ᠨᠠᠵᠢ ᠪᠠᠯᠭᠠᠰᠤ᠄ ᠭᠠᠯ ᠤᠨᠲᠠᠷᠠᠭᠠᠬᠤ ᠤᠬᠠᠭᠤᠯᠭ᠎ᠠ ᠨᠡᠢᠭᠡᠮ ᠲᠣᠭᠤᠷᠢᠭ ᠲᠤ ᠣᠷᠣᠪᠠ
ᠨᠡᠶᠢᠲᠡᠯᠡᠭᠰᠡᠨ ᠴᠠᠭ᠄
2024/12/4
    ᠡᠪᠦᠯ ᠤᠨ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠰᠠᠭᠤᠭᠠᠯᠢ ᠠᠷᠠᠳ ᠤᠨ ᠭᠠᠯ ᠴᠠᠬᠢᠯᠭᠠᠨ ᠬᠡᠷᠡᠭᠯᠡᠬᠦ ᠬᠡᠮᠵᠢᠶ᠎ᠡ ᠪᠠᠰᠠ ᠨᠡᠮᠡᠭᠳᠡᠵᠦ ᠪᠠᠢᠨ᠎ᠠ᠃ ᠰᠠᠭᠤᠭᠠᠯᠢ ᠠᠷᠠᠳ ᠤᠨ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠨᠠᠵᠢ ᠪᠠᠯᠭᠠᠰᠤ ᠶᠢᠨ ᠳ᠋ᠤᠤ ᠰᠢ ᠨᠡᠶᠢᠭᠡᠮ ᠲᠣᠭᠤᠷᠢᠭ ᠪᠣᠯᠤᠨ ᠸᠧᠨ ᠬᠤᠸᠠ ᠨᠡᠶᠢᠭᠡᠮ ᠲᠣᠭᠤᠷᠢᠭ ᠲᠤᠰ ᠲᠤᠰ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
1.jpg
    ᠳ᠋ᠣᠣ ᠰᠢ ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠪᠠ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠣᠯᠠᠨ ᠲᠦᠮᠡᠨ ᠳᠤ ᠭᠡᠷ ᠪᠦᠯᠢ ᠶᠢᠨ ᠠᠮᠢᠳᠤᠷᠠᠯ ᠤᠨ ᠳᠤᠮᠳᠠ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠳᠤ ᠠᠩᠬᠠᠷᠬᠤ ᠵᠦᠢᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠪᠡ᠃ ᠡᠭᠦᠨ ᠤ ᠬᠠᠮᠲᠤ᠂ ᠲᠠᠳᠠ ᠪᠠᠰᠠ ᠪᠠᠶᠢᠰᠢᠩ ᠬᠡᠷ ᠢᠶᠠᠷ ᠭᠦᠨᠵᠡᠭᠡᠶᠢᠷᠡᠵᠦ᠂ ᠰᠠᠭᠤᠭᠠᠯᠢ ᠠᠷᠠᠳ ᠲᠤ ᠨᠡᠭᠦᠷᠡᠰᠦᠨ ᠬᠡᠶ ᠳᠤ ᠬᠤᠤᠷᠳᠠᠭᠳᠠᠬᠤ ᠶᠢ ᠰᠡᠷᠭᠡᠶᠢᠯᠡᠬᠦ ᠬᠠᠮᠢᠶ᠎ᠠ ᠪᠥᠬᠦᠶ ᠠᠩᠬᠠᠷᠬᠤ ᠵᠦᠶ᠋ᠯᠡᠰ ᠢ ᠲᠠᠶᠢᠯᠪᠤᠷᠢᠯᠠᠵᠤ᠂ ᠰᠠᠭᠤᠭᠠᠯᠢ ᠠᠷᠠᠳ ᠲᠤ ᠬᠡᠷ ᠲᠠᠬᠢ ᠬᠠᠮᠢᠶ᠎ᠠ ᠪᠥᠬᠦᠶ ᠳᠤᠯᠠᠭᠠᠯᠠᠭ᠎ᠠ ᠶᠢᠨ ᠲᠥᠬᠦᠭᠡᠷᠦᠮᠵᠢ ᠶᠢ ᠴᠠᠭ ᠲᠤᠬᠠᠶ ᠳᠤᠨᠢ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠶᠢ ᠰᠠᠨᠠᠭᠤᠯᠵᠠᠶ᠃
2.jpg
    ᠸᠧᠨ ᠬᠤᠸᠠ ᠨᠡᠶᠢᠭᠡᠮ ᠲᠣᠭᠤᠷᠢᠭ ᠨᠢ ︽ᠪᠦᠬᠦ ᠠᠷᠠᠳ ᠤᠨ ᠭᠠᠯ ᠤᠨᠲᠠᠷᠠᠭᠠᠬᠤ᠂ ᠠᠮᠢ ᠨᠠᠰᠤ ᠶᠢ ᠳᠡᠭᠡᠳᠦᠯᠡᠬᠦ︾ ᠪᠠᠷ ᠭᠤᠣᠯ ᠰᠡᠳᠦᠪ ᠪᠣᠯᠭᠠᠵᠤ᠂ ᠭᠦᠨᠵᠡᠭᠡᠶ ᠤᠬᠠᠭᠤᠯᠬᠤ ᠪᠠ ᠨᠠᠷᠢᠨ ᠲᠠᠶᠢᠯᠪᠤᠷᠢᠯᠠᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠢᠴᠢ ᠬᠤᠳᠠᠯᠳᠤᠭᠠᠴᠢᠨ ᠡᠷᠦᠬᠡ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠪᠣᠯᠤᠨ ᠪᠠᠴᠢᠮ ᠪᠠᠶᠢᠳᠠᠯ ᠢ ᠠᠷᠭᠠᠴᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠡᠪᠦᠯ ᠤᠨ ᠤᠯᠠᠷᠢᠯ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠳᠤ ᠪᠠᠲᠤᠯᠠᠭ᠎ᠠ ᠬᠠᠩᠭᠠᠬᠤ ᠬᠡᠷᠡᠭᠲᠡᠶ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ