲᠤᠰᠬᠠᠶ ᠵᠦᠢᠯ ᠤᠨ ᠪᠠᠶᠢᠴᠠᠭᠠᠯᠲᠠ ᠶᠢ ᠡᠭᠦᠷᠭᠡᠯᠡᠨ᠎ᠡ᠃    ᠬᠤᠶᠠᠷ᠂ ᠬᠠᠷᠢᠶ᠎ᠠ ᠪᠠᠶᠢᠭᠤᠯᠤᠮᠵᠢ    ︵ᠨᠢᠭᠡ︶ ᠠᠷᠤᠨ ᠬᠤᠰᠢᠭᠤᠨ ᠤ ᠲᠤᠭ᠎ᠠ ᠪᠦᠷᠢᠳᠬᠡᠯ ᠤᠨ ᠲᠥᠪ᠃ ᠪᠥᠬᠦ ᠬᠤᠰᠢᠭᠤᠨ ᠤ ᠠᠮᠤ ᠪᠤᠳᠠᠭᠠᠨ ᠤ ᠲᠠᠷᠢᠮᠠᠯ᠂ ᠠᠵᠤ ᠠᠬᠤᠶ ᠶᠢᠨ ᠲᠠᠷᠢᠮᠠᠯ᠂ ᠮᠠᠯ ᠵᠢᠭᠦᠷᠲᠡᠨ ᠤ ᠬᠢᠨᠠᠨ ᠬᠡᠮᠵᠢᠯᠲᠡ᠂ ᠬᠥᠳᠡᠯᠮᠦᠷᠢ ᠬᠦᠴᠦᠨ ᠤ ᠪᠠᠶᠢᠴᠠᠭᠠᠯᠲᠠ᠂ ᠬᠤᠲᠠ ᠬᠥᠳᠡᠭᠡ ᠶᠢᠨ ᠰᠠᠭᠤᠭᠠᠯᠢ ᠡᠷᠦᠬᠡ ᠶᠢᠨ ᠬᠡᠷ ᠪᠦᠯᠢ ᠶᠢᠨ ᠣᠷᠣᠯᠭ᠎ᠠ ᠵᠠᠷᠤᠯᠭ᠎ᠠ᠂ ᠬᠥᠳᠡᠯᠮᠦᠷᠢ ᠬᠦᠴᠦᠨ ᠤ ᠥᠯᠢᠭᠡᠷ ᠠᠪᠬᠤ᠂ ᠣᠷᠣᠨ ᠪᠦᠰᠡ ᠶᠢᠨ ᠠᠵᠤ ᠠᠬᠤᠶ᠂ ᠠᠵᠤ ᠦᠢᠯᠡᠳᠪᠤᠷᠢ ᠶᠢᠨ ᠦᠢᠯᠡᠳᠪᠦᠷᠢᠯᠡᠭᠴᠢ ᠶᠢᠨ ᠦᠨ᠎ᠡ ᠬᠠᠩᠰᠢ᠂ ᠮᠠᠯ ᠠᠵᠤ ᠠᠬᠤᠶ ︵ᠴᠠᠭ ᠤᠯᠠᠷᠢᠯ ᠤᠨ ᠪᠢᠴᠢᠭ︶ ᠶᠢᠨ ᠣᠨ ᠤ ᠮᠠᠯ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠡᠵᠡᠩᠨᠡᠯᠲᠡ ᠶᠢᠨ ᠡᠷᠦᠬᠡ ᠶᠢ ᠮᠥᠷᠳᠡᠨ ᠪᠠᠶᠢᠴᠠᠭᠠᠬᠤ ᠵᠡᠷᠭᠡ ᠲᠠᠯ᠎ᠠ ᠳᠤ ᠬᠤᠯᠪᠣᠭᠳᠠᠭᠰᠠᠨ ᠲᠤᠰᠬᠠᠶ ᠲᠥᠷᠥᠯ ᠤᠨ ᠬᠢᠨᠠᠨ ᠪᠠᠶᠢᠴᠠᠭᠠᠯᠲᠠ ᠬᠢᠨ᠎ᠠ︔ ᠬᠠᠮᠢᠶ᠎ᠠ ᠪᠦᠬᠦᠢ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠵᠠᠳᠠᠯᠬᠤ᠂ ᠬᠡᠷᠡᠭᠯᠡᠬᠦ ᠶᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠬᠠᠷᠢᠶ᠎ᠠ ᠣᠷᠣᠨ ᠤ ᠪᠠᠨ ᠳᠣᠲᠣᠷᠠᠬᠢ ᠰᠢᠶᠠᠩ ᠪᠠᠯᠭᠠᠰᠤ ᠲᠠᠯᠠᠪᠠᠶ ᠶᠢᠨ ᠲᠤᠭ᠎ᠠ ᠪᠦᠷᠢᠳᠬᠡᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠳᠤ ᠬᠢᠨᠠᠯᠲᠠ ᠲᠠᠯᠪᠢᠵᠤ᠂ ᠪᠠᠶᠢᠴᠠᠭᠠᠵᠤ᠂ ᠵᠢᠯᠣᠭᠤᠳᠬᠤ ᠬᠡᠷᠡᠭᠲᠡᠶ᠃ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠡᠭᠦᠷᠭᠡᠯᠡᠨ᠎ᠡ᠃    ︵ᠬᠤᠶᠠᠷ︶ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠃ ᠪᠦᠬᠦ ᠬᠤᠰᠢᠭᠤᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ᠂ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ︽ᠬᠤᠶᠠᠷ ᠠᠵᠢᠯᠲᠠᠨ︾ ᠤ ᠪᠣᠯᠪᠠᠰᠤᠷᠠᠭᠤᠯᠤᠯ᠂ ᠵᠢᠯᠣᠭᠤᠳᠣᠯᠭ᠎ᠠ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠵᠠᠳᠠᠯᠬᠤ᠂ ᠬᠡᠷᠡᠭᠯᠡᠬᠦ ᠪᠠ ᠨᠡᠶᠢᠲᠡᠯᠡᠬᠦ ᠵᠡᠷᠭᠡ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠦᠨᠳᠦᠰᠦᠨ ᠨᠢᠭᠡᠴᠡ ᠶᠢᠨ ᠨᠡᠷᠡᠰ ᠤᠨ ᠵᠢᠭᠰᠠᠭᠠᠯᠲᠠ ᠶᠢ ᠬᠠᠮᠠᠭᠠᠯᠠᠬᠤ ᠪᠠ ᠰᠦᠯᠵᠢᠶ᠎ᠡ ᠬᠤᠯᠪᠣᠨ ᠰᠢᠭᠤᠳ ᠮᠡᠳᠡᠭᠦᠯᠬᠦ ᠨᠢᠭᠡᠴᠡ ᠶᠢ ᠰᠢᠨᠡᠳᠬᠡᠬᠦ ᠠᠵᠢᠯ ᠢ ᠡᠭᠦᠷᠭᠡᠯᠡᠨ᠎ᠡ᠃ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠳᠣᠲᠣᠭᠠᠳᠤ ᠰᠦᠯᠵᠢᠶ᠎ᠡ ᠵᠢᠴᠢ ᠲᠣᠪᠴᠢᠶ᠎ᠠ ᠶᠢᠨ ᠳᠣᠲᠣᠨ᠎ᠠ ᠭᠠᠳᠠᠨᠠᠬᠢ ᠰᠦᠯᠵᠢᠶ᠎ᠡ ᠶᠢ ᠬᠠᠮᠠᠭᠠᠯᠠᠬᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠮᠡᠷᠭᠡᠵᠢᠯ ᠤᠨ ᠴᠢᠨᠠᠷᠲᠠᠶ᠂ ᠦᠢᠯᠡᠴᠢᠯᠡᠭᠡᠨ ᠤ ᠴᠢᠨᠠᠷᠲᠠᠶ ᠠᠵᠢᠯ ᠵᠢᠴᠢ ᠠᠷᠤ ᠲᠠᠯ᠎ᠠ ᠶᠢᠨ ᠪᠠᠲᠤᠯᠠᠭ᠎ᠠ ᠵᠡᠷᠭᠡ ᠠᠵᠢᠯ ᠶᠠᠪᠤᠳᠠᠯ ᠢ ᠡᠭᠦᠷᠭᠡᠯᠡᠨ᠎ᠡ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ