1 — 10 ᠳ᠋ᠤᠭᠠᠷ ᠰᠠᠷ᠎ᠠ ᠳᠤ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠦᠷᠭᠦᠯᠵᠢᠯᠡᠨ ᠳᠡᠭᠡᠭᠰᠢᠯᠡᠪᠡ
ᠨᠡᠶᠢᠲᠡᠯᠡᠭᠰᠡᠨ ᠴᠠᠭ᠄
2024/12/3
    ᠡᠨᠡ ᠵᠢᠯ ᠠᠴᠠ ᠨᠠᠭᠠᠰᠢ᠂ ᠪᠦᠬᠦ ᠣᠷᠣᠨ ᠰᠢᠨ᠎ᠡ ᠵᠠᠮ ᠨᠡᠬᠡᠬᠡᠨ᠂ ᠳᠤᠮᠳᠠ ᠲᠦᠪᠰᠢᠨ ᠳᠤ ᠤᠷᠤᠭᠰᠢᠯᠠᠬᠤ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ︽ᠵᠢᠷᠭᠤᠭᠠᠨ ᠶᠡᠭᠡ ᠢᠨᠵᠧᠨᠧᠷᠢᠩ︾ ᠢ ᠶᠡᠭᠡ ᠪᠠᠷ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠵᠦ᠂ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠪᠡ᠃ 1 — 10 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 0.4 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠦᠷᠭᠦᠯᠵᠢᠯᠡᠨ ᠬᠤᠶᠠᠷ ᠰᠠᠷ᠎ᠠ ᠳᠡᠭᠡᠭᠰᠢᠯᠡᠵᠦ᠂ ᠦᠷᠭᠦᠯᠵᠢᠯᠡᠨ ᠪᠥᠬᠦ ᠤᠯᠤᠰ ᠤᠨ ᠬᠤᠶᠠᠳᠤᠭᠠᠷ ᠲᠤ ᠣᠷᠣᠪᠠ᠃    ᠨᠢᠭᠡ᠂ ᠭᠤᠷᠪᠠᠳᠤᠭᠠᠷ ᠠᠵᠤ ᠦᠢᠯᠡᠰ ᠲᠣᠭᠲᠠᠭᠤᠨ ᠢᠶᠠᠷ ᠳᠠᠬᠢᠨ ᠳᠡᠭᠡᠭᠰᠢᠯᠡᠪᠡ᠃    1 — 10 ᠳ᠋ᠤᠭᠠᠷ ᠰᠠᠷ᠎ᠠ ᠳᠤ᠂ ᠪᠥᠬᠦ ᠣᠷᠣᠨ ᠤ ᠭᠤᠷᠪᠠᠳᠤᠭᠠᠷ ᠠᠵᠤ ᠦᠢᠯᠡᠰ ᠲᠤ ︽ᠨᠢᠭᠡᠳᠦᠭᠡᠷ ᠠᠵᠤ ᠦᠢᠯᠡᠰ ᠲᠦᠷᠭᠡᠨ ᠨᠡᠮᠡᠭᠳᠡᠵᠦ᠂ ᠬᠤᠶᠠᠳᠤᠭᠠᠷ ᠠᠵᠤ ᠦᠢᠯᠡᠰ ᠲᠣᠭᠲᠠᠭᠤᠨ ᠢᠶᠠᠷ ᠠᠵᠢᠯᠯᠠᠵᠤ᠂ ᠭᠤᠷᠪᠠᠳᠤᠭᠠᠷ ᠠᠵᠤ ᠦᠢᠯᠡᠰ ᠲᠣᠭᠲᠠᠭᠤᠨ ᠢᠶᠠᠷ ᠳᠡᠭᠡᠭᠰᠢᠯᠡᠬᠦ︾ ᠪᠠᠶᠢᠳᠠᠯ ᠢᠯᠡᠷᠡᠪᠡ᠃ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 66.1% ᠪᠠᠷ ᠨᠡᠮᠡᠭᠳᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 5.2% ᠪᠣᠯᠵᠣ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 2.3 ᠵᠠᠭᠤᠨ ᠤ ᠬᠤᠪᠢ ᠶᠢᠨ ᠴᠡᠭ ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 11. 5% ᠪᠠᠷ ᠨᠡᠮᠡᠭᠳᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 6.9 ᠵᠠᠭᠤᠨ ᠤ ᠬᠤᠪᠢ ᠶᠢᠨ ᠴᠡᠭ ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 6. 0% ᠢᠶᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 1.4 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 2.2 ᠵᠠᠭᠤᠨ ᠤ ᠬᠤᠪᠢ ᠶᠢᠨ ᠴᠡᠭ ᠳᠠᠶᠢᠴᠢᠯᠠᠪᠠ᠃    ᠬᠤᠶᠠᠷ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢ ᠲᠦᠷᠭᠡᠳᠬᠡᠪᠡ᠃    1 — 10 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.0% ᠢᠶᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 1.7 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠭᠦᠨ ᠳᠤ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠠᠯᠠ ᠣᠷᠣᠭᠤᠯᠤᠯᠲᠠ ᠶᠢᠨ ᠬᠤᠪᠢ ᠨᠡᠮᠡᠷᠢ ᠪᠠᠷ ᠬᠠᠮᠤᠭ ᠤᠨ ᠶᠡᠭᠡ ᠪᠠᠶᠢᠵᠤ᠂ 22.6% ᠪᠠᠷ ᠨᠡᠮᠡᠭᠳᠡᠪᠡ᠃    ᠭᠤᠷᠪᠠ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠲᠦᠷᠭᠡᠳᠪᠡ᠃    1 — 10 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.4% ᠪᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ ᠤᠨ ᠬᠢ ᠠᠴᠠ 10.9 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 6.6% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ᠃ ᠡᠭᠦᠨ ᠳᠤ᠂ ᠠᠭᠤᠷᠬᠠᠶ ᠮᠠᠯᠲᠠᠬᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ 51.9% ᠪᠠᠷ ᠨᠡᠮᠡᠭᠳᠡᠵᠦ᠂ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ 23.2% ᠢᠶᠠᠷ ᠪᠠᠭᠤᠷᠠᠵᠤ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ 93.8% ᠪᠠᠷ ᠨᠡᠮᠡᠭᠳᠡᠪᠡ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ