ᠠᠷᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2024/12/27
   ᠨᠢᠭᠡ᠂ ᠠᠷᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠵᠢᠩᠬᠢᠨᠢ ᠰᠠᠯᠠᠭᠠᠨ ᠲᠠᠰ᠃    ᠬᠤᠶᠠᠷ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠤᠨ ᠶᠠᠪᠤᠳᠠᠯ ᠤᠨ ᠲᠤᠰᠬᠠᠶ ᠵᠦᠢᠯ ᠤᠨ ᠪᠡᠯᠡ ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠢᠭᠡᠳ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠰᠢᠶᠠᠩ ᠪᠠᠯᠭᠠᠰᠤᠨ ᠤ ᠬᠤᠯᠪᠣᠭᠳᠠᠯ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃    ︵ᠬᠤᠶᠠᠷ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠩᠰᠠᠯᠠᠭᠤᠯᠬᠤ᠂ ᠬᠠᠤᠯᠢ ᠬᠡᠷᠡᠭᠵᠢᠭᠦᠯᠬᠦ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠩᠰᠡᠯᠡᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠳᠡᠩᠰᠡᠯᠡᠨ ᠬᠠᠮᠢᠶᠠᠷᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠬᠤᠰᠢᠭᠤᠨ ᠤ ᠲᠣᠰ ᠱᠠᠲᠤᠨ ᠤ ᠰᠢᠭᠤᠳ ᠳᠡᠩᠰᠡᠯᠡᠨ ᠬᠠᠮᠢᠶᠠᠷᠴᠤ ᠪᠠᠶᠢᠭ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃    ︵ᠭᠤᠷᠪᠠ︶ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠠᠮᠢᠳᠤᠷᠠᠯ ᠤᠨ ᠢᠷᠡᠯᠲᠡ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃    ︵ᠳᠥᠷᠪᠡ︶ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠣᠯᠤᠨ ᠬᠤᠲᠠ ᠬᠥᠳᠡᠭᠡ ᠶᠢᠨ ᠵᠠᠰᠠᠯᠲᠠ ᠶᠢ ᠬᠠᠷᠢᠭᠤᠴᠠᠨ᠎ᠠ᠃ ᠬᠤᠳᠠ ᠬᠥᠳᠡᠭᠡ ᠶᠢᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠪᠠ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠭᠠᠴᠠᠭᠠᠨ ᠤ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ︵ᠲᠠᠪᠤ︶ ᠣᠷᠣᠨ ᠬᠤᠪᠢᠶᠠᠷᠢᠯᠠᠯ᠂ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠤᠨ ᠬᠠᠮᠢᠶᠠᠷᠤᠯᠲᠠ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠬᠤᠪᠢᠷᠠᠭᠠᠬᠤ ᠶᠢ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠤᠨ ᠬᠠᠶᠢᠨ ᠲᠣᠭᠲᠠᠭᠠᠯᠲᠠ ᠪᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠰᠠᠨ ᠡᠷᠬᠡ ᠶᠢᠨ ᠬᠢᠵᠠᠭᠠᠷ ᠶᠣᠰᠣᠭᠠᠷ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠵᠢᠷᠭᠤᠭ᠎ᠠ︶ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠤᠷᠤᠭ ᠤᠨ ᠪᠦᠷᠢᠳᠬᠡᠯ ᠪᠠ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠤᠷᠤᠭ ᠤᠨ ᠶᠣᠰᠣ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠠᠰᠠᠷᠠᠮᠵᠢ ᠶᠢᠨ ᠳᠦᠷᠢᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠬᠤ ᠬᠡᠷᠡᠭᠲᠡᠶ᠃    ︵ᠳᠣᠯᠤᠭ᠎ᠠ︶ ᠨᠠᠰᠤᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠨᠠᠰᠤᠵᠢᠯ ᠤᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠮᠳᠠᠭᠤᠯᠤᠨ ᠵᠢᠯᠣᠭᠤᠳᠴᠤ᠂ ᠬᠢᠨᠠᠨ ᠬᠠᠮᠢᠶᠠᠷᠴᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠣᠭᠤᠶ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃    ︵ᠨᠠᠢᠮᠠ︶ ᠬᠡᠦᠬᠡᠳ ᠤᠨ ᠠᠰᠠᠷᠠᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠡᠦᠬᠡᠳ ᠤᠨ ᠠᠰᠠᠷᠠᠮᠵᠢ᠂ ᠥᠨᠥᠴᠢᠨ ᠥᠷᠥᠭᠡᠰᠦᠨ ᠬᠠᠶᠠᠭᠳᠠᠭᠰᠠᠨ ᠬᠡᠦᠬᠡᠳ ᠢ ᠪᠠᠲᠤᠯᠠᠬᠤ᠂ ᠬᠡᠦᠬᠡᠳ ᠢ ᠡᠷᠭᠦᠨ ᠲᠡᠵᠢᠭᠡᠬᠦ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠪᠠᠲᠤᠯᠠᠬᠤ ᠲᠦᠷᠢᠮ ᠢ ᠪᠦᠷᠢᠨᠰᠢᠭᠦᠯᠦᠨ᠎ᠡ᠃    ︵ᠶᠢᠰᠦ︶ ᠨᠢᠭᠦᠯᠡᠰᠦᠩᠭᠦᠶ ᠶᠢᠨ ᠦᠢᠯᠡᠰ ᠪᠠ ᠨᠡᠶᠢᠭᠡᠮ ᠤᠨ ᠠᠵᠢᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠨᠢᠭᠦᠯᠡᠰᠦᠩᠭᠦᠶ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠬᠢᠨ ᠤ ᠲᠤᠰᠠᠯᠠᠬᠤ ᠠᠵᠢᠯ ᠢ ᠵᠢᠯᠣᠭᠤᠳᠤᠨ᠎ᠠ᠃ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃    ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠨᠢᠭᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠭᠦᠷᠭᠡ ᠴᠢᠳᠠᠪᠤᠷᠢ ᠪᠠᠨ ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ᠂ ᠥᠨᠥᠴᠢᠨ ᠨᠠᠰᠤᠲᠠᠨ ᠥᠨᠥᠴᠢᠨ ᠵᠡᠮᠳᠡᠭ ᠬᠡᠦᠬᠡᠳ ᠵᠡᠷᠭᠡ ᠣᠨᠴᠠᠭᠠᠶ ᠣᠯᠠᠨ ᠲᠦᠮᠡᠨ ᠳᠤ ᠦᠨᠳᠦᠰᠦᠨ ᠨᠡᠶᠢᠭᠡᠮ ᠤᠨ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠠᠭᠤᠷᠠᠶ ᠭᠠᠵᠠᠷ ᠣᠷᠣᠨ᠂ ᠬᠦᠷᠢᠶ᠎ᠡ ᠪᠠ ᠭᠤᠭᠴᠤᠭ᠎ᠠ ᠲᠡᠶᠢᠰᠢ ᠬᠡᠯᠪᠠᠶᠢᠯᠭᠡᠬᠦ ᠶᠢ ᠠᠬᠢᠭᠤᠯᠬᠤ ᠬᠡᠷᠡᠭᠲᠡᠶ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ ᠵᠡᠷᠭᠡ ᠣᠯᠠᠨ ᠡᠰᠢᠲᠦ ᠣᠷᠣᠯᠴᠠᠬᠤ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠤᠨ᠎ᠠ᠃    ᠭᠤᠷᠪᠠ᠂ ᠳᠣᠲᠣᠭᠠᠳᠤ ᠪᠠᠶᠢᠭᠤᠯᠤᠮᠵᠢ    ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ ᠲᠤᠭᠤᠷᠪᠢᠬᠤ᠂ ᠪᠢᠴᠢᠭ ᠮᠠᠲ᠋ᠧᠷᠢᠶᠠᠯ ᠤᠨ ᠠᠵᠢᠯᠯᠠᠭᠠᠨ᠂ ᠮᠡᠳᠡᠭᠡ ᠵᠠᠩᠭᠢ ᠶᠢᠨ ᠤᠬᠠᠭᠤᠯᠭ᠎ᠠ᠂ ᠳᠣᠲᠣᠭᠠᠳᠤ ᠶᠢᠨ ᠰᠢᠮᠳᠠᠭᠤᠯᠤᠨ ᠪᠠᠶᠢᠴᠠᠭᠠᠬᠤ᠂ ᠬᠤᠷᠠᠯ ᠤᠨ ᠶᠠᠪᠤᠳᠠᠯ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠨᠢᠭᠤᠴᠠ᠂ ᠲᠠᠩᠰᠠ ᠡᠪᠬᠡᠮᠡᠯ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠠᠷᠤ ᠲᠠᠯ᠎ᠠ ᠶᠢᠨ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠠᠵᠢᠯ ᠶᠠᠪᠤᠳᠠᠯ ᠢ ᠬᠠᠷᠢᠭᠤᠴᠠᠨ᠎ᠠ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠠᠷᠠᠳ ᠤᠨ ᠶᠠᠪᠤᠳᠠᠯ ᠤᠨ ᠠᠵᠢᠯ ᠲᠥᠷᠥᠯ ᠤᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃    ︵ᠬᠤᠶᠠᠷ︶ ᠲᠥᠯᠥᠪᠵᠢᠭᠦᠯᠭᠡ ᠡᠳ᠋ ᠤᠨ ᠶᠠᠪᠤᠳᠠᠯ ᠤᠨ ᠲᠠᠰᠤᠭ᠃ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠤᠨ ᠬᠤᠰᠢᠭᠤ ᠲᠤᠰ ᠱᠠᠲᠤᠨ ᠤ ᠡᠳ ᠤᠨ ᠵᠠᠰᠠᠭ ᠠᠴᠠ ᠰᠠᠯᠭᠠᠨ ᠥᠭᠭᠦᠭᠰᠡᠨ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠬᠤᠰᠢᠭᠤᠨ ᠤ ᠲᠣᠰ ᠱᠠᠲᠤᠨ ᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠬᠠᠮᠢᠶᠠᠷᠤᠨ᠎ᠠ᠃ ᠲᠣᠪᠴᠢᠶ᠎ᠠ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠡ ᠶᠢᠨ ᠲᠥᠰᠦᠪ ᠪᠠ ᠲᠥᠰᠦᠪ ᠤᠨ ᠭᠦᠢᠴᠡᠳᠭᠡᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠤᠰ ᠰᠢᠰᠲ᠋ᠧᠮ ᠤᠨ ᠢᠶᠠᠨ ᠠᠷᠠᠳ ᠤᠨ ᠶᠠᠪᠤᠳᠠᠯ ᠤᠨ ᠲᠤᠰᠬᠠᠶ ᠵᠦᠢᠯ ᠤᠨ ᠪᠡᠯᠡ ᠮᠥᠩᠭᠦ ᠶᠢᠨ ᠳᠣᠲᠣᠭᠠᠳᠤ ᠬᠢᠨᠠᠨ ᠪᠣᠳᠣᠯᠲᠠ ᠪᠠ ᠠᠷᠠᠳ ᠤᠨ ᠶᠠᠪᠤᠳᠠᠯ ᠤᠨ ᠠᠵᠢᠯ ᠦᠢᠯᠡᠰ ᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃    ︵ᠭᠤᠷᠪᠠ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ ︵ᠨᠢᠭᠦᠯᠡᠰᠦᠩᠭᠦᠶ ᠦᠢᠯᠡᠰ ᠢ ᠠᠬᠢᠭᠤᠯᠬᠤ ᠪᠠ ᠨᠡᠶᠢᠭᠡᠮ ᠤᠨ ᠠᠵᠢᠯ ᠤᠨ ᠲᠠᠰᠤᠭ︶᠃ ᠨᠡᠶᠢᠭᠡᠮ ᠤᠨ ᠪᠦᠯᠬᠦᠮ ᠤᠨ ᠠᠮᠠᠷᠠᠯᠲᠠ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠳᠡᠩᠰᠡᠯᠡᠨ ᠬᠠᠮᠢᠶᠠᠷᠬᠤ ᠪᠠ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠨ᠎ᠠ᠃ ᠬᠤᠰᠢᠭᠤᠨ ᠤ ᠲᠣᠰ ᠱᠠᠲᠤᠨ ᠤ ᠰᠢᠭᠤᠳ ᠳᠡᠩᠰᠡᠯᠡᠨ ᠬᠠᠮᠢᠶᠠᠷᠬᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ᠨᠢᠭᠦᠯᠡᠰᠦᠩᠭᠦᠶ ᠶᠢᠨ ᠢᠲᠡᠭᠡᠮᠵᠢᠲᠦ ᠨᠠᠶᠢᠳᠠᠯᠭ᠎ᠠ᠂ ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠯᠠᠭ᠎ᠠ ᠶᠢᠨ ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ ᠠᠵᠢᠯ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢ ᠲᠣᠭᠲᠠᠭᠠᠨ᠎ᠠ᠃ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠠᠵᠢᠯᠯᠠᠭᠰᠠᠳ ᠤᠨ ᠡᠩᠨᠡᠭᠡᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ᠃    ︵ᠳᠥᠷᠪᠡ︶ ᠨᠡᠶᠢᠭᠡᠮ ᠤᠨ ᠠᠪᠤᠷᠠᠨ ᠲᠤᠰᠠᠯᠠᠬᠤ ᠲᠠᠰᠤᠭ᠃ ᠪᠦᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠲᠥᠷᠦ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨ ᠪᠣᠯᠭᠠᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ ᠪᠠᠷ ᠶᠠᠳᠠᠭᠤ ᠶᠢ ᠲᠡᠳᠬᠦᠬᠦ ᠶᠢ ᠪᠠᠲᠤᠯᠠᠬᠤ ᠠᠵᠢᠯ ᠢ ᠡᠭᠦᠷᠭᠡᠯᠡᠨ᠎ᠡ᠃ ᠲᠥᠪ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠠ ᠬᠤᠰᠢᠭᠤᠨ ᠤ ᠲᠣᠰ ᠱᠠᠲᠤᠨ ᠤ ᠡᠳ᠋ ᠤᠨ ᠵᠠᠰᠠᠭ ᠤᠨ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠥᠷᠢ ᠪᠠᠯᠠ ᠮᠥᠩᠭᠦ ᠶᠢ ᠬᠤᠪᠢᠶᠠᠷᠢᠯᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠬᠠᠤᠯᠢ ᠴᠠᠭᠠᠵᠠ ᠵᠡᠷᠭᠡ ᠠᠪᠤᠷᠠᠨ ᠲᠤᠰᠠᠯᠠᠬᠤ ᠬᠠᠮᠢᠶ᠎ᠠ ᠪᠦᠬᠦᠢ ᠠᠷᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃    ︵ᠲᠠᠪᠤ︶ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠲᠠᠰᠤᠭ ︵ᠣᠷᠣᠨ ᠬᠤᠪᠢᠶᠠᠷᠢᠯᠠᠯ ᠭᠠᠵᠠᠷ ᠤᠨ ᠨᠡᠷᠡᠶᠢᠳᠦᠯ ᠤᠨ ᠲᠠᠰᠤᠭ︶᠃ ᠬᠤᠳᠠ ᠬᠥᠳᠡᠭᠡ ᠶᠢᠨ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠬᠤᠳᠠ ᠬᠥᠳᠡᠭᠡ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠪᠠ ᠭᠠᠵᠠᠷ ᠤᠨ ᠨᠡᠷᠡᠶᠢᠳᠦᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠰᠢᠶᠠᠩ ᠪᠠᠯᠭᠠᠰᠤ ᠵᠢᠴᠢ ᠲᠡᠭᠦᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠪᠠᠶᠢᠭᠤᠯᠬᠤ᠂ ᠬᠠᠰᠤᠬᠤ᠂ ᠬᠠᠯᠠᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠪᠠ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠢ ᠨᠡᠭᠦᠯᠭᠡᠬᠦ ᠶᠢᠨ ᠮᠡᠳᠡᠭᠦᠯᠬᠦ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠥᠬᠦ ᠬᠤᠰᠢᠭᠤᠨ ᠤ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠬᠥᠳᠡᠭᠡ ᠶᠢᠨ ᠭᠠᠵᠠᠷ ᠤᠨ ᠨᠡᠷᠡᠶᠢᠳᠦᠯ ᠤᠨ ᠲᠡᠮᠳᠡᠭ ᠪᠠᠶᠢᠷᠢᠯᠠᠭᠤᠯᠬᠤ ᠪᠠ ᠬᠠᠮᠢᠶᠠᠷᠬᠤ ᠠᠵᠢᠯ ᠢ ᠵᠢᠯᠣᠭᠤᠳᠤᠨ᠎ᠠ᠃ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠮᠡᠳᠡᠭᠡ ᠵᠠᠩᠭᠢ ᠶᠢ ᠨᠠᠶᠢᠷᠠᠭᠤᠯᠤᠨ ᠨᠡᠶᠢᠲᠡᠯᠡᠬᠦ ᠶᠢ ᠬᠠᠷᠢᠭᠤᠴᠠᠵᠤ ᠪᠠᠶᠢᠭ᠎ᠠ ᠠᠷᠤᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠵᠢᠷᠤᠭ᠃    ︵ᠵᠢᠷᠭᠤᠭ᠎ᠠ︶ ᠨᠡᠶᠢᠭᠡᠮ ᠤᠨ ᠶᠠᠪᠤᠳᠠᠯ ᠤᠨ ᠲᠠᠰᠤᠭ ︵ᠬᠡᠦᠬᠡᠳ ᠤᠨ ᠠᠰᠠᠷᠠᠮᠵᠢ ᠪᠠ ᠨᠠᠰᠤᠵᠢᠯ ᠤᠨ ᠦᠢᠯᠡᠴᠢᠯᠡᠭᠡᠨ ᠤ ᠲᠠᠰᠤᠭ︶᠃ ᠤᠷᠤᠭ ᠤᠨ ᠪᠦᠷᠢᠳᠬᠡᠯ ᠪᠠ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠤᠷᠤᠭ ᠤᠨ ᠶᠣᠰᠣ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ᠂ ᠠᠮᠢᠳᠤᠷᠠᠯ ᠤᠨ ᠢᠷᠡᠯᠲᠡ ᠥᠬᠡᠶ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠵᠤ ᠬᠠᠮᠢᠶᠠᠷᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ ᠵᠡᠮᠳᠡᠭᠴᠦᠳ ᠤᠨ ᠨᠡᠶᠢᠭᠡᠮ ᠤᠨ ᠠᠰᠠᠷᠠᠮᠵᠢ᠂ ᠠᠮᠢᠳᠤᠷᠠᠯ ᠤᠨ ᠢᠷᠡᠯᠲᠡ ᠦᠭᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠲᠡᠩᠬᠡᠷᠡᠭᠦᠯᠦᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠮᠢᠶ᠎ᠠ ᠪᠦᠬᠦᠢ ᠠᠵᠢᠯ ᠢ ᠵᠢᠯᠣᠭᠤᠳᠤᠨ᠎ᠠ᠃ ᠭᠡᠷ ᠪᠦᠯᠢ ᠶᠢᠨ ᠬᠦᠴᠦᠷᠬᠡᠭᠯᠡᠯ ᠤᠨ ᠬᠤᠬᠢᠷᠠᠯ ᠠᠮᠰᠠᠭᠴᠢ ᠶᠢ ᠲᠦᠷ ᠴᠠᠭ ᠥᠮᠥᠭᠯᠡᠨ ᠬᠠᠮᠠᠭᠠᠯᠠᠵᠤ ᠠᠪᠤᠷᠠᠨ ᠲᠤᠰᠠᠯᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠤᠨ ᠬᠦᠨᠳᠦ ᠵᠡᠮᠳᠡᠭᠴᠦᠳ ᠢ ᠰᠤᠪᠢᠯᠠᠬᠤ ᠨᠥᠬᠦᠪᠥᠷᠢ ᠶᠢ ᠣᠯᠭᠤᠬᠤ ᠠᠵᠢᠯ ᠢ ᠬᠠᠷᠢᠭᠤᠴᠠᠨ᠎ᠠ᠃    ᠬᠡᠦᠬᠡᠳ ᠤᠨ ᠠᠰᠠᠷᠠᠮᠵᠢ᠂ ᠬᠡᠦᠬᠡᠳ ᠢ ᠡᠷᠭᠦᠨ ᠲᠡᠵᠢᠭᠡᠬᠦ ᠪᠠ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ ᠬᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠭᠦᠯᠦᠨ᠎ᠡ᠃ ᠬᠡᠦᠬᠡᠳ ᠤᠨ ᠠᠰᠠᠷᠠᠮᠵᠢ᠂ ᠡᠷᠭᠦᠨ ᠲᠡᠵᠢᠭᠡᠬᠦ ᠶᠢ ᠳᠠᠩᠰᠠᠯᠠᠬᠤ᠂ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃    ᠨᠠᠰᠤᠲᠠᠶᠢᠴᠤᠳ ᠤᠨ ᠠᠰᠠᠷᠠᠮᠵᠢ ᠶᠢᠨ ᠠᠵᠢᠯ ᠢ ᠡᠭᠦᠷᠭᠡᠯᠡᠨ᠎ᠡ᠃ ᠨᠠᠰᠤᠲᠠᠶᠢᠴᠤᠳ ᠤᠨ ᠠᠰᠠᠷᠠᠮᠵᠢ ᠶᠢᠨ ᠨᠥᠬᠦᠪᠥᠷᠢ ᠶᠢᠨ ᠲᠦᠷᠢᠮ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯ ᠢ ᠵᠣᠬᠢᠴᠠᠭᠤᠯᠤᠨ ᠠᠬᠢᠭᠤᠯᠵᠤ᠂ ᠨᠠᠰᠤᠵᠢᠯ ᠤᠨ ᠦᠢᠯᠡᠴᠢᠯᠡᠭᠡᠨ᠂ ᠨᠠᠰᠤᠲᠠᠶᠢᠴᠤᠳ ᠤᠨ ᠠᠰᠠᠷᠠᠮᠵᠢ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠥᠨᠳᠥᠷ ᠨᠠᠰᠤᠲᠠᠶ᠂ ︽ᠭᠤᠷᠪᠠᠨ ᠠᠷᠠᠳ︾ ᠤᠨ ᠬᠥᠮᠦᠰ ᠤᠨ ᠨᠥᠬᠦᠪᠥᠷᠢ ᠵᠡᠷᠭᠡ ᠨᠥᠬᠦᠪᠥᠷᠢ ᠶᠢᠨ ᠪᠡᠯᠡ ᠮᠥᠩᠭᠦ ᠣᠯᠭᠤᠬᠤ ᠠᠵᠢᠯ ᠢ ᠬᠠᠷᠢᠭᠤᠴᠠᠨ᠎ᠠ᠃    ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠂ ᠤᠯᠠᠨ ᠲᠦᠮᠡᠨ ᠤ ᠪᠦᠯᠬᠦᠮ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠬᠠᠷᠢᠭᠤᠴᠠᠨ᠎ᠠ᠃    ᠳᠥᠷᠪᠡ᠂ ᠬᠠᠷᠢᠶ᠎ᠠ ᠪᠠᠶᠢᠭᠤᠯᠤᠮᠵᠢ    ︵ᠨᠢᠭᠡ︶ ᠠᠷᠤᠨ ᠬᠤᠰᠢᠭᠤᠨ ᠤ ᠨᠡᠶᠢᠭᠡᠮ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠃ ᠪᠦᠬᠦ ᠬᠤᠰᠢᠭᠤᠨ ᠤ ᠬᠥᠳᠡᠯᠮᠦᠷᠢᠯᠡᠬᠦ ᠴᠢᠳᠠᠪᠤᠷᠢ ᠦᠭᠡᠶ᠂ ᠠᠮᠢᠳᠤᠷᠠᠯ ᠤᠨ ᠢᠷᠡᠯᠲᠡ ᠦᠭᠡᠶ᠂ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ᠠᠰᠠᠷᠠᠨ ᠲᠡᠵᠢᠭᠡᠬᠦ ᠡᠭᠦᠷᠭᠡ ᠦᠭᠡᠶ ᠪᠤᠶᠤ ᠬᠠᠤᠯᠢ ᠪᠠᠷ ᠲᠣᠭᠲᠠᠭᠠᠭᠰᠠᠨ ᠡᠭᠦᠷᠭᠡ ᠪᠦᠬᠦᠢ ᠬᠥᠮᠦᠨ ᠨᠢ ᠡᠭᠦᠷᠭᠡ ᠪᠠᠨ ᠭᠦᠢᠴᠡᠳᠬᠡᠬᠦ ᠴᠢᠳᠠᠪᠤᠷᠢ ᠦᠭᠡᠶ ᠣᠨᠴᠠ ᠬᠦᠴᠢᠷᠳᠡᠯᠲᠡᠶ ᠥᠨᠥᠴᠢᠨ᠂ ᠨᠠᠰᠤᠲᠠᠨ᠂ ᠵᠡᠮᠳᠡᠭᠴᠦᠳ ᠢ ᠲᠥᠪᠯᠡᠷᠡᠭᠦᠯᠦᠨ ᠠᠰᠠᠷᠠᠨ ᠲᠡᠵᠢᠭᠡᠬᠦ ᠠᠵᠢᠯ ᠢ ᠡᠭᠦᠷᠭᠡᠯᠡᠨ᠎ᠡ︔ ᠥᠨᠥᠴᠢᠨ ᠬᠡᠦᠬᠡᠳ ᠢ ᠲᠥᠪᠯᠡᠷᠡᠭᠦᠯᠦᠨ ᠠᠰᠠᠷᠠᠨ ᠲᠡᠵᠢᠭᠡᠬᠦ ᠠᠵᠢᠯ ᠢ ᠬᠠᠷᠢᠭᠤᠴᠠᠨ᠎ᠠ︔ ᠡᠮᠴᠢᠯᠡᠭᠡ ᠨᠠᠰᠤᠵᠢᠯ ᠢ ᠤᠶᠠᠯᠳᠤᠭᠤᠯᠬᠤ ᠦᠢᠯᠡᠴᠢᠯᠡᠭᠡ ᠵᠡᠷᠭᠡ ᠠᠵᠢᠯ ᠢ ᠡᠭᠦᠷᠭᠡᠯᠡᠵᠦ᠂ ᠬᠠᠮᠢᠶ᠎ᠠ ᠪᠥᠬᠦᠶ ᠨᠡᠶᠢᠭᠡᠮ ᠤᠨ ᠠᠵᠢᠯᠲᠠᠨ ᠢ ᠵᠣᠬᠢᠶᠠᠨ ᠪᠠᠶᠢᠭᠤᠯᠵᠤ ᠪᠠᠶᠢᠭᠠᠳ ᠣᠨᠴᠠ ᠬᠦᠴᠢᠷᠳᠡᠯᠲᠡᠶ ᠬᠥᠮᠦᠰ ᠢ ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠣᠭᠤᠳᠬᠤ᠂ ᠬᠢᠮᠤᠷᠠᠯ ᠳᠤ ᠭᠠᠷ ᠲᠦᠷᠦᠭᠦ᠂ ᠨᠠᠰᠤᠲᠠᠶᠢᠴᠤᠳ ᠤᠨ ᠬᠥᠮᠦᠵᠢᠯ᠂ ᠯᠠᠪᠯᠠᠯᠭ᠎ᠠ ᠵᠡᠷᠭᠡ ᠦᠢᠯᠡᠴᠢᠯᠡᠭᠡ ᠶᠢ ᠥᠷᠨᠢᠭᠦᠯᠦᠨ᠎ᠡ︔ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ︵ᠬᠤᠶᠠᠷ︶ ᠠᠷᠤᠨ ᠬᠤᠰᠢᠭᠤᠨ ᠤ ᠣᠷᠣᠰᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠃ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠲᠣᠭᠲᠠᠭᠠᠯ ᠳᠦᠷᠢᠮ ᠲᠣᠭᠲᠠᠭᠠᠯ ᠪᠣᠯᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠬᠤ ᠬᠡᠷᠡᠭᠲᠡᠶ︔ ᠦᠬᠦᠳᠡᠯ ᠢ ᠲᠤᠰᠴᠤ ᠵᠥᠭᠡᠭᠡᠪᠦᠷᠢᠯᠡᠬᠦ᠂ ᠬᠠᠳᠠᠭᠠᠯᠠᠭᠤᠯᠬᠤ᠂ ᠰᠢᠲᠠᠭᠠᠬᠤ᠂ ᠴᠢᠨᠳᠠᠷ ᠢ ᠬᠠᠳᠠᠭᠠᠯᠠᠬᠤ ᠪᠠ ᠭᠠᠰᠢᠭᠤᠳᠠᠬᠤ ᠭᠠᠵᠠᠷ ᠲᠠᠯᠠᠪᠤᠷ ᠲᠤ ᠦᠢᠯᠡᠴᠢᠯᠡᠬᠦ ᠵᠡᠷᠭᠡ ᠠᠵᠢᠯ ᠢ ᠬᠠᠷᠢᠭᠤᠴᠠᠨ᠎ᠠ︔ ᠣᠷᠣᠰᠢᠭᠤᠯᠭ᠎ᠠ ᠶᠢᠨ ᠭᠠᠵᠠᠷ᠂ ᠴᠢᠨᠳᠠᠷ ᠬᠠᠳᠠᠭᠠᠯᠠᠬᠤ ᠭᠡᠷ ᠪᠠ ᠨᠡᠶᠢᠲᠡ ᠶᠢᠨ ᠣᠩᠭᠤᠨ ᠤ ᠬᠠᠮᠢᠶᠠᠷᠤᠯᠲᠠ ᠵᠢᠴᠢ ᠣᠷᠴᠢᠨ ᠲᠣᠭᠤᠷᠢᠨ ᠢ ᠨᠣᠭᠤᠭᠠᠷᠠᠭᠤᠯᠬᠤ᠂ ᠭᠤᠶᠣᠯᠠᠬᠤ᠂ ᠴᠡᠪᠡᠷᠰᠢᠭᠦᠯᠬᠦ ᠠᠵᠢᠯ ᠢ ᠡᠭᠦᠷᠭᠡᠯᠡᠨ᠎ᠡ︔ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ︵ᠭᠤᠷᠪᠠ︶ ᠣᠷᠤᠭ ᠳᠠᠩᠰᠠᠯᠠᠬᠤ ᠦᠢᠯᠡᠴᠢᠯᠡᠭᠡᠨ ᠤ ᠲᠥᠪ᠃ ᠤᠷᠤᠭ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠡᠭᠦᠷᠭᠡᠯᠡᠵᠦ᠂ ᠪᠣᠯᠪᠠᠰᠤᠨ ᠤᠷᠤᠭ ᠤᠨ ᠶᠣᠰᠣ ᠶᠢ ᠰᠠᠨᠠᠭᠠᠴᠢᠯᠠᠨ᠎ᠠ︔ ᠣᠷᠤᠭ ᠳᠠᠩᠰᠠᠯᠠᠬᠤ ᠵᠡᠷᠭᠡ ᠬᠠᠪᠰᠤᠷᠤᠮᠵᠢ ᠶᠢᠨ ᠴᠢᠨᠠᠷᠲᠠᠶ ᠠᠵᠢᠯ ᠢ ᠡᠭᠦᠷᠭᠡᠯᠡᠵᠦ᠂ ᠣᠷᠤᠭ ᠬᠡᠷ ᠪᠦᠯᠢ ᠶᠢᠨ ᠬᠠᠪᠰᠤᠷᠤᠨ ᠵᠢᠯᠣᠭᠤᠳᠬᠤ ᠦᠢᠯᠡᠴᠢᠯᠡᠭᠡ ᠶᠢ ᠡᠭᠦᠷᠭᠡᠯᠡᠨ᠎ᠡ︔ ᠣᠷᠤᠭ ᠳᠠᠩᠰᠠᠯᠠᠭᠤᠯᠤᠭᠰᠠᠨ ᠲᠠᠩᠰᠠ ᠡᠪᠬᠡᠮᠡᠯ ᠤᠨ ᠬᠠᠮᠢᠶᠠᠷᠤᠯᠲᠠ ᠶᠢ ᠬᠠᠷᠢᠭᠤᠴᠠᠨ᠎ᠠ︔ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠦᠢᠯᠡᠴᠢᠯᠡᠭᠡ    ︵ᠳᠥᠷᠪᠡ︶ ᠠᠷᠤᠨ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠃ ᠪᠦᠬᠦ ᠬᠤᠰᠢᠭᠤᠨ ᠤ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ︔ ᠪᠦᠬᠦ ᠬᠤᠰᠢᠭᠤᠨ ᠤ ᠲᠡᠨᠦᠭᠦᠯ ᠭᠤᠶᠢᠷᠠᠨᠴᠢᠳ ᠢ ᠡᠮᠬᠢ ᠵᠢᠷᠤᠮ ᠲᠠᠢ ᠪᠠᠷ ᠨᠤᠲᠤᠭ ᠲᠤᠨᠢ ᠲᠤᠰᠴᠤ ᠬᠦᠷᠭᠡᠬᠦ ᠵᠡᠷᠭᠡ ᠠᠵᠢᠯ ᠢ ᠡᠭᠦᠷᠭᠡᠯᠡᠨ᠎ᠡ︔ ᠭᠡᠨᠡᠳᠲᠡ ᠶᠢᠨ ᠡᠪᠡᠳᠴᠢᠨ᠂ ᠬᠦᠨᠳᠦ ᠲᠦᠭᠰᠢᠭᠦᠷᠢᠲᠡᠶ ᠡᠪᠡᠳᠴᠢᠲᠡᠨ ᠵᠢᠴᠢ ᠮᠡᠳᠡᠷᠡᠯ ᠤᠨ ᠡᠪᠡᠳᠴᠢᠨ ᠲᠠᠢ ᠲᠡᠨᠦᠭᠦᠯ ᠭᠤᠶᠢᠷᠠᠨᠴᠢᠳ ᠢ ᠴᠠᠭ ᠲᠤᠬᠠᠶ ᠳᠤᠨᠢ ᠡᠮᠨᠡᠯᠭᠡ ᠳᠤ ᠬᠦᠷᠭᠡᠵᠦ ᠡᠮᠨᠡᠭᠦᠯᠬᠦ ᠶᠢᠨ ᠬᠠᠮᠲᠤ ᠬᠠᠷᠠᠭᠠᠯᠵᠠᠬᠤ ᠦᠢᠯᠡᠴᠢᠯᠡᠭᠡ ᠬᠠᠩᠭᠠᠬᠤ ᠬᠡᠷᠡᠭᠲᠡᠶ︔ ᠤᠷᠲᠤ ᠬᠤᠭᠤᠴᠠᠭ᠎ᠠ ᠪᠠᠷ ᠰᠠᠭᠠᠲᠠᠭᠰᠠᠨ ᠬᠥᠮᠦᠰ ᠵᠢᠴᠢ ᠪᠡᠶ᠎ᠡ ᠶᠢᠨ ᠭᠠᠷᠤᠯ ᠢ ᠨᠢ ᠨᠤᠲᠠᠯᠠᠬᠤ ᠶᠢᠨ ᠠᠷᠭ᠎ᠠ ᠦᠭᠡᠶ ᠲᠡᠨᠦᠭᠦᠴᠢᠯᠡᠨ ᠭᠤᠶᠢᠷᠠᠨᠴᠢᠯᠠᠭᠰᠠᠳ ᠢ ᠬᠢᠨᠠᠨ ᠲᠣᠭᠲᠠᠭᠠᠬᠤ᠂ ᠲᠡᠵᠢᠭᠡᠯᠭᠡᠬᠦ᠂ ᠲᠥᠪᠬᠢᠨᠡᠭᠦᠯᠬᠦ ᠵᠡᠷᠭᠡ ᠠᠵᠢᠯ ᠢ ᠡᠭᠦᠷᠭᠡᠯᠡᠨ᠎ᠡ︔ ᠲᠡᠨᠦᠭᠦᠴᠢᠯᠡᠨ ᠭᠤᠶᠢᠷᠠᠨᠴᠢᠯᠠᠬᠤ᠂ ᠬᠢᠨᠠᠨ ᠬᠠᠮᠠᠭᠠᠯᠠᠬᠤ ᠬᠠᠯᠳᠠᠯᠭ᠎ᠠ ᠳᠤ ᠤᠴᠠᠷᠠᠬᠤ ᠂ ᠲᠦᠷ ᠴᠠᠭ ᠬᠢᠨᠠᠨ ᠬᠠᠮᠠᠭᠠᠯᠠᠬᠤ ᠬᠥᠮᠦᠨ ᠦᠭᠡᠶ ᠵᠡᠷᠭᠡ ᠨᠠᠰᠤᠨ ᠳᠤ ᠦᠯᠦ ᠬᠦᠷᠦᠭᠰᠡᠳ ᠢ ᠠᠪᠤᠷᠠᠨ ᠲᠤᠰᠠᠯᠠᠬᠤ ᠵᠢᠴᠢ ᠲᠦᠷ ᠴᠠᠭ ᠬᠢᠨᠠᠨ ᠬᠠᠮᠠᠭᠠᠯᠠᠬᠤ ᠠᠵᠢᠯ ᠢ ᠡᠭᠦᠷᠭᠡᠯᠡᠬᠦ ᠬᠡᠷᠡᠭᠲᠡᠶ︔ ᠪᠥᠬᠦ ᠬᠤᠰᠢᠭᠤᠨ ᠤ ᠬᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠵᠢᠴᠢ ᠥᠨᠥᠴᠢᠨ ᠵᠡᠮᠳᠡᠭ ᠬᠡᠦᠬᠡᠳ ᠢ ᠲᠥᠷᠥᠯ ᠬᠤᠪᠢᠶᠠᠨ ᠪᠠᠲᠤᠯᠠᠬᠤ᠂ ᠬᠠᠮᠢᠶ᠎ᠠ ᠪᠥᠬᠦᠶ ᠲᠤᠭ᠎ᠠ ᠪᠦᠷᠢᠳᠬᠡᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠰᠠᠶᠢᠨ ᠲᠤᠷᠠᠴᠤᠳ ᠤᠨ ᠪᠣᠯᠪᠠᠰᠤᠷᠠᠭᠤᠯᠤᠯ ᠵᠡᠷᠭᠡ ᠠᠵᠢᠯ ᠢ ᠡᠭᠦᠷᠭᠡᠯᠡᠨ᠎ᠡ︔ ᠪᠦᠬᠦ ᠬᠤᠰᠢᠭᠤᠨ ᠤ ᠣᠷᠣᠯᠭ᠎ᠠ ᠪᠠᠭᠠᠲᠠᠶ ᠭᠡᠷ ᠪᠦᠯᠢ᠂ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠬᠤ ᠵᠢᠴᠢ ᠪᠤᠰᠤᠳ ᠵᠠᠰᠠᠭ ᠤᠨ ᠣᠷᠳᠣᠨ ᠤ ᠲᠤᠰᠬᠠᠶ ᠲᠥᠷᠥᠯ ᠤᠨ ᠠᠪᠤᠷᠠᠨ ᠲᠤᠰᠠᠯᠠᠬᠤ ᠡᠲᠡᠭᠡᠳ ᠤᠨ ᠣᠷᠣᠯᠭ᠎ᠠ ᠪᠠ ᠡᠳ᠋ ᠬᠥᠷᠥᠩᠭᠡ ᠶᠢᠨ ᠪᠠᠶᠢᠳᠠᠯ ᠢ ᠬᠠᠷᠭᠤᠭᠤᠯᠬᠤ ᠵᠡᠷᠭᠡ ᠠᠵᠢᠯ ᠢ ᠡᠭᠦᠷᠭᠡᠯᠡᠨ᠎ᠡ︔ ᠳᠠᠩᠰᠠ ᠡᠪᠬᠡᠮᠡᠯ ᠢ ᠪᠠᠶᠢᠭᠤᠯᠬᠤ ᠪᠠ ᠬᠠᠮᠢᠶᠠᠷᠬᠤ᠂ ᠠᠷᠠᠳ ᠤᠨ ᠶᠠᠪᠤᠳᠠᠯ ᠤᠨ ᠰᠢᠰᠲ᠋ᠧᠮ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠰᠦᠯᠵᠢᠶ᠎ᠡ ᠬᠤᠯᠪᠣᠭᠰᠠᠨ ᠮᠡᠳᠡᠭᠡ ᠵᠠᠩᠭᠢ ᠶᠢ ᠬᠠᠷᠭᠤᠭᠤᠯᠬᠤ ᠰᠢᠰᠲ᠋ᠧᠮ ᠤᠨ ᠲᠤᠭ᠎ᠠ ᠪᠠᠷᠢᠮᠲᠠ ᠶᠢ ᠬᠠᠮᠠᠭᠠᠯᠠᠬᠤ ᠶᠢ ᠬᠠᠷᠢᠭᠤᠴᠠᠨ᠎ᠠ︔ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ