2024 ᠣᠨ ᠤ ᠲᠦᠷᠦᠭᠦᠦ ᠭᠤᠷᠪᠠᠨ ᠤᠯᠠᠷᠢᠯ ᠳᠤ ᠠᠷᠤᠨ ᠬᠤᠰᠢᠭᠤᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠲᠦᠷᠭᠡᠳᠪᠡ
ᠨᠡᠶᠢᠲᠡᠯᠡᠭᠰᠡᠨ ᠴᠠᠭ᠄
2024/12/3
    ᠲᠦᠷᠦᠭᠦᠦ ᠭᠤᠷᠪᠠᠨ ᠤᠯᠠᠷᠢᠯ ᠳᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 12 . 76 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16 . 4 % ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 8 . 7 ᠵᠠᠭᠤᠨ ᠤ ᠬᠤᠪᠢ ᠶᠢᠨ ᠴᠡᠭ ᠲᠦᠷᠭᠡᠳᠪᠡ᠃ ᠡᠭᠦᠨ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 15 . 5 % ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 6 . 1 ᠵᠠᠭᠤᠨ ᠤ ᠴᠡᠭ ᠳᠡᠭᠡᠭᠰᠢᠯᠡᠪᠡ᠃ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠲᠦᠷᠭᠡᠨ ᠨᠡᠮᠡᠭᠳᠡᠵᠦ᠂ ᠴᠤᠬᠤᠢ᠂ ᠲᠤᠲᠤᠷᠭ᠎ᠠ᠂ ᠬᠢᠮᠢ ᠶᠢᠨ ᠤᠷᠪᠠᠯᠵᠢ ᠪᠠ ᠰᠢᠨ᠎ᠡ ᠰᠣᠷᠭᠤᠭ᠂ ᠬᠦᠢᠳᠡᠨ ᠢᠶᠠᠷ ᠬᠠᠳᠠᠭᠠᠯᠠᠬᠤ ᠮᠢᠬᠠᠨ ᠤ ᠭᠠᠷᠤᠯᠲᠠ ᠲᠤᠰ ᠲᠤᠰ 64 . 0 %᠂ 51 . 9 %᠂ 57 . 4 % ᠪᠠ 34 . 2 % ᠢᠶᠠᠷ ᠨᠡᠮᠡᠭᠳᠡᠪᠡ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ