2024 ᠣᠨ ᠤ ᠲᠦᠷᠦᠭᠦᠦ ᠭᠤᠷᠪᠠᠨ ᠤᠯᠠᠷᠢᠯ ᠳᠤ ᠠᠷᠤᠨ ᠬᠤᠰᠢᠭᠤᠨ ᠤ ᠠᠵᠤ ᠠᠬᠤᠶ ᠦᠷᠭᠦᠯᠵᠢᠯᠡᠨ ᠰᠠᠶᠢᠵᠢᠷᠠᠪᠠ
ᠨᠡᠶᠢᠲᠡᠯᠡᠭᠰᠡᠨ ᠴᠠᠭ᠄
2024/12/3
    ᠡᠨᠡ ᠵᠢᠯ ᠠᠴᠠ ᠨᠠᠭᠠᠰᠢ᠂ ᠠᠷᠤᠨ ᠬᠤᠰᠢᠭᠤ ᠠᠵᠤ ᠠᠬᠤᠶ ᠶᠢ ᠠᠳᠬᠤᠨ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠠᠵᠢᠯ ᠲᠥᠷᠥᠯ ᠤᠨ ᠠᠵᠤ ᠠᠬᠤᠶ ᠶᠢ ᠬᠥᠭᠵᠢᠭᠦᠯᠬᠦ ᠢᠳᠡᠪᠬᠢᠵᠢᠯ ᠢ ᠳᠠᠶᠢᠴᠢᠯᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠶᠡᠷᠦᠩᠬᠡᠶ ᠡᠷᠭᠢᠯᠲᠡ ᠦᠷᠭᠦᠯᠵᠢᠯᠡᠨ ᠰᠠᠶᠢᠵᠢᠷᠠᠪᠠ᠃    ᠬᠤᠰᠢᠭᠤ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠲᠦᠷᠦᠭᠦᠦ ᠭᠤᠷᠪᠠᠨ ᠤᠯᠠᠷᠢᠯ ᠳᠤ ᠪᠥᠬᠦ ᠬᠤᠰᠢᠭᠤᠨ ᠤ ᠭᠠᠵᠠᠷ ᠣᠷᠣᠨ ᠤ ᠦᠶ᠋ᠯᠡᠳᠪᠦᠷᠢᠯᠡᠯ ᠤᠨ ᠶᠡᠷᠦᠩᠬᠡᠶ ᠥᠷᠲᠡᠭ 60 . 78 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4 . 5 % ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 9 . 63 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5 . 9 % ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 16 . 87 ᠳ᠋ᠦᠩᠰᠢᠭᠤᠷ ᠲᠥᠭᠦᠷᠢᠭ ᠲᠤ ᠬᠦᠷᠭᠡᠵᠦ᠂ 7 . 2 % ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 34 . 28 ᠳ᠋ᠦᠩᠰᠢᠭᠤᠷ ᠲᠥᠭᠦᠷᠢᠭ ᠲᠤ ᠬᠦᠷᠭᠡᠵᠦ᠂ 3 . 1 % ᠪᠠᠷ ᠨᠡᠮᠡᠭᠳᠡᠪᠡ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ