ᠮᠦᠰᠦ ᠴᠠᠰᠤᠨ ᠳᠡᠭᠡᠷ᠎ᠡ ᠨᠢᠭᠡ ᠤᠳᠠᠭ᠎ᠠ ᠨᠠᠭᠠᠳᠬᠤ ᠦᠭᠡᠢ ᠶᠤᠮ ᠪᠣᠯ᠂ ᠡᠪᠦᠯ ᠤᠨ ᠴᠠᠭ ᠤᠨ ᠡᠷᠬᠡ ᠴᠢᠯᠥᠭᠡ᠂ ᠣᠮᠤᠭ ᠰᠦᠷ᠂ ᠪᠠᠶᠠᠷ ᠬᠥᠷ ᠢ ᠶᠠᠭᠠᠬᠢᠵᠤ | ᠵᠢᠩᠬᠢᠨᠢ ᠣᠯᠵᠤ ᠳᠡᠶᠢᠯᠦᠨ᠎ᠡ ᠪᠤᠢ︕ | | | | | | ᠵᠡᠭᠦᠨ ᠬᠤᠢᠲᠤ ᠣᠷᠣᠨ ᠤ ᠡᠪᠦᠯ ᠮᠦᠰᠦ ᠴᠠᠰᠤ ᠠᠴᠠ ᠰᠠᠯᠵᠤ ᠴᠢᠳᠠᠬᠤ ᠦᠭᠡᠢ᠂ ᠴᠠᠰᠤ ᠪᠠᠷ ᠨᠠᠭᠠᠳᠬᠤ ᠨᠢ ᠴᠠᠰᠤᠨ ᠬᠥᠮᠦᠨ ᠣᠪᠣᠭᠠᠯᠠᠬᠤ᠂ ᠴᠠᠰᠤᠲᠤ | ᠪᠠᠢᠯᠳᠦᠭᠠᠨ ᠬᠢᠬᠦ᠂ ᠴᠠᠰᠤᠨ ᠳᠤ ᠭᠤᠯᠭᠤᠬᠤ ᠵᠡᠷᠭᠡ ᠯᠡ ᠲᠡᠳᠦᠢ ᠪᠢᠰᠢ᠂ ᠬᠠᠷᠢᠨ ᠴᠠᠰᠤᠲᠤ ᠭᠠᠵᠠᠷ ᠬᠡᠭᠡᠷᠡᠯᠡᠬᠦ ᠨᠢ ᠴᠠᠰᠤ ᠪᠠᠷ ᠨᠠᠭᠠᠳᠬᠤ ᠶᠢᠨ ᠬᠠᠮᠤᠭ ᠤᠨ | ᠬᠤᠷᠴᠠ ᠰᠢᠷᠦᠭᠦᠨ ᠥᠩᠭᠡᠷᠡᠯᠲᠡ ᠪᠣᠯᠤᠨ᠎ᠠ᠃ ᠮᠠᠰᠢᠨ ᠲᠡᠷᠭᠡ ᠨᠡᠯᠦᠭᠡᠷ ᠶᠡᠭᠡ ᠴᠠᠰᠤᠨ ᠳᠤ ᠳᠠᠪᠬᠢᠵᠤ ᠪᠠᠶᠢᠬᠤ ᠳᠤ᠂ ᠲᠡᠷᠡ ᠬᠦ ᠡᠵᠡᠮᠰᠢᠯ ᠢᠶᠠᠨ ᠠᠯᠳᠠᠭᠰᠠᠨ ᠪᠠ | ᠰᠡᠳᠡᠯᠲᠡ ᠨᠢ ᠲᠤᠭ᠎ᠠ ᠲᠣᠮᠰᠢ ᠦᠭᠡᠢ ᠬᠡᠭᠡᠷᠡᠯᠡᠭᠴᠢ ᠶᠢᠨ ᠳᠤᠷ᠎ᠠ ᠪᠠᠬ᠎ᠠ ᠶᠢ ᠲᠠᠲᠠᠵᠤ ᠪᠠᠶᠢᠨ᠎ᠠ᠃ | | | | | | ᠠᠷᠤᠨ ᠬᠤᠰᠢᠭᠤᠨ ᠤ ᠴᠠᠰᠤᠲᠤ ᠭᠠᠵᠠᠷ ᠬᠡᠭᠡᠷᠡᠯᠡᠬᠦ ᠥᠷᠨᠢᠯᠲᠡ ᠭᠠᠷᠴᠤ᠂ ᠮᠥᠰᠥ ᠴᠠᠰᠤᠨ ᠤ ᠵᠢᠭᠤᠯᠴᠢᠯᠠᠯ ᠤᠨ ᠰᠢᠨ᠎ᠡ ᠬᠠᠨᠳᠤᠰᠢ ᠶᠢ ᠬᠥᠲᠥᠯᠥᠨ | ᠳᠠᠭᠠᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠬᠤ ᠶᠢᠨ ᠬᠠᠮᠲᠤ ᠬᠥᠯᠥᠨ ᠪᠤᠶᠢᠷ ᠤᠨ ᠮᠥᠰᠥ ᠴᠠᠰᠤᠨ ᠤ | ᠵᠢᠭᠤᠯᠴᠢᠯᠠᠯ ᠤᠨ ᠰᠣᠶᠣᠯ ᠤᠨ ᠠᠭᠤᠯᠤᠭᠳᠠᠬᠤᠨ ᠢ ᠴᠤ ᠪᠠᠶᠠᠯᠢᠭᠵᠢᠭᠤᠯᠪᠠ᠃ | | | | | | ᠮᠥᠰᠥ ᠴᠠᠰᠤ ᠬᠤᠯᠢᠯᠳᠤᠭᠰᠠᠨ ᠡᠪᠦᠯ ᠤᠨ ᠤᠯᠠᠷᠢᠯ ᠳᠤ᠂ ᠨᠢᠭᠡ ᠤᠳᠠᠭᠠᠨ ᠤ ᠴᠠᠰᠤᠲᠤ ᠭᠠᠵᠠᠷ ᠬᠡᠭᠡᠷ᠎ᠡ ᠲᠠᠯ᠎ᠠ ᠥᠩᠭᠡᠷᠡᠬᠦ ᠨᠢ ᠶᠠᠭ ᠯᠠ ᠥᠯᠥ ᠮᠡᠳᠡᠬᠦ | ᠬᠦᠷᠢᠶ᠎ᠡ ᠬᠡᠪᠴᠢᠶᠡᠨ ᠳᠤ ᠪᠠᠷᠲᠠᠭ᠎ᠠ ᠬᠠᠶᠢᠬᠤ ᠰᠢᠭ᠋᠃ ᠮᠠᠰᠢᠨ ᠲᠡᠷᠭᠡ ᠬᠦᠷᠴᠢᠭᠢᠨᠡᠵᠦ᠂ ᠬᠦᠢᠲᠡᠨ ᠠᠭᠠᠷ ᠬᠤᠶᠢᠯᠠᠷᠠᠨ᠂ ᠳᠤᠭᠤᠶᠢᠯᠠᠪᠤᠷᠢ ᠪᠣᠯᠤᠨ ᠴᠠᠰᠤᠨ | ᠭᠠᠵᠠᠷ ᠤᠨ ᠦᠷᠦᠯᠲᠡ ᠶᠢᠨ ᠲᠠᠭᠤᠨ᠂ ᠴᠠᠰᠤᠨ ᠯᠠᠪᠰᠠ ᠶᠢᠨ ᠱᠠᠷᠴᠢᠭᠢᠨᠠᠬᠤ ᠲᠠᠭᠤᠨ᠂ ᠬᠥᠳᠡᠯᠭᠡᠭᠦᠷ ᠤᠨ ᠬᠦᠩᠭᠢᠨᠡᠬᠦ ᠲᠠᠭᠤᠨ᠂ ᠮᠧᠬᠠᠨᠢᠭ ᠪᠣᠯᠤᠨ ᠮᠥᠰᠥ | ᠴᠠᠰᠤᠨ ᠤ ᠮᠥᠷᠭᠦᠯᠳᠦᠯ ᠨᠢ ᠴᠠᠰᠤ ᠮᠥᠰᠥᠨ ᠳᠤ ᠬᠡᠭᠡᠷᠡᠯᠡᠬᠦ ᠳᠤᠷ᠎ᠠ ᠪᠠᠭ᠋ᠠᠲᠠᠶ ᠬᠥᠮᠦᠰ ᠢ ᠮᠥᠰᠥ ᠴᠠᠰᠤᠨ ᠳᠤ ᠬᠤᠴᠢᠭᠳᠠᠭᠰᠠᠨ ᠬᠤᠷᠳᠤᠴᠠ ᠪᠣᠯᠤᠨ ᠣᠷᠭᠢᠯᠤᠮ᠎ᠠ | ᠰᠡᠳᠬᠢᠯᠭᠡ ᠶᠢ ᠣᠶᠢᠯᠠᠭᠠᠭᠤᠯᠵᠤ᠂ ᠡᠪᠦᠯ ᠤᠨ ᠤᠯᠠᠷᠢᠯ ᠳᠤ ᠴᠠᠰᠤ ᠪᠠᠷ ᠨᠠᠭᠠᠳᠬᠤ ᠳᠤ ᠤᠮᠠᠷᠠᠲᠤ ᠣᠷᠣᠨ ᠤ ᠥᠪᠡᠷᠮᠢᠴᠡ ᠣᠨᠴᠠᠯᠢᠭ ᠪᠥᠬᠦᠶ ᠣᠶᠢᠯᠠᠭᠠᠯᠲᠠ ᠶᠢ | ᠠᠪᠴᠢᠷᠠᠵᠠᠶ᠃ ᠭᠠᠷ ᠬᠥᠯ ᠤᠨ ᠬᠡᠲᠦ ᠴᠢᠩᠭ᠎ᠠ ᠬᠠᠮᠵᠢᠯᠴᠠᠭ᠎ᠠ ᠳᠤᠤᠷ᠎ᠠ᠂ ᠮᠤᠷᠦ᠋ᠢᠬᠤ ᠪᠦᠷᠢ᠂ ᠣᠭᠵᠣᠮ ᠵᠣᠭᠰᠣᠬᠤ ᠪᠦᠷᠢ᠂ ᠬᠥᠪᠬᠦ ᠪᠦᠷᠢ᠂ ᠪᠦᠷ ᠬᠥᠮᠦᠨ ᠳᠤ | ᠵᠢᠩᠬᠢᠨᠢ ᠲᠦᠢᠯᠰᠢᠷᠠᠯ ᠤᠨ ᠥᠷᠢᠰᠥᠯᠳᠦᠭᠡᠨ ᠢ ᠮᠡᠳᠡᠷᠡᠭᠦᠯᠦᠨ᠎ᠡ᠃ | | | | | | ᠮᠥᠩᠭᠦᠨ ᠴᠠᠭᠠᠨ ᠮᠦᠰᠦ ᠴᠠᠰᠦᠲᠦ ᠳᠡᠯᠡᠬᠡᠢ ᠶᠢᠷᠲᠢᠨᠴᠦ ᠳᠤ᠂ ᠬᠡᠭᠡᠷᠡᠯᠡᠬᠦ ᠳᠤᠷᠠᠲᠠᠢ ᠬᠥᠮᠦᠰ ᠡᠬᠡ ᠪᠠᠶᠢᠭᠠᠯᠢ ᠲᠠᠢ ᠡᠰᠡᠷᠭᠦᠴᠡᠯᠳᠦᠬᠦ ᠲᠡᠳᠦᠢ ᠦᠭᠡᠢ᠂ ᠮᠥᠨ | ᠮᠥᠰᠥ ᠴᠠᠰᠤᠨ ᠤ ᠠᠷᠢᠭᠤᠳᠬᠠᠯ᠂ ᠨᠡᠩ ᠴᠤ ᠪᠠᠢᠭᠠᠯᠢ ᠤᠨ ᠶᠠᠷᠢᠶ᠎ᠠ ᠬᠡᠯᠡᠯᠴᠡᠭᠡ᠂ ᠳᠣᠲᠣᠭᠠᠳᠤ ᠰᠡᠳᠬᠢᠯ ᠯᠤᠭ᠎ᠠ ᠶᠢᠨ ᠦᠵᠡᠯᠴᠡᠭᠡᠨ ᠪᠣᠯᠵᠤ᠂ ᠪᠡᠶ᠎ᠡ ᠮᠠᠬᠠᠪᠣᠳ᠂ | ᠵᠣᠷᠢᠭ ᠰᠠᠨᠠᠭ᠎ᠠ ᠨᠢ ᠮᠠᠰᠢ ᠶᠡᠭᠡ ᠰᠢᠯᠭᠠᠯᠲᠠ ᠳᠤ ᠲᠤᠯᠭᠠᠷᠠᠨ᠂ ᠬᠡᠭᠡᠷᠡᠯᠡᠬᠦ ᠬᠥᠮᠦᠰ ᠤᠨ ᠲᠡᠮᠡᠴᠡᠬᠦ ᠵᠣᠷᠢᠭ ᠰᠥᠰᠥ ᠶᠢ ᠬᠠᠷᠠᠭᠤᠯᠵᠤ᠂ ᠬᠥᠮᠦᠰ ᠢ ᠠᠮᠢᠳᠤᠷᠠᠯ ᠤᠨ | ᠳᠤᠮᠳᠠ ᠵᠣᠷᠢᠭᠲᠠᠢ ᠤᠷᠤᠭᠰᠢᠯᠠᠭᠤᠯᠤᠭᠰᠠᠨ ᠪᠠᠶᠢᠨ᠎ᠠ᠃ | | | | | | | | ᠦᠨᠡᠨ ᠳᠡᠭᠡᠨ᠂ ᠠᠮᠢᠳᠤᠷᠠᠯ ᠪᠣᠯ ᠲᠡᠷᠡ ᠵᠦᠭ ᠢᠶᠠᠷ ᠢᠶᠠᠨ ᠨᠢᠭᠡ ᠤᠳᠠᠭᠠᠨ ᠤ ᠲᠦᠯ ᠤᠨ ᠥᠷᠢᠰᠥᠯᠳᠦᠭᠡᠨ ᠮᠥᠨ᠂ ᠶᠠᠮᠠᠷᠪᠠ ᠬᠦᠴᠢᠷ ᠪᠡᠷᠬᠡᠰᠢᠶᠡᠯ ᠬᠠᠷᠰᠢ | ᠰᠠᠭᠠᠳ ᠤᠨ ᠡᠮᠦᠨ᠎ᠡ᠂ ᠵᠥᠪᠬᠡᠨ ᠪᠠᠷᠢᠮᠲᠠᠯᠠᠬᠤ ᠪᠠ ᠡᠷᠡᠯᠬᠡᠭ ᠪᠠᠭᠠᠲᠤᠷᠯᠢᠭ ᠪᠠᠢᠪᠠᠯ ᠳᠠᠷᠤᠶ ᠥᠪᠡᠷ ᠤᠨ ᠭᠡᠰᠡᠨ ᠭᠠᠢᠬᠠᠮᠰᠢᠭ ᠢᠶᠠᠨ ᠡᠭᠦᠳᠴᠦ ᠴᠢᠳᠠᠨ᠎ᠠ᠃ | ᠡᠨᠡ ᠡᠪᠦᠯ᠂ ᠨᠢᠭᠡ ᠤᠳᠠᠭ᠎ᠠ ᠴᠠᠰᠤᠲᠤ ᠭᠠᠵᠠᠷ ᠬᠡᠭᠡᠷᠡᠯᠡᠶᠡ᠂ ᠴᠢ ᠪᠡᠯᠡᠳᠬᠡᠵᠦ ᠪᠠᠷᠠᠭᠰᠠᠨ ᠦᠦ᠃ | ᠲᠤᠰᠬᠠᠶ ᠵᠢᠯᠤᠭᠤᠳᠤᠯᠭ᠎ᠠ᠂ ᠪᠢᠲᠡᠭᠡᠶ ᠳᠠᠭᠤᠷᠢᠶᠠ︕ | |