ᠴᠠᠪᠠᠴᠢ ᠰᠢᠶᠠᠩ᠄ ᠰᠤᠷᠤᠯᠭ᠎ᠠ ᠶᠢᠨ ᠪᠠᠶᠢᠷᠢ ᠪᠠᠨ ᠬᠠᠮᠠᠭᠠᠯᠠᠵᠤ ︽ᠴᠠᠭᠳᠠᠭ᠎ᠠ︾ ᠰᠡᠳᠬᠢᠯ ᠢᠶᠠᠷ ᠢᠶᠠᠨ ᠦᠰᠦᠨ ᠪᠤᠶᠢᠵᠢᠨ᠎ᠠ
ᠨᠡᠶᠢᠲᠡᠯᠡᠭᠰᠡᠨ ᠴᠠᠭ᠄
2024/12/4
    ᠴᠠᠪᠠᠴᠢ ᠦᠨᠳᠦᠰᠦᠲᠡᠨ ᠤ ᠰᠤᠷᠭᠠᠭᠤᠯᠢ ᠳᠤ᠂ ᠥᠷᠯᠥᠭᠡ ᠪᠣᠯᠭᠠᠨ᠂ ᠦᠳᠡᠰᠢ ᠪᠣᠯᠭᠠᠨ ᠬᠡᠦᠬᠡᠳ ᠤᠨ ᠴᠢᠩ ᠦᠨᠡᠨᠴᠢ ᠮᠡᠨᠳᠦᠴᠢᠯᠡᠯ ᠢ ᠣᠯᠵᠤ ᠰᠣᠨᠣᠰᠳᠠᠭ᠄ ︽ᠴᠠᠭᠳᠠᠭ᠎ᠠ ᠠᠪᠠᠭ᠎ᠠ ᠰᠠᠶᠢᠨ ᠦᠦ︕ ᠴᠠᠭᠳᠠᠭ᠎ᠠ ᠠᠪᠠᠭ᠎ᠠ ᠪᠠᠰᠠ᠄ ︽ᠪᠢᠴᠢᠬᠠᠨ ᠨᠠᠶᠢᠵᠠ ᠨᠠᠷ ᠰᠠᠶᠢᠨ ᠪᠠᠶᠢᠨ᠎ᠠ ᠦᠦ︕ ᠡᠨᠡᠬᠦ ᠮᠡᠨᠳᠦᠴᠢᠯᠡᠯ ᠨᠢ ᠡᠪᠦᠯ ᠤᠨ ᠨᠡᠷᠡᠨ ᠤ ᠭᠡᠷᠡᠯ ᠰᠢᠭ ᠢᠶᠠᠷ ᠪᠦᠬᠦ᠋ᠢᠯᠡ ᠰᠤᠷᠭᠠᠭᠤᠯᠢ ᠶᠢᠨ ᠬᠦᠷᠢ᠊ ᠡᠶ᠎ᠡ ᠶᠢ ᠳᠤᠯᠠᠭᠠᠴᠠᠭᠤᠯᠪᠠ᠃
1.jpg
    ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠴᠠᠪᠠᠴᠢ ᠰᠢᠶᠠᠩ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠪᠠᠭ᠎ᠠ ᠶᠠᠪᠤᠳᠠᠯ ᠥᠬᠡᠶ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ︽ᠰᠤᠷᠤᠯᠭ᠎ᠠ ᠶᠢᠨ ᠪᠠᠶᠢᠷᠢ ᠬᠠᠮᠠᠭᠠᠯᠠᠬᠤ︾ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠪᠠ᠃ ︽ᠠᠵᠢᠯ ᠤᠨ ᠪᠠᠶᠢᠷᠢ ᠲᠣᠭᠲᠠᠭᠠᠬᠤ᠂ ᠬᠥᠮᠦᠨ ᠲᠣᠭᠲᠠᠭᠠᠬᠤ᠂ ᠴᠠᠭ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ︾ ᠠᠵᠢᠯ ᠤᠨ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠵᠢᠵᠢᠭᠦᠷᠯᠡᠬᠦ ᠴᠠᠭᠳᠠᠭ᠎ᠠ ᠶᠢᠨ ᠬᠦᠴᠦᠨ ᠢ ᠣᠷᠭᠢᠯ ᠤᠨ ᠦᠶ᠎ᠡ ᠳᠤ ᠤᠷᠢᠳᠴᠢᠯᠠᠨ ᠠᠵᠢᠯ ᠤᠨ ᠪᠠᠶᠢᠷᠢ ᠳᠤᠨᠢ ᠬᠦᠷᠦᠭᠦᠯᠵᠦ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠨ᠂ ᠰᠤᠷᠤᠭᠴᠢᠳ ᠤᠨ ᠰᠤᠷᠭᠠᠭᠤᠯᠢ ᠶᠢᠨ ᠬᠦᠷᠢᠶ᠎ᠡ ᠪᠠᠷ ᠠᠮᠤᠷ ᠲᠦᠪᠰᠢᠨ ᠢᠶᠠᠷ ᠣᠷᠣᠵᠤ ᠭᠠᠷᠬᠤ ᠶᠢ ᠬᠥᠲᠥᠯᠥᠨ ᠵᠢᠯᠣᠭᠤᠳᠤᠨ᠎ᠠ᠃ ᠡᠭᠦᠨ ᠤ ᠬᠠᠮᠲᠤ᠂ ᠪᠠᠶᠢᠩᠭᠤᠵᠢᠬᠰᠠᠨ ᠲᠣᠭᠤᠷᠢᠨ ᠴᠠᠭᠳᠠᠵᠤ ᠰᠠᠬᠢᠨ ᠬᠠᠮᠠᠭᠠᠯᠠᠬᠤ ᠪᠠ ᠬᠠᠨᠳᠤᠯᠭᠠᠲᠤ ᠴᠢᠨᠠᠷᠲᠠᠶ ᠠᠮᠤᠷ ᠲᠦᠪᠰᠢᠨ ᠤ ᠤᠬᠠᠭᠤᠯᠭ᠎ᠠ ᠨᠢ ᠪᠠᠭᠰᠢ ᠰᠤᠷᠤᠭᠴᠢᠳ ᠲᠤ ︽ᠠᠮᠤᠷ ᠲᠦᠪᠰᠢᠨ︾ ᠢ ᠦᠨᠡᠨᠬᠦ ᠮᠡᠳᠡᠷᠡᠭᠦᠯᠪᠡ᠃
2.jpg
    ᠣᠶᠢᠯᠠᠭᠠᠭᠰᠠᠨ ᠢᠶᠠᠷ᠂ ᠲᠣᠰ ᠰᠢᠶᠠᠩ ︽ᠰᠤᠷᠤᠯᠭ᠎ᠠ ᠶᠢᠨ ᠬᠠᠮᠠᠭᠠᠯᠠᠯᠲᠠ ᠶᠢᠨ ᠪᠠᠶᠢᠷᠢ︾ ᠶᠢᠨ ᠲᠣᠭᠲᠠᠴᠠ ᠶᠢ ᠦᠷᠭᠦᠯᠵᠢᠯᠡᠨ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ᠦᠶ ᠣᠯᠠᠨ ᠰᠤᠷᠤᠭᠴᠢᠳ ᠤᠨ ᠢᠳᠡᠷᠡᠭᠦᠨ ᠢᠶᠠᠷ ᠦᠰᠦᠨ ᠪᠤᠶᠢᠵᠢᠬᠤ ᠶᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠬᠠᠮᠠᠭᠠᠯᠠᠨ᠎ᠠ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ