2024 ᠣᠨ ᠤ ᠲᠦᠷᠦᠭᠦᠦ ᠭᠤᠷᠪᠠᠨ ᠤᠯᠠᠷᠢᠯ ᠳᠤ ᠠᠷᠤᠨ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠬᠥᠭᠵᠢᠪᠡ
ᠨᠡᠶᠢᠲᠡᠯᠡᠭᠰᠡᠨ ᠴᠠᠭ᠄
2024/12/3
    ᠲᠦᠷᠦᠭᠦᠦ ᠭᠤᠷᠪᠠᠨ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠲᠤᠭ᠎ᠠ 16 . 10 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1 . 8 % ᠪᠠᠷ ᠨᠡᠮᠡᠭᠳᠡᠪᠡ᠃ ᠭᠡᠷ ᠤᠨ ᠴᠠᠬᠢᠯᠭᠠᠨ ᠬᠡᠷᠡᠭᠰᠡᠯ ᠪᠣᠯᠤᠨ ᠮᠠᠰᠢᠨ ᠲᠡᠷᠭᠡ ᠶᠢ ︽ᠬᠠᠭᠤᠴᠢᠨ ᠢᠶᠠᠷ ᠰᠢᠨ᠎ᠡ ᠶᠢ ᠰᠣᠯᠢᠬᠤ︾᠂ ᠲᠠᠸᠠᠷ ᠤᠨ ᠳᠡᠯᠭᠡᠨ ᠪᠣᠷᠣᠯᠠᠭᠤᠯᠬᠤ ᠴᠤᠭᠯᠠᠭᠠᠨ᠂ ᠲᠡᠷᠭᠡ ᠬᠤᠳᠠᠯᠳᠤᠨ ᠠᠪᠬᠤ ᠬᠠᠷᠠᠭᠠᠯᠵᠠᠯ ᠤᠨ ᠲᠡᠮᠳᠡᠭ ᠵᠢᠴᠢ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭ ᠲᠠᠷᠬᠠᠭᠠᠬᠤ ᠵᠡᠷᠭᠡ ᠣᠯᠠᠨ ᠵᠦᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠪᠠᠳᠠᠷᠠᠭᠤᠯᠬᠤ ᠶᠢ ᠠᠬᠢᠭᠤᠯᠵᠤ ᠪᠠᠢᠨ᠎ᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠲᠥᠷᠥᠯ ᠤᠨ ᠥᠷᠲᠡᠭ ᠠᠴᠠ ᠦᠵᠡᠪᠡᠯ᠂ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠨᠡᠯᠢᠶᠡᠳ ᠰᠠᠶᠢᠨ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 58 . 3 % ᠨᠡᠮᠡᠭᠳᠡᠵᠦ᠂ ᠲᠠᠰ ᠳᠡᠪᠰᠢᠭᠰᠡᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠲᠦᠷᠭᠡᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ 695 . 3 % ᠨᠡᠮᠡᠭᠳᠡᠪᠡ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ