ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠲᠦᠷᠭᠡᠨ ᠨᠡᠮᠡᠭᠳᠡᠯ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2024/12/3
    ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 1347.0 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.5% ᠨᠡᠮᠡᠭᠳᠡᠵᠦ᠂ ᠪᠥᠬᠦ ᠴᠠᠬᠢᠯᠭᠠᠨ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 13.9 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 1105.1 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 20.9% ᠪᠠᠷ ᠨᠡᠮᠡᠭᠳᠡᠪᠡ︔ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 230.6 ᠳ᠋ᠦᠩᠰᠢᠭᠤᠷ ᠺᠢᠯᠤᠸᠠᠲ ᠴᠠᠭ ᠲᠤ ᠬᠦᠷᠴᠦ᠂ 41.9% ᠪᠠᠷ ᠨᠡᠮᠡᠭᠳᠡᠪᠡ᠃ ᠠᠶᠢᠮᠠᠭ ᠬᠤᠲᠠ ᠬᠤᠪᠢᠶᠠᠨ ᠦᠵᠡᠪᠡᠯ᠂ ᠪᠥᠬᠦ ᠣᠷᠣᠨ ᠤ 8 ᠠᠶᠢᠮᠠᠭ ᠬᠤᠲᠠ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 100 ᠳ᠋ᠦᠩᠰᠢᠭᠤᠷ ᠺᠢᠯᠤᠸᠠᠲ ᠴᠠᠭ ᠢ ᠳᠠᠪᠠᠪᠠ᠃ ᠡᠭᠦᠨ ᠳᠤ᠂ ᠰᠢᠯᠢ ᠶᠢᠨ ᠭᠤᠤᠯ ᠠᠶᠢᠮᠠᠭ ᠤᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠪᠥᠬᠦ ᠣᠷᠣᠨ ᠤ ᠲᠡᠷᠢᠭᠦᠨ ᠳᠤ ᠣᠷᠣᠵᠤ᠂ 284.6 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10. 5% ᠪᠠᠷ ᠨᠡᠮᠡᠭᠳᠡᠪᠡ︔ ᠤᠯᠠᠭᠠᠨᠴᠠᠪ ᠬᠤᠲᠠ᠂ ᠬᠢᠩᠭᠠᠨ ᠠᠶᠢᠮᠠᠭ ᠤᠨ ᠪᠥᠬᠦ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠨᠢ ᠲᠦᠷᠦᠭᠦᠦ ᠬᠤᠶᠠᠷ ᠲᠤ ᠣᠷᠣᠵᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ ᠲᠣᠰ ᠲᠣᠰ 185.5᠂ 104.8 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 44.1%᠂ 57.3% ᠪᠠᠷ ᠨᠡᠮᠡᠭᠳᠡᠵᠦ᠂ ᠪᠥᠬᠦ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠶᠢ ᠨᠡᠶᠢᠲᠡ 8.7 ᠵᠠᠭᠤᠨ ᠤ ᠬᠤᠪᠢ ᠶᠢᠨ ᠴᠡᠭ ᠳᠠᠶᠢᠴᠢᠯᠠᠪᠠ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ