ᠠᠷᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ | ᠮᠥᠨ᠂ ᠵᠢᠩᠬᠢᠨᠢ ᠰᠠᠯᠠᠭᠠᠨ ᠲᠠᠰ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤᠨ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠪᠠᠶᠢᠷᠢᠯᠠᠭᠤᠯᠵᠤ᠂ | ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ ᠤᠳᠤᠷᠢᠳᠤᠯᠭ᠎ᠠ ᠶᠢ ᠬᠦᠯᠢᠶᠡᠨ᠎ᠡ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ᠃ ᠨᠢᠭᠡ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠳ ᠤᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ | ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠬᠡᠷᠡᠭᠵᠢᠭᠦᠯᠵᠦ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠳ ᠤᠨ ᠠᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ | ᠲᠥᠯᠥᠪᠵᠢᠭᠦᠯᠭᠡ ᠶᠢ ᠨᠢᠭᠡᠳᠦᠯᠲᠡᠶ ᠰᠤᠳᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠰᠢᠰᠲ᠋ᠧᠮ ᠶᠢᠨ ᠪᠠᠶᠢᠭᠤᠯᠤᠯᠲᠠ ᠶᠢ ᠪᠦᠷᠢᠨᠰᠢᠭᠦᠯᠦᠨ᠎ᠡ᠃ ᠡᠯ᠎ᠡ ᠰᠢᠶᠠᠩ ᠪᠠᠯᠭᠠᠰᠤᠨ ᠤ ᠬᠠᠮᠢᠶ᠎ᠠ ᠪᠦᠬᠦᠢ ᠠᠵᠢᠯ ᠥᠷᠨᠢᠭᠦᠯᠬᠦ ᠶᠢ ᠵᠢᠯᠣᠭᠤᠳᠤᠨ᠎ᠠ᠃ | ᠬᠤᠶᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠬᠥᠳᠡᠭᠡ | ᠲᠣᠰᠬᠤᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠰ ᠤᠨ | ᠬᠥᠭᠵᠢᠯᠲᠡ ᠶᠢᠨ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ ᠡᠭᠦᠷᠭᠡᠯᠡᠵᠦ᠂ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠳᠤ | ᠣᠷᠣᠯᠴᠠᠵᠤ᠂ ᠬᠥᠳᠡᠭᠡ ᠲᠣᠰᠬᠤᠨ ᠤ ᠨᠡᠶᠢᠭᠡᠮ ᠤᠨ ᠦᠢᠯᠡᠰ᠂ ᠤᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠪᠠ ᠬᠥᠳᠡᠭᠡ ᠲᠣᠰᠬᠤᠨ ᠤ | ᠵᠠᠰᠠᠯᠲᠠ ᠶᠢ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠪᠣᠯᠤᠨ | ᠦᠢᠯᠡᠳᠪᠦᠷᠢᠯᠡᠯ ᠤᠨ ᠣᠷᠴᠢᠨ ᠲᠣᠭᠤᠷᠢᠨ ᠢ ᠵᠣᠬᠢᠴᠠᠭᠤᠯᠤᠨ ᠰᠠᠶᠢᠵᠢᠷᠠᠭᠤᠯᠬᠤ ᠬᠡᠷᠡᠭᠲᠡᠶ᠃ ᠬᠥᠳᠡᠭᠡ ᠲᠣᠰᠬᠤᠨ ᠤ ᠣᠶᠤᠨ ᠤ ᠪᠣᠯᠪᠠᠰᠤᠨ ᠪᠠ ᠰᠢᠯᠢᠳᠡᠭ | ᠲᠠᠷᠢᠶᠠᠯᠠᠬᠤ ᠰᠣᠶᠣᠯ᠂ ᠨᠡᠭᠦᠳᠡᠯ ᠮᠠᠯᠵᠢᠯ ᠤᠨ ᠰᠣᠶᠣᠯ ᠤᠨ ᠪᠠᠶᠢᠭᠤᠯᠤᠯᠲᠠ ᠶᠢ ᠵᠢᠯᠣᠭᠤᠳᠤᠨ᠎ᠠ᠃ | ᠭᠤᠷᠪᠠ᠂ ᠬᠥᠳᠡᠭᠡ ᠲᠣᠰᠬᠤᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠬᠥᠳᠡᠭᠡ | ᠲᠣᠰᠬᠤᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ | ᠪᠠᠬᠢᠵᠢᠭᠦᠯᠦᠨ ᠲᠡᠭᠦᠯᠳᠡᠷᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠬᠤ ᠬᠡᠷᠡᠭᠲᠡᠶ᠃ ᠲᠠᠷᠢᠶᠠᠴᠢᠳ ᠤᠨ ᠳᠠᠭᠠᠭᠠᠴᠢᠯᠠᠭᠰᠠᠨ ᠭᠠᠵᠠᠷ᠂ | ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠴᠤ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠳᠦᠷᠢᠮ ᠤᠨ ᠥᠭᠡᠷᠡᠴᠢᠯᠡᠯᠲᠡ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠪᠣᠯᠤᠨ | ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠲᠠᠷᠢᠶᠠᠴᠢᠳ ᠤᠨ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ | ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ | ᠭᠤᠣᠯ ᠴᠣᠭᠴᠠ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠣᠭᠤᠳᠤᠨ᠎ᠠ᠃ | ᠳᠥᠷᠪᠡ᠂ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠶᠡᠭᠡ ᠬᠡᠮᠵᠢᠶᠡᠨ ᠤ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ | ᠲᠣᠭᠲᠠᠭᠠᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠨᠡᠷᠡᠲᠦ ᠲᠡᠮᠳᠡᠭᠲᠦ ᠶᠢ ᠪᠤᠶᠢᠵᠢᠭᠤᠯᠤᠨ ᠬᠠᠮᠠᠭᠠᠯᠠᠨ᠎ᠠ᠃ ᠲᠠᠷᠢᠶᠠᠯᠠᠩ ᠮᠠᠯ ᠠᠵᠤ ᠠᠬᠤᠶ ᠪᠣᠯᠤᠨ | ᠬᠥᠳᠡᠭᠡ ᠲᠣᠰᠬᠤᠨ ᠤ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠤᠨ᠂ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠠᠵᠤ | ᠠᠬᠤᠶ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠤ ᠮᠡᠳᠡᠭᠡ | ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ | ᠲᠠᠪᠤ᠂ ᠬᠥᠳᠡᠭᠡ ᠲᠣᠰᠬᠤᠨ ᠤ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠤᠯ ᠵᠢᠴᠢ ᠮᠡᠷᠭᠡᠵᠢᠯ ᠳᠡᠯᠭᠡᠷᠡᠭᠦᠯᠬᠦ ᠶᠢ ᠬᠠᠷᠢᠭᠤᠴᠠᠨ᠎ᠠ᠃ ᠲᠠᠷᠢᠶᠠᠯᠠᠩ ᠮᠠᠯ | ᠠᠵᠤ ᠠᠬᠤᠶ ᠬᠥᠳᠡᠭᠡ ᠲᠣᠰᠬᠤᠨ ᠤ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠰᠢᠨᠵᠢᠯᠡᠬᠦ ᠤᠬᠠᠭᠠᠨ ᠤ ᠰᠤᠳᠤᠯᠤᠯ᠂ ᠮᠡᠷᠭᠡᠵᠢᠯ ᠳᠡᠯᠭᠡᠷᠡᠭᠦᠯᠬᠦ | ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠤᠨ ᠫᠦᠰᠡ ᠪᠣᠯᠤᠨ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠪᠠᠶᠢᠭᠤᠯᠤᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠰᠢᠰᠲ ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠮᠠᠯ ᠠᠵᠤ | ᠠᠬᠤᠶ ᠶᠢᠨ ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ | ᠰᠢᠨ᠎ᠡ ᠡᠭᠦᠯᠳᠡᠷ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ | ᠵᠢᠷᠭᠤᠭ᠎ᠠ᠂ ᠲᠠᠷᠢᠶᠠᠯᠠᠩ ᠮᠠᠯ ᠠᠵᠤ ᠠᠬᠤᠶ ᠪᠣᠯᠤᠨ ᠬᠥᠳᠡᠭᠡ ᠲᠣᠰᠬᠤᠨ ᠤ ᠴᠢᠳᠠᠪᠤᠷᠢᠲᠠᠨ ᠤ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ᠂ | ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰᠴᠢᠯᠡᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠤᠨ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ | ᠰᠤᠷᠭᠠᠨ ᠬᠥᠮᠦᠵᠢᠯ ᠪᠣᠯᠤᠨ ᠨᠡᠭᠡᠭᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠬᠤ ᠬᠡᠷᠡᠭᠲᠡᠶ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠨ᠂ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠬᠥᠳᠡᠭᠡ ᠲᠣᠰᠬᠤᠨ ᠤ ᠬᠡᠷᠡᠭᠯᠡᠭᠡᠨ ᠤ | ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃ | ᠳᠣᠯᠤᠭ᠎ᠠ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢ ᠬᠢᠨᠠᠨ ᠬᠡᠮᠵᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠪᠠᠶᠢᠳᠠᠯ ᠤᠨ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠶ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ | ᠦᠭᠡᠶ ᠶᠢᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠪᠠᠶᠢᠴᠠᠭᠠᠨ ᠰᠢᠯᠭᠠᠬᠤ ᠪᠠᠶᠢᠴᠠᠭᠠᠨ ᠰᠢᠨᠵᠢᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠵᠢᠯᠣᠭᠤᠳᠴᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ | ᠰᠢᠰᠲ᠋ᠧᠮᠵᠢ ᠶᠢᠨ ᠪᠠᠶᠢᠭᠤᠯᠤᠯᠲᠠ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠨᠡᠶᠢᠲᠡ ᠳᠤ ᠬᠤᠤᠷᠳᠠᠭᠳᠠᠯ ᠥᠬᠡᠶ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ᠂ ᠪᠣᠬᠢᠷᠲᠤᠯ ᠥᠬᠡᠶ ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠭᠠᠵᠠᠷ ᠵᠦᠶ ᠶᠢᠨ ᠲᠡᠮᠳᠡᠭᠲᠦ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠨᠠᠢᠮᠠ᠂ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠲᠠᠰᠤᠭ᠃ ᠮᠠᠯ ᠠᠵᠤ ᠠᠬᠤᠢ ᠶᠢᠨ ᠬᠤᠯᠪᠣᠭᠳᠠᠯ ᠪᠦᠬᠦᠢ ᠳᠦᠷᠢᠮ ᠣᠨ ᠵᠢᠷᠤᠮᠵᠢᠯ ᠢ | ᠲᠤᠭᠤᠷᠪᠢᠨ ᠲᠣᠭᠲᠠᠭᠠᠵᠤ᠂ ᠮᠠᠯ ᠠᠵᠤ ᠠᠬᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠳᠤᠷᠠᠳᠤᠨ ᠭᠠᠷᠭᠠᠨ᠎ᠠ᠃ ᠮᠠᠯ ᠵᠢᠭᠦᠷᠲᠡᠨ ᠤ ᠢᠯᠭᠠᠳᠠᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠵᠢᠯᠣᠭᠤᠳᠤᠨ᠎ᠠ᠃ ᠮᠠᠯ ᠠᠵᠤ ᠠᠬᠤᠶ ᠶᠢᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠮᠠᠯ ᠠᠵᠤ ᠠᠬᠤᠶ ᠶᠢᠨ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠬᠠᠷᠢᠭᠤᠴᠠᠨ᠎ᠠ᠃ ᠲᠡᠵᠢᠭᠡᠯ ᠡᠪᠡᠰᠦ ᠪᠠ ᠮᠠᠯ ᠵᠢᠭᠦᠷᠲᠡᠨ ᠤᠰᠤᠨ ᠭᠠᠷᠤᠯᠲᠠ ᠶᠢᠨ ᠦᠷ᠎ᠡ ᠶᠢᠨ ᠦᠢᠯᠡᠰ ᠢ | ᠬᠥᠭᠵᠢᠭᠦᠯᠬᠦ ᠲᠦᠷᠦ ᠶᠢᠨ ᠪᠤᠳᠤᠯᠭ᠎ᠠ᠂ ᠲᠥᠯᠥᠪᠵᠢᠭᠦᠯᠭᠡ ᠶᠢ ᠲᠣᠭᠲᠠᠭᠠᠨ᠎ᠠ᠃ ᠲᠡᠵᠢᠭᠡᠯ ᠡᠪᠡᠰᠦᠨ ᠤ ᠦᠷ᠎ᠡ ᠪᠣᠯᠤᠨ ᠮᠠᠯ ᠵᠢᠭᠦᠷᠲᠡᠨ ᠤ ᠰᠠᠶᠢᠨ ᠡᠭᠦᠯᠳᠡᠷ᠂ | ᠢᠴᠡᠭᠡᠯ ᠦᠷ᠎ᠡ᠂ ᠬᠦᠪᠦᠷᠡᠯ ᠤᠨ ᠬᠠᠮᠢᠶᠠᠷᠤᠯᠲᠠ ᠪᠣᠯᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠬᠠᠤᠯᠢ ᠶᠣᠰᠣᠭᠠᠷ ᠥᠷᠨᠢᠭᠦᠯᠬᠦ ᠬᠡᠷᠡᠭᠲᠡᠶ᠃ | ᠲᠡᠵᠢᠭᠡᠯ ᠡᠪᠡᠰᠦᠨ ᠤ ᠦᠷ᠎ᠡ ᠶᠢᠨ ᠡᠬᠢ ᠪᠠᠶᠠᠯᠢᠭ᠂ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ᠂ ᠠᠮᠢᠲᠠᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ᠂ | ᠬᠠᠮᠢᠶᠠᠷᠬᠤ ᠪᠠ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠢᠭᠠᠰᠤᠨ ᠠᠵᠤ ᠠᠬᠤᠶ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ | ᠲᠥᠯᠥᠪᠵᠢᠭᠦᠯᠭᠡ ᠶᠢ ᠲᠤᠭᠤᠷᠪᠢᠬᠤ ᠶᠢ ᠬᠠᠷᠢᠭᠤᠴᠠᠨ᠎ᠠ᠃ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠪᠠᠷ ᠨᠡᠭᠡᠭᠡᠨ | ᠠᠰᠢᠭᠯᠠᠨ᠎ᠠ᠃ ᠤᠰᠤᠨ ᠤ ᠠᠮᠢᠲᠠᠨ ᠤᠷᠭᠤᠮᠠᠯ ᠤᠨ ᠡᠪᠡᠳᠴᠢᠨ ᠤ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠵᠣᠬᠢᠶᠠᠨ ᠪᠠᠶᠢᠭᠤᠯᠤᠨ᠂ ᠵᠢᠭᠠᠰᠤᠨ ᠠᠵᠤ | ᠠᠬᠤᠶ ᠶᠢᠨ ᠰᠢᠨ᠎ᠡ ᠮᠡᠷᠭᠡᠵᠢᠯ ᠢ ᠳᠡᠯᠭᠡᠷᠡᠭᠦᠯᠬᠦ ᠪᠠ ᠰᠢᠨ᠎ᠡ ᠡᠭᠦᠯᠳᠡᠷ ᠣᠷᠣᠭᠤᠯᠵᠤ ᠢᠷᠡᠬᠦ ᠶᠢ ᠵᠢᠯᠣᠭᠤᠳᠴᠤ᠂ ᠤᠰᠤᠨ ᠭᠠᠷᠤᠯᠲᠠ ᠶᠢ ᠡᠷᠡᠭᠦᠯ ᠢᠶᠠᠷ ᠲᠡᠵᠢᠭᠡᠨ | ᠦᠷᠡᠵᠢᠭᠦᠯᠬᠦ ᠪᠠ ᠤᠰᠤᠨ ᠭᠠᠷᠤᠯᠲᠠ ᠶᠢ ᠡᠳ ᠰᠢᠭᠦᠯᠬᠦ ᠭᠦᠢᠯᠭᠡᠭᠡᠨ ᠬᠢᠬᠦ ᠶᠢ ᠵᠢᠯᠣᠭᠤᠳᠤᠨ᠎ᠠ᠃ ᠵᠢᠭᠠᠰᠤᠨ ᠶᠠᠪᠤᠳᠠᠯ ᠢ ᠬᠢᠨᠠᠨ ᠬᠠᠮᠢᠶᠠᠷᠬᠤ᠃ ᠵᠢᠭᠠᠰᠤᠨ ᠠᠵᠤ | ᠠᠬᠤᠶ ᠶᠢᠨ ᠤᠰᠤᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠵᠢᠴᠢ ᠤᠰᠤᠨ ᠤ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢ ᠵᠣᠬᠢᠶᠠᠨ | ᠪᠠᠶᠢᠭᠤᠯᠤᠨ᠎ᠠ᠃ ᠵᠢᠭᠠᠰᠤᠨ ᠠᠵᠤ ᠠᠬᠤᠢ ᠶᠢᠨ ᠠᠶᠤᠯᠭᠦᠢ ᠦᠢᠯᠡᠳᠪᠦᠷᠢᠯᠡᠯ ᠢ ᠵᠢᠯᠣᠭᠤᠳᠤᠨ᠎ᠠ᠃ ᠲᠡᠵᠢᠭᠡᠯ ᠪᠣᠷᠳᠤᠭ᠎ᠠ ᠲᠡᠵᠢᠭᠡᠯ ᠡᠪᠡᠰᠦᠨ ᠤ ᠡᠬᠢ ᠪᠠᠶᠠᠯᠢᠭ ᠢ | ᠬᠠᠮᠠᠭᠠᠯᠠᠬᠤ ᠵᠢᠴᠢ ᠵᠦᠶ ᠵᠣᠬᠢᠰᠲᠠᠶ ᠨᠡᠭᠡᠭᠡᠨ ᠠᠰᠢᠭᠯᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ ᠪᠣᠷᠳᠤᠭ᠎ᠠ ᠲᠡᠵᠢᠭᠡᠯ ᠡᠪᠡᠰᠦᠨ ᠤ ᠪᠦᠲᠦᠭᠡᠭᠳᠡᠬᠦᠨ ᠤ ᠶᠠᠰᠤ | ᠴᠢᠨᠠᠷ ᠤᠨ ᠠᠶᠤᠯ ᠦᠭᠡᠶ ᠶᠢᠨ ᠬᠠᠮᠢᠶᠠᠷᠤᠯᠲᠠ ᠶᠢ ᠬᠠᠷᠢᠭᠤᠴᠠᠵᠤ᠂ ᠪᠣᠷᠳᠤᠭ᠎ᠠ ᠪᠣᠯᠤᠨ ᠪᠣᠷᠳᠣᠭᠠᠨ ᠤ ᠨᠡᠮᠡᠯᠲᠡ ᠡᠳ᠋ ᠤᠨ ᠦᠢᠯᠡᠳᠪᠦᠷᠢᠯᠡᠯ᠂ ᠡᠵᠡᠩᠨᠡᠯᠲᠡ᠂ | ᠬᠡᠷᠡᠭᠯᠡᠯᠲᠡ ᠪᠣᠯᠤᠨ ᠠᠶᠤᠯ ᠦᠭᠡᠶ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠪᠣᠷᠳᠤᠭ᠎ᠠ ᠪᠣᠯᠤᠨ ᠠᠮᠢᠳᠤ ᠮᠠᠯ ᠲᠡᠵᠢᠭᠡᠨ | ᠦᠷᠡᠵᠢᠭᠦᠯᠬᠦ ᠵᠠᠩᠭᠢᠯᠠᠭ᠎ᠠ ᠶᠢᠨ ᠬᠠᠤᠯᠢ ᠪᠤᠰᠤ ᠨᠡᠮᠡᠯᠲᠡ ᠡᠳ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠡᠵᠢᠭᠡᠯ ᠡᠪᠡᠰᠦ ᠪᠣᠷᠳᠤᠭ᠎ᠠ ᠶᠢᠨ ᠰᠢᠨᠵᠢᠯᠡᠬᠦ | ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠪᠣᠯᠤᠨ ᠮᠡᠷᠭᠡᠵᠢᠯ ᠳᠡᠯᠭᠡᠷᠡᠭᠦᠯᠬᠦ ᠲᠥᠷᠥᠯ ᠵᠦᠶ᠋ᠯ ᠤᠨ ᠬᠡᠷᠡᠭᠯᠡᠯᠲᠡ ᠪᠣᠯᠤᠨ ᠬᠡᠷᠡᠭᠵᠢᠭᠦᠯᠦᠯᠲᠡ ᠶᠢ ᠵᠣᠬᠢᠶᠠᠨ | ᠪᠠᠶᠢᠭᠤᠯᠤᠨ ᠥᠷᠨᠢᠭᠦᠯᠬᠦ ᠬᠡᠷᠡᠭᠲᠡᠶ᠃ ᠲᠡᠵᠢᠭᠡᠯ ᠪᠣᠷᠳᠤᠭ᠎ᠠ ᠡᠪᠡᠰᠦ ᠪᠣᠷᠳᠣᠭᠠᠨ ᠤ ᠠᠵᠢᠯ ᠲᠥᠷᠥᠯ ᠤᠨ ᠠᠵᠤ ᠠᠬᠤᠶ᠂ ᠮᠡᠷᠭᠡᠵᠢᠯ ᠤᠨ ᠮᠡᠳᠡᠭᠡ ᠵᠠᠩᠭᠢ ᠶᠢᠨ | ᠠᠵᠢᠯ ᠢ ᠬᠠᠮᠢᠶᠠᠷᠤᠨ᠎ᠠ᠃ ᠲᠡᠵᠢᠭᠡᠯ ᠡᠪᠡᠰᠦᠨ ᠤ ᠰᠠᠶᠢᠨ ᠦᠷ᠎ᠡ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠪᠠᠷᠢᠮᠵᠢᠶᠠᠵᠢᠭᠤᠯᠤᠨ ᠬᠡᠪᠴᠢᠶᠡᠵᠢᠭᠦᠯᠦᠨ ᠦᠶ᠋ᠯᠡᠳᠪᠦᠷᠢᠯᠡᠬᠦ | ᠂ ᠡᠳ᠋ᠰᠢᠭᠦᠯᠵᠦ ᠪᠠ ᠨᠥᠭᠡᠴᠡᠯᠡᠬᠦ ᠶᠢ ᠵᠢᠯᠣᠭᠤᠳᠤᠨ᠎ᠠ᠃ | ᠶᠢᠰᠦ᠂ ᠮᠠᠯ ᠡᠮᠨᠡᠯᠭᠡ ᠶᠢᠨ ᠲᠠᠰᠤᠭ ︵ᠭᠠᠳᠠᠭᠰᠢ ᠪᠠᠨ ᠠᠷᠤᠨ ᠬᠤᠰᠢᠭᠤᠨ ᠤ ᠮᠠᠯ ᠡᠮᠨᠡᠯᠭᠡ ᠶᠢᠨ ᠲᠣᠪᠴᠢᠶ᠎ᠠ ᠶᠢᠨ ᠫᠠᠶᠢᠰᠠ ᠶᠢ ᠡᠯᠭᠦᠨ᠎ᠡ︶᠃ ᠮᠠᠯ | ᠡᠮᠨᠡᠯᠭᠡ ᠶᠢᠨ ᠦᠢᠯᠡᠰ᠂ ᠮᠠᠯ ᠵᠢᠭᠦᠷᠲᠡᠨ ᠢ ᠨᠢᠲᠤᠯᠬᠤ᠂ ᠰᠦ ᠶᠢᠨ ᠦᠢᠯᠡᠰ ᠤᠨ ᠠᠵᠢᠯ ᠲᠦᠷᠦᠯ ᠤᠨ ᠬᠥᠭᠵᠢᠯᠲᠡ ᠶᠢᠨ ᠲᠦᠷᠦ ᠶᠢᠨ ᠪᠤᠳᠤᠯᠭ᠎ᠠ ᠪᠠ | ᠲᠥᠯᠥᠪᠵᠢᠭᠦᠯᠭᠡ ᠶᠢ ᠲᠣᠭᠲᠠᠭᠠᠨ᠎ᠠ᠃ ᠮᠠᠯ ᠵᠢᠭᠦᠷᠲᠡᠨ ᠨᠢᠲᠤᠯᠬᠤ᠂ ᠲᠦᠭᠦᠬᠡᠶ ᠰᠦ ᠦᠢᠯᠡᠳᠪᠦᠷᠢᠯᠡᠵᠦ ᠬᠤᠳᠠᠯᠳᠤᠨ ᠠᠪᠬᠤ ᠵᠠᠩᠭᠢᠯᠠᠭ᠎ᠠ ᠶᠢᠨ ᠶᠠᠰᠤ ᠴᠢᠨᠠᠷ ᠤᠨ | ᠠᠶᠤᠯ ᠦᠭᠡᠶ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠰᠢᠭᠤᠨ ᠤ ᠮᠠᠯ ᠡᠮᠨᠡᠯᠭᠡ ᠶᠢᠨ ᠡᠮᠴᠢᠯᠡᠭᠡᠨ ᠤ ᠶᠠᠪᠤᠳᠠᠯ᠂ ᠮᠠᠯ ᠤᠨ | ᠡᠮ ᠤᠨ ᠡᠮ ᠤᠨ ᠶᠠᠪᠤᠳᠠᠯ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠮᠠᠯ ᠤᠨ ᠡᠮ ᠤᠨ ᠠᠵᠢᠯ ᠲᠥᠷᠥᠯ ᠤᠨ ᠠᠶᠤᠯ ᠥᠬᠡᠶ | ᠦᠢᠯᠡᠳᠪᠦᠷᠢᠯᠡᠯ ᠢ ᠵᠢᠯᠣᠭᠤᠳᠤᠨ᠎ᠠ᠃ ᠮᠠᠯ ᠵᠢᠭᠦᠷᠲᠡᠨ ᠨᠢᠲᠤᠯᠬᠤ ᠶᠢ ᠬᠢᠨᠠᠨ ᠬᠠᠮᠢᠶᠠᠷᠴᠤ᠂ ᠰᠦ ᠶᠢᠨ ᠦᠢᠯᠡᠰ᠂ ᠮᠠᠯ ᠵᠢᠭᠦᠷᠲᠡᠨ ᠨᠢᠲᠤᠯᠬᠤ ᠠᠵᠢᠯ ᠲᠥᠷᠥᠯ ᠤᠨ | ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠠᠮᠢᠲᠠᠨ ᠤ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ᠂ ᠮᠠᠯ ᠳᠤ ᠬᠡᠷᠡᠭᠯᠡᠬᠦ ᠠᠮᠢᠳᠤ ᠪᠣᠳᠠᠰ ᠤᠨ | ᠪᠦᠲᠦᠭᠡᠭᠳᠡᠬᠦᠨ ᠤ ᠠᠶᠤᠯ ᠦᠭᠡᠶ᠂ ᠠᠮᠢᠲᠠᠨ ᠤ ᠡᠷᠡᠭᠦᠯ ᠬᠠᠮᠠᠭᠠᠯᠠᠯ ᠤᠨ ᠲᠦᠭᠰᠢᠭᠦᠷᠢ ᠶᠢ ᠦᠨᠡᠯᠡᠨ ᠵᠢᠱᠢᠬᠦ ᠪᠠ ᠭᠡᠨᠡᠳᠲᠡ ᠡᠭᠦᠰᠬᠦ ᠬᠢᠵᠢᠭ ᠤᠨ ᠪᠠᠶᠢᠳᠠᠯ ᠢ | ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠮᠠᠯ ᠡᠮᠨᠡᠯᠭᠡ ᠶᠢᠨ ᠬᠠᠮᠢᠶᠠᠷᠤᠯᠲᠠ ᠶᠢᠨ ᠰᠢᠰᠲ᠋ᠧᠮ ᠪᠠ ᠡᠩᠨᠡᠭᠡᠨ ᠤ ᠪᠠᠶᠢᠭᠤᠯᠤᠯᠲᠠ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠠᠯᠪᠠᠨ ᠤ ᠮᠠᠯ ᠤᠨ ᠡᠮᠴᠢ᠂ ᠠᠵᠢᠯ ᠡᠷᠬᠢᠯᠡᠬᠦ ᠮᠠᠯ ᠤᠨ ᠡᠮᠴᠢ᠂ ᠬᠥᠳᠡᠭᠡ ᠲᠣᠰᠬᠤᠨ ᠤ ᠮᠠᠯ ᠤᠨ ᠡᠮᠴᠢ ᠶᠢᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠠᠮᠢᠲᠠᠨ ᠤ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶ᠎ᠠ ᠪᠦᠬᠦᠢ ᠠᠵᠢᠯ ᠢ | ᠡᠭᠦᠷᠭᠡᠯᠡᠨ᠎ᠡ᠃ | ᠠᠷᠪᠠ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠬᠠᠮᠢᠶᠠᠷᠤᠯᠲᠠ ᠶᠢᠨ ᠲᠠᠰᠤᠭ᠃ ᠲᠠᠷᠢᠶᠠᠯᠠᠩ ᠮᠠᠯ ᠠᠵᠤ ᠠᠬᠤᠢ ᠶᠢᠨ | ᠮᠠᠰᠢᠨᠴᠢᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠢᠶᠠᠷ ᠠᠵᠢᠯᠯᠠᠬᠤ ᠵᠢᠷᠤᠮᠵᠢᠯ ᠪᠣᠯᠤᠨ ᠮᠡᠷᠭᠡᠵᠢᠯ ᠣᠨ | ᠪᠠᠷᠢᠮᠵᠢᠶ᠎ᠠ ᠶᠢ ᠲᠣᠭᠲᠠᠭᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠ ᠦᠢᠯᠡᠴᠢᠯᠡᠭᠡᠨ ᠤ | ᠰᠢᠰᠲ᠋ᠧᠮ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ | ᠪᠠᠶᠢᠭᠤᠯᠤᠨ᠎ᠠ᠃ ᠬᠡᠷᠡᠭᠯᠡᠵᠦ ᠪᠠᠶᠢᠭ᠎ᠠ ᠣᠨᠴᠠ ᠲᠣᠭᠲᠠᠭᠰᠠᠨ ᠲᠥᠷᠥᠯ ᠵᠦᠢᠯ ᠤᠨ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠤ ᠦᠢᠯᠡᠳᠬᠦᠨ ᠳᠤ ᠪᠠᠶᠢᠴᠠᠭᠠᠯᠲᠠ | ᠬᠢᠬᠦ ᠶᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠢᠶᠠᠷ ᠠᠵᠢᠯᠯᠠᠬᠤ ᠶᠢᠨ ᠠᠶᠤᠯ ᠦᠭᠡᠶ ᠶᠢ ᠵᠢᠯᠣᠭᠤᠳᠤᠨ᠎ᠠ᠃ ᠲᠠᠷᠢᠶᠠᠯᠠᠩ ᠮᠠᠯ ᠠᠵᠤ | ᠠᠬᠤᠶ ᠶᠢᠨ ᠮᠠᠰᠢᠨ ᠤ ᠠᠶᠤᠯ ᠦᠭᠡᠶ ᠶᠢᠨ ᠬᠠᠮᠢᠶᠠᠷᠤᠯᠲᠠ ᠪᠣᠯᠤᠨ ᠲᠤᠷᠰᠢᠯᠲᠠ ᠵᠡᠷᠭᠡ ᠠᠵᠢᠯ ᠢ ᠬᠠᠤᠯᠢ ᠶᠣᠰᠣᠭᠠᠷ ᠬᠡᠷᠡᠭᠵᠢᠭᠦᠯᠦᠨ᠎ᠡ᠃ | ᠠᠷᠪᠠᠨ ᠨᠢᠭᠡ᠂ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠃ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠲᠠᠷᠢᠶᠠᠨ ᠭᠠᠵᠠᠷ ᠤᠨ ᠶᠠᠰᠤ ᠴᠢᠨᠠᠷ ᠤᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠳᠤ ᠣᠷᠣᠯᠴᠠᠨ᠎ᠠ᠃ ᠲᠠᠷᠢᠶᠠᠨ | ᠭᠠᠵᠠᠷ ᠢ ᠴᠡᠭᠴᠡᠯᠡᠨ ᠵᠠᠰᠠᠬᠤ ᠲᠥᠷᠥᠯ ᠵᠦᠢᠯ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠨᠡᠭᠡᠭᠡᠯᠲᠡ ᠬᠢᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠨᠡᠭᠡᠭᠡᠯᠲᠡ ᠬᠢᠬᠦ ᠲᠥᠷᠥᠯ ᠵᠦᠢᠯ᠂ ᠪᠡᠯᠡ ᠮᠥᠩᠭᠦ ᠪᠣᠯᠤᠨ ᠡᠳ ᠤᠨ ᠶᠠᠪᠤᠳᠠᠯ ᠤᠨ ᠬᠠᠮᠢᠶᠠᠷᠤᠯᠲᠠ ᠶᠢᠨ | ᠳᠦᠷᠢᠮ ᠢ ᠲᠣᠭᠲᠠᠭᠠᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠨᠠᠶᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ | ᠲᠠᠯᠪᠢᠵᠤ ᠪᠠᠶᠢᠴᠠᠭᠠᠨ᠎ᠠ᠃ | ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠪᠠᠶᠢᠭᠤᠯᠭ᠎ᠠ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ᠂ | ᠤᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ᠃ | |