︵2024 ᠣᠨ ᠤ 11 ᠰᠠᠷ᠎ᠠ ᠶᠢᠨ 18 ᠤ ᠡᠳᠦᠷ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠶ ᠠᠩᠭᠢ | 1 — 10 ᠳ᠋ᠤᠭᠠᠷ ᠰᠠᠷ᠎ᠠ ᠳᠤ᠂ ᠪᠥᠬᠦ ᠣᠷᠣᠨ ᠳᠠᠶᠠᠭᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠤᠯ | ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠬᠦᠴᠦᠯᠡᠨ ᠠᠬᠢᠭᠤᠯᠵᠤ᠂ | ᠲᠥᠷᠥ ᠶᠢᠨ ᠪᠣᠳᠣᠯᠭ᠎ᠠ ᠶᠢᠨ ᠠᠰᠢᠭ ᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠪᠥᠬᠦ ᠣᠷᠣᠨ ᠤ ᠠᠵᠤ ᠠᠬᠤᠶ | ᠲᠣᠭᠲᠠᠭᠤᠨ ᠠᠵᠢᠯᠯᠠᠭᠠᠨ ᠤ ᠪᠠᠶᠢᠳᠠᠯ ᠢ ᠪᠠᠲᠤᠯᠠᠪᠠ᠃ | ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠰᠢᠨ᠎ᠡ ᠬᠥᠳᠡᠯᠭᠡᠭᠴᠢ ᠡᠨᠧᠷᠭᠢ ᠶᠢᠨ ᠨᠡᠮᠡᠭᠳᠡᠯ ᠤᠨ ᠬᠠᠨᠳᠤᠰᠢ ᠨᠡᠯᠢᠶᠡᠳ | ᠰᠠᠶᠢᠨ ᠪᠠᠶᠢᠨ᠎ᠠ᠃ | 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 6.9% ᠨᠡᠮᠡᠭᠳᠡᠪᠡ᠃ ᠭᠤᠷᠪᠠᠨ ᠶᠡᠭᠡ ᠲᠥᠷᠥᠯ ᠢᠶᠠᠷ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠵᠦ᠂ ᠦᠢᠯᠡᠳᠬᠦ ᠦᠢᠯᠡᠰ 8.9% ᠨᠡᠮᠡᠭᠳᠡᠵᠦ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ | ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 9.1% ᠨᠡᠮᠡᠭᠳᠡᠪᠡ᠃ ᠠᠵᠤ ᠠᠬᠤᠶ ᠶᠢᠨ ᠲᠥᠷᠥᠯ ᠬᠡᠯᠪᠡᠷᠢ ᠠᠴᠠ ᠦᠵᠡᠪᠡᠯ᠂ ᠤᠯᠤᠰ ᠤᠨ | ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.7% ᠨᠡᠮᠡᠭᠳᠡᠵᠦ᠂ ᠬᠤᠪᠢ ᠣᠷᠣᠭᠤᠯᠬᠤ | ᠳᠦᠷᠢᠮᠲᠦ ᠠᠵᠤ ᠠᠬᠤᠶᠢᠯᠠᠯ 7.1% ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠠᠯᠠ ᠣᠷᠣᠭᠤᠯᠤᠭᠰᠠᠨ ᠠᠵᠤ | ᠠᠬᠤᠶᠢᠯᠠᠯ 3.4% ᠨᠡᠮᠡᠭᠳᠡᠵᠦ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 6.2% ᠨᠡᠮᠡᠭᠳᠡᠪᠡ᠃ ᠰᠢᠨ᠎ᠡ ᠬᠥᠳᠡᠯᠭᠡᠬᠦ ᠡᠨᠧᠷᠭᠢ ᠠᠴᠠ ᠦᠵᠡᠪᠡᠯ᠂ | ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 39.5% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ | ᠦᠢᠯᠡᠰ ᠤᠨ ᠨᠡᠮᠡᠭᠳᠡᠯ ᠦᠷᠳᠡᠭ 26.2% ᠢᠶᠠᠷ ᠨᠡᠮᠡᠭᠳᠡᠵᠦ᠂ ᠡᠨᠡ ᠵᠢᠯ ᠠᠴᠠ ᠨᠠᠭᠠᠰᠢᠬᠢ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠤᠨ ᠬᠠᠨᠳᠤᠰᠢ ᠶᠢ ᠪᠠᠲᠤᠯᠠᠪᠠ᠃ | ᠭᠤᠤᠯ ᠪᠣᠯᠬᠤ ᠦᠢᠯᠡᠳᠬᠦᠨ ᠠᠴᠠ ᠦᠵᠡᠪᠡᠯ᠂ ᠨᠡᠭᠦᠷᠡᠰᠦᠨ ᠤ ᠭᠠᠷᠤᠯᠲᠠ 10.6 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4. | 9% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 6666.6 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 9.3% ᠪᠠᠷ ᠨᠡᠮᠡᠭᠳᠡᠪᠡ᠃ ᠡᠭᠦᠨ ᠳᠤ᠂ | ᠰᠢᠨ᠎ᠡ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠬᠡᠮᠵᠢᠶ᠎ᠡ 1536.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 26.8% ᠪᠠᠷ ᠨᠡᠮᠡᠭᠳᠡᠪᠡ︔ ᠲᠠᠩ | ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ᠂ ᠬᠤᠪᠣᠷ ᠰᠢᠷᠣᠶ ᠶᠢᠨ ᠨᠢᠭᠡᠳᠪᠦᠷᠢ ᠶᠢᠨ ᠭᠠᠷᠤᠯᠲᠠ ᠲᠣᠰ ᠲᠣᠰ 54.0%᠂ 112.7% ᠪᠠ 223.1% | ᠨᠡᠮᠡᠭᠳᠡᠪᠡ᠃ 1 — 9 ᠳ᠋ᠤᠭᠡᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠡᠵᠡᠩᠨᠡᠯᠲᠡ ᠶᠢᠨ ᠣᠷᠣᠯᠭ᠎ᠠ 21186.6 ᠳ᠋ᠦᠩᠰᠢᠭᠤᠷ ᠲᠥᠭᠦᠷᠢᠭ᠂ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ 2211.1 ᠳ᠋ᠦᠩᠰᠢᠭᠤᠷ ᠲᠥᠭᠦᠷᠢᠭ ᠢ | ᠪᠡᠶᠡᠯᠡᠭᠦᠯᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠵᠦ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠡᠷᠴᠢᠮᠲᠡᠢ | ᠨᠡᠮᠡᠭᠳᠡᠪᠡ᠃ | 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ | ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠦ᠂ 1 — 9 ᠳ᠋ᠤᠭᠡᠷ ᠰᠠᠷ᠎ᠠ ᠶᠢᠨ ᠬᠢ ᠠᠴᠠ 0.4 ᠵᠠᠭᠤᠨ ᠤ ᠬᠤᠪᠢ ᠶᠢᠨ ᠴᠡᠭ ᠲᠦᠷᠭᠡᠳᠪᠡ᠃ | ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ 14.0% ᠢᠶᠠᠷ ᠨᠡᠮᠡᠭᠳᠡᠵᠦ᠂ ᠦᠢᠯᠡᠳᠬᠦ ᠦᠢᠯᠡᠰ ᠤᠨ ᠪᠠᠯᠠ | ᠣᠷᠣᠭᠤᠯᠤᠯᠲᠠ 1.4% ᠪᠠᠷ ᠨᠡᠮᠡᠭᠳᠡᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 2.5% ᠪᠠᠷ ᠪᠠᠭᠤᠷᠠᠪᠠ᠃ ᠠᠵᠤ | ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 66.1% ᠪᠠᠷ ᠨᠡᠮᠡᠭᠳᠡᠪᠡ︔ | ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 11.5% ᠪᠠᠷ ᠨᠡᠮᠡᠭᠳᠡᠵᠦ᠂ ᠡᠭᠦᠨ ᠳᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 11.5% ᠪᠠᠷ | ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 6.0% ᠢᠶᠠᠷ ᠨᠡᠮᠡᠭᠳᠡᠪᠡ᠃ ᠠᠷᠠᠳ ᠤᠨ ᠳᠤᠮᠳᠠᠬᠢ ᠪᠡᠯᠡ ᠣᠷᠣᠭᠤᠯᠤᠯᠲᠠ 5.5% | ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ 10.2% | ᠨᠡᠮᠡᠭᠳᠡᠪᠡ᠃ | ᠭᠤᠷᠪᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠦᠷᠭᠦᠯᠵᠢᠯᠡᠨ ᠳᠡᠭᠡᠭᠰᠢᠯᠡᠵᠦ᠂ ᠳᠡᠰ ᠳᠠᠪᠰᠢᠭᠰᠠᠨ ᠲᠥᠷᠥᠯ ᠤᠨ ᠬᠡᠰᠡᠭ ᠲᠠᠸᠠᠷ ᠤᠨ ᠪᠣᠷᠣᠯᠠᠭᠤᠯᠤᠯᠲᠠ ᠶᠢᠨ | ᠨᠡᠮᠡᠭᠳᠡᠯ ᠨᠡᠯᠢᠶᠡᠳ ᠲᠦᠷᠭᠡᠨ ᠪᠠᠶᠢᠨ᠎ᠠ᠃ | 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 4505.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠵᠦ᠂ 1 — 9 ᠳ᠋ᠤᠭᠡᠷ ᠰᠠᠷ᠎ᠠ ᠶᠢᠨ ᠬᠢ ᠠᠴᠠ 0.2 | ᠵᠠᠭᠤᠨ ᠤ ᠬᠤᠪᠢ ᠶᠢᠨ ᠴᠡᠭ ᠲᠦᠷᠭᠡᠳᠪᠡ᠃ ᠡᠵᠡᠩᠨᠡᠯᠲᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ 3.5% ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 4.4% ᠨᠡᠮᠡᠭᠳᠡᠪᠡ᠃ | ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ 7.6% ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠣᠯᠠᠭᠤᠯᠤᠯᠲᠠ 3. 1% | ᠨᠡᠮᠡᠭᠳᠡᠪᠡ᠃ ᠬᠡᠰᠡᠭ ᠲᠠᠰ ᠳᠡᠪᠰᠢᠭᠰᠡᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠶᠢᠨ ᠨᠡᠮᠡᠭᠳᠡᠯ ᠤᠨ ᠬᠠᠨᠳᠤᠰᠢ ᠨᠡᠯᠢᠶᠡᠳ ᠲᠦᠷᠭᠡᠨ ᠪᠠᠶᠢᠵᠤ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 83.5% ᠨᠡᠮᠡᠭᠳᠡᠵᠦ᠂ ᠴᠢᠮᠡᠭᠡ | ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ 84.8% ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ 57.0% ᠨᠡᠮᠡᠭᠳᠡᠪᠡ᠃ | ᠳᠦᠷᠪᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠨᠠᠮᠵᠢᠭᠤᠨ ᠪᠥᠭᠡᠳ ᠡᠵᠡᠮᠳᠡᠵᠦ ᠪᠣᠯᠬᠤ ᠪᠤᠯᠵᠤ᠂ ᠠᠵᠤ ᠦᠢᠯᠡᠳᠪᠦᠷᠢ ᠶᠢᠨ | ᠦᠢᠯᠡᠳᠪᠦᠷᠢᠯᠡᠭᠴᠢᠳ ᠤᠨ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ ᠪᠠᠭᠤᠷᠠᠪᠠ᠃ | 10 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠠᠳᠠᠯᠢ ᠬᠤᠭᠤᠴᠠᠭᠠᠨ ᠤ ᠬᠢ ᠠᠴᠠ 0. | 1% ᠪᠠᠷ ᠪᠠᠭᠤᠷᠠᠪᠠ᠂ ᠡᠭᠦᠨ ᠳᠤ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠠᠳᠠᠯᠢ ᠪᠠᠶᠢᠵᠤ᠂ ᠬᠥᠳᠡᠭᠡ ᠲᠣᠰᠬᠤᠨ ᠤ ᠰᠠᠭᠤᠭᠠᠯᠢ | ᠠᠷᠠᠳ ᠤᠨ ᠬᠡᠷᠡᠭᠯᠡᠭᠡᠨ ᠤ ᠦᠨ᠎ᠡ ᠬᠠᠩᠰᠢ 0.1% ᠪᠠᠷ ᠪᠠᠭᠤᠷᠠᠪᠠ᠃ ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭᠠᠨ ᠠᠷᠢᠬᠢ ᠲᠠᠮᠠᠬᠢᠨ ᠤ ᠦᠨ᠎ᠡ ᠠᠳᠠᠯᠢ | ᠬᠤᠭᠤᠴᠠᠭᠠᠨ ᠤ ᠬᠢ ᠠᠴᠠ 1.2% ᠢᠶᠠᠷ ᠥᠰᠴᠦ᠂ ᠬᠤᠪᠴᠠᠰᠤ ᠬᠤᠨᠠᠷ ᠤᠨ ᠦᠨ᠎ᠡ ᠬᠠᠩᠰᠢ 1.3% ᠪᠠᠷ ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ | ᠠᠳᠠᠯᠢ ᠪᠠᠶᠢᠵᠤ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 2.0% ᠪᠠᠷ ᠥᠰᠴᠦ᠂ ᠵᠠᠮ ᠬᠠᠷᠢᠯᠴᠠᠭ᠎ᠠ ᠪᠠ ᠮᠡᠳᠡᠭᠡ ᠬᠤᠯᠪᠣᠭᠠᠨ ᠤ | ᠦᠨ᠎ᠡ ᠬᠠᠩᠰᠢ 5.2% ᠢᠶᠠᠷ ᠪᠠᠭᠤᠷᠠᠵᠤ᠂ ᠰᠤᠷᠭᠠᠨ ᠬᠥᠮᠦᠵᠢᠯ ᠰᠣᠶᠣᠯ ᠵᠤᠭ᠎ᠠ ᠴᠡᠩᠭᠡᠯ ᠤᠨ ᠦᠨ᠎ᠡ ᠬᠠᠩᠰᠢ 0.4% ᠪᠠᠷ ᠥᠰᠴᠦ᠂ ᠡᠮ ᠡᠮᠨᠡᠯᠭᠡ | ᠡᠷᠡᠭᠦᠯᠵᠢᠯ ᠤᠨ ᠦᠨ᠎ᠡ ᠬᠠᠩᠰᠢ 0.4% ᠪᠠᠷ ᠪᠠᠭᠤᠷᠠᠵᠤ᠂ ᠪᠤᠰᠤᠳ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 6.4% ᠪᠠᠷ ᠥᠰᠴᠡᠶ᠃ 1 — | 10 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠨᠡᠶᠢᠲᠡ 0. 3% ᠪᠠᠷ ᠥᠰᠴᠦ᠂ | ᠥᠰᠥᠯᠲᠡ ᠶᠢᠨ ᠬᠡᠮᠵᠢᠶ᠎ᠡ ᠨᠢ 1 — 9 ᠳ᠋ᠤᠭᠡᠷ ᠰᠠᠷ᠎ᠠ ᠶᠢᠨ ᠬᠢ ᠠᠴᠠ 0.1 ᠵᠠᠭᠤᠨ ᠤ ᠬᠤᠪᠢ ᠶᠢᠨ ᠴᠡᠭ ᠪᠠᠭᠠᠰᠪᠠ᠃ ᠠᠵᠤ ᠦᠢᠯᠡᠳᠪᠦᠷᠢ ᠶᠢᠨ | ᠦᠢᠯᠡᠳᠪᠦᠷᠢᠯᠡᠭᠴᠢ ᠶᠢᠨ ᠦᠢᠯᠡᠳᠪᠦᠷᠢ ᠠᠴᠠ ᠭᠠᠷᠭᠠᠬᠤ ᠦᠨ᠎ᠡ ᠬᠠᠩᠰᠢ ᠨᠡᠶᠢᠲᠡ 3.6% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 — 9 ᠳ᠋ᠤᠭᠡᠷ | ᠰᠠᠷ᠎ᠠ ᠶᠢᠨ ᠬᠢ ᠠᠴᠠ 0.1 ᠵᠠᠭᠤᠨ ᠤ ᠬᠤᠪᠢ ᠶᠢᠨ ᠴᠡᠭ ᠪᠠᠭᠠᠰᠴᠠᠶ︔ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠬᠤᠳᠠᠯᠳᠤᠨ ᠠᠪᠬᠤ ᠦᠨ᠎ᠡ ᠬᠠᠩᠰᠢ | ᠨᠡᠶᠢᠲᠡ 2.9% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ 1 — 9 ᠳ᠋ᠤᠭᠡᠷ ᠰᠠᠷ᠎ᠠ ᠶᠢᠨ ᠬᠢ ᠠᠴᠠ 0.1 ᠵᠠᠭᠤᠨ ᠤ ᠬᠤᠪᠢ ᠶᠢᠨ ᠴᠡᠭ ᠥᠷᠭᠡᠳᠴᠡᠶ᠃ | ᠶᠡᠷᠦᠩᠬᠡᠶ ᠳᠤᠨᠢ ᠠᠪᠴᠤ ᠦᠵᠡᠪᠡᠯ᠂ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ | ᠪᠠᠶᠢᠵᠤ᠂ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠶ ᠠᠭᠢᠪᠠ᠃ ᠭᠡᠪᠡᠴᠦ ᠳᠣᠲᠣᠭᠠᠳᠤ ᠭᠠᠳᠠᠭᠠᠳᠤ ᠶᠢᠨ ᠣᠷᠴᠢᠨ ᠠᠬᠤᠢ ᠳᠤ ᠲᠣᠭᠲᠠᠭᠠᠯᠲᠤ ᠪᠤᠰᠤ | ᠬᠦᠴᠦᠨ ᠵᠦᠢᠯ ᠨᠡᠯᠢᠶᠡᠳ ᠤᠯᠠᠨ ᠪᠠᠶᠢᠵᠤ᠂ ᠬᠦᠴᠢᠷᠳᠡᠯ ᠪᠠ ᠰᠢᠯᠭᠠᠯᠲᠠ ᠮᠥᠨ ᠯᠡ ᠣᠷᠣᠰᠢᠵᠤ ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ᠃ ᠲᠠᠷᠠᠭᠠᠴᠢ ᠶᠢᠨ | ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ | ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠬᠤᠷᠠᠯ ᠪᠣᠯᠤᠨ ᠪᠥᠬᠦ ᠣᠷᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ | ᠪᠠᠷᠢᠮᠲᠠᠯᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ | ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠶ ᠶᠢᠨ ᠰᠡᠷᠭᠦᠨ | ᠳᠡᠭᠡᠭᠰᠢᠯᠡᠬᠦ ᠰᠠᠶᠢᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠴᠢᠩᠭᠠᠳᠬᠠᠬᠤ ᠬᠡᠷᠡᠭᠲᠡᠶ᠃ | |