2024 ᠣᠨ ᠤ ᠲᠦᠷᠦᠭᠦᠦ ᠭᠤᠷᠪᠠᠨ ᠤᠯᠠᠷᠢᠯ ᠳᠤ ᠠᠷᠤᠨ ᠬᠤᠰᠢᠭᠤᠨ ᠤ ᠡᠳ᠋ ᠤᠨ ᠵᠠᠰᠠᠭ ᠮᠥᠩᠭᠦᠨ ᠭᠦᠢᠯᠭᠡᠭᠡ ᠶᠡᠷᠦᠩᠬᠡᠶ ᠳᠡᠭᠡᠨ ᠲᠣᠭᠲᠠᠭᠤᠨ ᠪᠠᠶᠢᠪᠠ
ᠨᠡᠶᠢᠲᠡᠯᠡᠭᠰᠡᠨ ᠴᠠᠭ᠄
2024/12/3
    ᠲᠦᠷᠦᠭᠦᠦ ᠭᠤᠷᠪᠠᠨ ᠤᠯᠠᠷᠢᠯ ᠳᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3 . 01 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 . 2 % ᠢᠶᠠᠷ ᠪᠠᠭᠤᠷᠠᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 28 . 88 ᠳ᠋ᠦᠩᠰᠢᠭᠤᠷ ᠲᠥᠭᠦᠷᠢᠭ ᠲᠤ ᠬᠦᠷᠴᠦ᠂ 9 . 5 % ᠪᠠᠷ ᠪᠠᠭᠤᠷᠠᠪᠠ᠃ 9 ᠰᠠᠷ᠎ᠠ ᠶᠢᠨ ᠰᠡᠭᠦᠯᠴᠢ ᠪᠠᠷ᠂ ᠪᠦᠬᠦ ᠬᠤᠰᠢᠭᠤᠨ ᠤ ᠪᠠᠩᠬᠢ ᠶᠢᠨ ᠬᠠᠳᠠᠭᠠᠯᠠᠮᠵᠢ ᠶᠢᠨ ᠦᠯᠡᠳᠡᠪᠦᠷᠢ 190 . 60 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21 . 3 % ᠪᠠᠷ ᠨᠡᠮᠡᠭᠳᠡᠪᠡ᠃ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠦᠯᠡᠳᠡᠪᠦᠷᠢ 159 . 26 ᠳ᠋ᠦᠩᠰᠢᠭᠤᠷ ᠲᠥᠭᠦᠷᠢᠭ ᠲᠤ ᠬᠦᠷᠴᠦ᠂ 14 . 7 % ᠪᠠᠷ ᠨᠡᠮᠡᠭᠳᠡᠪᠡ︔ ᠪᠠᠩᠬᠢ ᠶᠢᠨ ᠵᠢᠭᠡᠯᠡᠯᠭᠡ ᠶᠢᠨ ᠦᠯᠡᠳᠡᠪᠦᠷᠢ 128 . 84 ᠳ᠋ᠦᠩᠰᠢᠭᠤᠷ ᠲᠥᠭᠦᠷᠢᠭ ᠲᠤ ᠬᠦᠷᠴᠦ᠂ 16 . 8 % ᠪᠠᠷ ᠨᠡᠮᠡᠭᠳᠡᠪᠡ︔ ᠬᠠᠳᠠᠭᠠᠯᠠᠮᠵᠢ ᠵᠢᠭᠡᠯᠡᠯᠭᠡ ᠶᠢᠨ ᠳᠤᠮᠳᠠᠴᠢ ᠦᠯᠡᠳᠡᠪᠦᠷᠢ ᠶᠢᠨ ᠨᠡᠮᠡᠭᠳᠡᠯ ᠤᠨ ᠬᠤᠷᠳᠤᠴᠠ 19 . 5 % ᠪᠣᠯᠪᠠ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ