ᠬᠢᠩᠭᠠᠨ ᠪᠠᠯᠭᠠᠰᠤ᠄ ︽ᠳᠥᠷᠪᠡᠨ ᠠᠶ᠎ᠠ ᠬᠠᠮᠲᠤᠷᠠᠨ ᠬᠥᠭᠵᠢᠮᠳᠡᠬᠦ︾ ᠨᠢ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠬᠠᠮᠤᠭ ᠤᠨ ᠴᠢᠩᠭ᠎ᠠ ᠳᠠᠭᠤᠨ︾ ᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2024/12/4
ᠬᠢᠩᠭᠠᠨ ᠪᠠᠯᠭᠠᠰᠤ᠄ ︽ᠳᠥᠷᠪᠡᠨ ᠠᠶ᠎ᠠ ᠬᠠᠮᠲᠤᠷᠠᠨ ᠬᠥᠭᠵᠢᠮᠳᠡᠬᠦ︾ ᠨᠢ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠬᠠᠮᠤᠭ ᠤᠨ ᠴᠢᠩᠭ᠎ᠠ ᠳᠠᠭᠤᠨ︾ ᠢ ᠬᠠᠩᠭᠢᠨᠠᠭᠤᠯᠪᠠ    ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ ᠠᠴᠠ ᠨᠠᠭᠠᠰᠢ᠂ ᠬᠢᠩᠭᠠᠨ ᠪᠠᠯᠭᠠᠰᠤ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠰᠢᠭᠲᠠᠶ ᠴᠠᠭ ᠮᠥᠴᠡ ᠶᠢ ᠠᠳᠬᠤᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠣᠯᠠᠨ ᠲᠠᠯ᠎ᠠ ᠪᠠᠷ ᠬᠦᠴᠦᠯᠡᠵᠦ᠂ ᠬᠠᠪᠤᠷ ᠤᠨ ᠤᠯᠠᠷᠢᠯ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠢᠨ᠎ᠡ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠵᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠠᠷᠢᠯᠢᠭᠵᠢᠭᠤᠯᠤᠨ ᠨᠠᠷᠢᠯᠢᠬᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠣᠷᠣᠰᠢᠨ ᠰᠠᠭᠤᠷᠢᠰᠢᠬᠤ ᠦᠢᠯᠡᠰ ᠪᠤᠰᠬᠠᠬᠤ ᠳᠤ ᠲᠣᠬᠢᠷᠠᠮᠵᠢᠲᠠᠶ ︽ᠡᠶ᠎ᠡ ᠨᠠᠶᠢᠷᠠᠮᠳᠠᠭᠤ ᠬᠢᠩᠭᠠᠨ︾ ᠢ ᠬᠦᠴᠦᠯᠡᠨ ᠪᠠᠶᠢᠭᠤᠯᠪᠠ᠃    ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ︽ᠤᠳᠤᠷᠢᠳᠬᠠᠯ ᠬᠥᠭᠵᠢᠮ︾ ᠢ ᠬᠠᠩᠭᠢᠨᠠᠭᠤᠯᠪᠠ᠃ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠵᠡᠷᠭᠡ ᠠᠵᠢᠯ ᠲᠠᠢ ᠨᠢᠭᠡ ᠴᠤᠭᠴᠠᠵᠢᠭᠤᠯᠤᠨ ᠠᠬᠢᠭᠤᠯᠤᠨ᠎ᠠ᠃ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠪᠠᠶᠢᠷᠢᠯᠠᠭᠤᠯᠤᠯᠲᠠ ᠶᠢᠨ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠠᠮᠢᠳᠤᠷᠠᠯ ᠤᠨ ᠬᠤᠭ ᠨᠣᠪᠰᠢ ᠶᠢ ᠵᠠᠰᠠᠬᠤ᠂ ᠠᠶᠢᠯ ᠲᠣᠰᠬᠤᠨ ᠢ ᠤᠷᠳᠤ ᠬᠤᠭᠤᠴᠠᠭ᠎ᠠ ᠪᠠᠷ ᠬᠠᠮᠢᠶᠠᠷᠤᠨ ᠬᠠᠮᠠᠭᠠᠯᠠᠬᠤ᠂ ᠨᠣᠭᠤᠭᠠᠷᠠᠭᠤᠯᠬᠤ ᠵᠡᠷᠭᠡ ᠠᠭᠤᠯᠭ᠎ᠠ ᠶᠢ ᠨᠠᠷᠢᠨ ᠲᠤᠬᠢᠷᠠᠭᠤᠯᠵᠤ᠂ ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠠᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃ ᠤᠬᠠᠭᠤᠯᠤᠨ ᠳᠠᠶᠢᠴᠢᠯᠠᠵᠤ᠂ ︽ᠨᠠᠶᠢᠷᠠᠯ ᠬᠥᠭᠵᠢᠮ︾ ᠢ ᠬᠠᠩᠭᠢᠨᠠᠭᠤᠯᠪᠠ᠃ ᠡᠯ᠎ᠡ ᠲᠣᠰᠬᠤᠨ ᠤ ︽ᠭᠠᠴᠠᠭ᠎ᠠ ᠲᠣᠰᠬᠤᠨ ᠳᠤᠤᠷᠭᠠᠬᠤ︾ ᠪᠦᠷᠢᠶ᠎ᠡ᠂ ᠸᠢᠴᠠᠲ ᠤᠨ ᠴᠤᠭᠯᠠᠷᠠᠯ᠂ ᠸᠢᠴᠠᠲ ᠤᠨ ᠨᠡᠶᠢᠲᠡ ᠶᠢᠨ ᠳ᠋ᠤᠭᠠᠷ᠂ ᠡᠯᠭᠦᠭᠡ ᠪᠢᠴᠢᠭᠡᠰᠦ᠂ ᠤᠬᠠᠭᠤᠯᠭ᠎ᠠ ᠶᠢᠨ ᠪᠤᠯᠤᠩ ᠵᠡᠷᠭᠡ ᠵᠠᠭᠤᠴᠢᠯᠠᠭᠤᠷ ᠢ ᠭᠦᠶ᠋ᠴᠡᠳ ᠠᠰᠢᠭᠯᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠠᠷᠭ᠎ᠠ ᠵᠠᠮ ᠢᠶᠠᠷ ᠦᠷᠭᠦᠯᠵᠢᠯᠡᠨ ᠤᠬᠠᠭᠤᠯᠵᠤ᠂ ᠥᠷᠭᠡᠨ ᠣᠯᠠᠨ ᠲᠠᠷᠢᠶᠠᠴᠢᠳ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠰᠦᠯᠵᠢᠶᠡᠨ ᠤ ᠠᠵᠢᠯᠲᠠᠨ ᠲᠠᠢ ᠬᠠᠮᠲᠤ ᠲᠠᠷᠢᠶᠠᠴᠢᠨ ᠡᠷᠦᠬᠡ ᠳᠤ ᠭᠦᠨᠵᠡᠭᠡᠶᠢᠷᠡᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ᠂ ᠥᠪᠡᠷ ᠤᠨ ᠬᠡᠷ ᠤᠨ ᠢᠶᠠᠨ ᠡᠮᠦᠨ᠎ᠡ ᠬᠤᠶᠢᠨᠠᠬᠢ ᠠᠮᠢᠳᠤᠷᠠᠯ ᠤᠨ ᠬᠤᠭ ᠨᠣᠪᠰᠢ ᠶᠢ ᠰᠠᠶᠢᠲᠤᠷ ᠴᠡᠪᠡᠷᠯᠡᠵᠦ᠂ ︽ᠬᠥᠮᠦᠨ ᠪᠦᠬᠦᠨ ᠣᠷᠴᠢᠨ ᠲᠣᠭᠤᠷᠢᠨ ᠢ ᠠᠩᠬᠠᠷᠴᠤ᠂ ᠡᠷᠡᠭᠦᠯ ᠬᠠᠮᠠᠭᠠᠯᠠᠯ ᠢ ᠴᠠᠭ ᠢᠮᠠᠭᠲᠠ ᠬᠠᠮᠠᠭᠠᠯᠠᠬᠤ︾ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠡᠨᠡ ᠵᠢᠯ ᠠᠴᠠ ᠨᠠᠰᠢ᠂ ᠪᠥᠬᠦ ᠪᠠᠯᠭᠠᠰᠤ ᠨᠡᠶᠢᠲᠡ 1000 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ 100 ᠭᠠᠷᠤᠶ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠨᠠᠭᠠᠵᠤ ᠡᠯᠭᠦᠪᠡ᠃    ᠭᠤᠤᠯᠳᠠᠯᠭ᠎ᠠ ᠶᠢ ᠳᠣᠪᠤᠶᠢᠯᠭᠠᠵᠤ᠂  ︽ᠤᠷᠤᠭᠰᠢᠯᠠᠯᠲᠠ ᠶᠢᠨ ᠬᠥᠭᠵᠢᠮ︾ ᠢ ᠬᠠᠩᠭᠢᠨᠠᠭᠤᠯᠪᠠ᠃  ᠲᠣᠰᠬᠤᠨ ᠤ ︽ᠬᠤᠶᠠᠷ ᠵᠥᠪᠯᠡᠯ︾ ᠤᠨ  ᠺᠠᠳ᠋ᠷ  ᠲᠦᠷᠦᠭᠦᠯᠡᠨ᠂ ᠨᠠᠮ ᠤᠨ ᠭᠡᠰᠢᠭᠦᠨ᠂ ᠣᠯᠠᠨ ᠲᠦᠮᠡᠨ ᠢ ᠳᠠᠶᠢᠴᠢᠯᠠᠨ ᠬᠠᠮᠲᠤ ᠪᠠᠷ ᠣᠷᠣᠯᠴᠠᠵᠤ᠂ ᠡᠯ᠎ᠡ ᠲᠣᠰᠬᠤᠨ ᠤ ᠭᠤᠤᠯ ᠵᠠᠮ᠂ ᠲᠣᠰᠬᠤᠨ ᠤ ᠳᠣᠲᠣᠷᠠᠬᠢ ᠵᠡᠭᠡᠯᠢ ᠭᠤᠳᠤᠮᠵᠢ᠂ ᠵᠠᠮ ᠬᠠᠷᠢᠯᠴᠠᠭᠠᠨ ᠤ ᠱᠤᠭᠤᠮ ᠤᠨ ᠬᠤᠶᠠᠷ ᠬᠠᠵᠠᠭᠤ ᠪᠠᠷ ᠬᠤᠭ ᠨᠣᠪᠰᠢ ᠳᠠᠷᠤᠭᠳᠠᠭᠰᠠᠨ᠂ ᠡᠷᠡᠭᠦᠯ ᠬᠠᠮᠠᠭᠠᠯᠠᠯ ᠤᠨ ᠥᠨᠴᠥᠭ ᠪᠤᠯᠤᠩ᠂ ᠡᠪᠡᠰᠦ ᠲᠦᠯᠡᠭᠡ ᠦᠬᠡᠷ ᠤᠨ ᠪᠠᠭᠠᠰᠤ ᠵᠡᠷᠭᠡ ᠶᠢ ᠲᠤᠤᠱᠲᠠᠶ ᠴᠡᠪᠡᠷᠯᠡᠵᠦ᠂ ᠥᠨᠴᠥᠭ ᠪᠤᠯᠤᠩ ᠦᠯᠡᠳᠡᠭᠡᠯ ᠥᠬᠡᠶ ᠂  ᠪᠦᠬᠦᠨ ᠢ ᠬᠠᠮᠤᠷᠬᠤ ᠶᠢ ᠦᠨᠡᠨ ᠬᠦ ᠪᠠᠲᠤᠯᠠᠵᠤ᠂ ᠡᠯ᠎ᠡ ᠲᠣᠰᠬᠤᠨ ᠤ ᠵᠠᠮ ᠤᠨ ᠪᠤᠵᠠᠷ ᠡᠪᠡᠰᠦ᠂ ᠦᠢᠯᠡᠳᠪᠤᠷᠢᠯᠡᠯᠠᠮᠢᠳᠤᠷᠠᠯ ᠤᠨ ᠬᠤᠭ ᠨᠣᠪᠰᠢ᠂ ᠬᠡᠷ ᠤᠨ ᠡᠮᠦᠨ᠎ᠡ ᠬᠤᠶᠢᠨᠠᠬᠢ ᠪᠤᠵᠠᠷ ᠡᠳ᠋ ᠢ ᠮᠠᠰᠢᠨ ᠮᠧᠬᠠᠨᠢᠭ ᠢᠶᠠᠷ ᠪᠥᠬᠦ ᠲᠠᠯ᠎ᠠ ᠪᠠᠷ ᠨᠠᠷᠢᠯᠢᠭ ᠵᠠᠰᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠣᠷᠳᠣ ᠬᠤᠭᠤᠴᠠᠭ᠎ᠠ ᠪᠠᠷ ᠵᠠᠰᠠᠵᠤ ᠣᠷᠳᠣ ᠬᠤᠭᠤᠴᠠᠭ᠎ᠠ ᠪᠠᠷ ᠴᠡᠪᠡᠷᠯᠡᠬᠦ ᠶᠢ ᠦᠨᠡᠨ ᠬᠦ ᠪᠠᠲᠤᠯᠠᠨ᠎ᠠ᠃    ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠤᠷᠳᠤ ᠬᠤᠭᠤᠴᠠᠭᠠᠨ ᠤ ᠪᠦᠲᠦᠮᠵᠢᠲᠡᠢ ᠳᠠᠭᠤᠤ︾ ᠶᠢ ᠬᠠᠩᠭᠢᠨᠠᠭᠤᠯᠪᠠ᠃ ᠡᠯ᠎ᠡ ᠲᠣᠰᠬᠤᠨ ᠨᠢ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠦᠬᠦ ᠲᠣᠰᠬᠤᠨ ᠤ ᠡᠯ᠎ᠡ ᠵᠠᠮ ᠤᠨ ᠬᠡᠰᠡᠭ ᠲᠤ ᠪᠠᠶᠢᠩᠭᠤᠵᠢᠬᠰᠠᠨ ᠲᠣᠭᠤᠷᠢᠨ ᠪᠠᠶᠢᠴᠠᠭᠠᠯᠲᠠ ᠬᠢᠵᠦ᠂ ᠴᠡᠪᠡᠷᠯᠡᠭᠴᠢ ᠨᠢ ᠠᠵᠢᠯ ᠤᠨ ᠪᠠᠶᠢᠷᠢ ᠳᠡᠭᠡᠷ᠎ᠡ ᠪᠠᠨ ᠴᠢᠩᠭ᠎ᠠ ᠪᠠᠶᠢᠵᠤ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠵᠢᠷᠬᠢᠶ᠎ᠠ ᠶᠢᠨ ᠠᠵᠢᠯ ᠤᠨ ᠪᠦᠯᠬᠦᠮ ᠳᠤ ᠬᠠᠷᠢᠭᠤ ᠲᠤᠰᠬᠠᠵᠤ᠂ ᠠᠰᠠᠭᠤᠳᠠᠯ ᠢ ᠰᠥᠨᠢ ᠪᠠᠷ ᠰᠢᠢᠳᠪᠦᠷᠢᠯᠡᠬᠦ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠡᠳᠦᠷ ᠥᠨᠵᠢᠭᠦᠯᠬᠦ ᠦᠭᠡᠢ ᠪᠠᠶᠢᠬᠤ ᠶᠢ ᠪᠡᠶᠡᠯᠡᠭᠦᠯᠪᠡ᠃ ᠰᠠᠷ᠎ᠠ ᠪᠦᠷᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠦᠷᠦᠭᠦᠯᠡᠨ᠂ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠢ ᠵᠣᠬᠢᠶᠠᠨ ᠪᠠᠶᠢᠭᠤᠯᠵᠤ ᠴᠡᠭᠴᠡᠯᠡᠨ ᠵᠠᠰᠠᠭᠰᠠᠨ ᠪᠠᠶᠢᠳᠠᠯ ᠢ ᠠᠳᠠᠯᠢᠳᠬᠠᠨ ᠰᠢᠯᠭᠠᠷᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ ᠠᠬᠢᠭᠤᠯᠬᠤ ᠶᠢ ᠪᠠᠲᠤᠯᠠᠨ᠎ᠠ᠃    ᠲᠠᠷᠠᠭᠠᠴᠢ ᠶᠢᠨ ᠠᠯᠬᠤᠮ ᠳᠤ᠂ ᠬᠢᠩᠭᠠᠨ ᠪᠠᠯᠭᠠᠰᠤᠨ ᠤ ᠬᠢᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠠᠵᠢᠯ ᠢ ᠴᠡᠭᠴᠡᠯᠡᠨ ᠵᠠᠰᠠᠬᠤ ᠪᠠ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠯᠠᠨ ᠲᠦᠮᠡᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠡᠵᠡᠨ ᠬᠥᠮᠦᠨ︾ ᠤ ᠤᠬᠠᠮᠰᠠᠷ ᠢ ᠴᠢᠩᠭᠠᠳᠬᠠᠵᠤ᠂ ︽ᠦᠷ᠎ᠡ ᠪᠦᠲᠦᠭᠡᠯ ᠢ ᠬᠥᠮᠦᠨ ᠪᠦᠬᠦᠨ ᠬᠠᠮᠲᠤ ᠪᠠᠷ ᠡᠳ᠋ᠯᠡᠬᠦ᠂ ᠴᠡᠭᠴᠡᠯᠡᠨ ᠵᠠᠰᠠᠬᠤ ᠳᠤ ᠬᠥᠮᠦᠨ ᠪᠦᠬᠦᠨ ᠣᠷᠣᠯᠴᠠᠬᠤ︾ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ