2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/8
                     ᠵᠠᠰᠠᠭ ᠤᠨ ᠣᠷᠳᠣᠨ ᠤ ᠠᠵᠢᠯ ᠤᠨ ᠢᠯᠡᠳᠬᠡᠯ                                                                   2024 ᠣᠨ ᠤ 1 ᠰᠠᠷ᠎ᠠ ᠶᠢᠨ 24 ᠤ ᠡᠳᠦᠷ ᠠᠷᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ                    ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠽᠦᠩ ᠵᠧᠲᠥᠯᠥᠭᠡᠯᠡᠭᠴᠢᠳ ᠡ      ᠣᠲᠣ ᠪᠢ ᠠᠷᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ᠂ ᠮᠥᠨᠴᠦ ᠮᠠᠨ ᠤ ᠬᠤᠰᠢᠭᠤᠨ ᠤ ᠠᠵᠠ ᠲᠣᠬᠢᠶᠠᠯ ᠢ ᠠᠳᠬᠤᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠥᠭᠵᠢᠯᠲᠡ ᠶᠢ ᠲᠦᠷᠭᠡᠳᠬᠡᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠵᠤ᠂ ︽ᠲᠠᠪᠤᠨ ᠲᠣᠭᠤᠷᠢᠭ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠭᠤᠤᠯ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 127 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6 . 5 % ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 2 . 79 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 41 . 8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13 . 8 % ᠪᠠᠷ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20 % ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 40092 ᠲᠥᠭᠦᠷᠢᠭ ᠪᠠ 26191 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6 . 2 % ᠪᠠ 5 . 5 % ᠪᠠᠷ ᠨᠡᠮᠡᠭᠳᠡᠪᠡ᠃ ᠠᠵᠤ ᠠᠬᠤᠢ ᠶᠢᠨ ᠣᠯᠠᠨ ᠵᠦᠢᠯ ᠤᠨ ᠭᠦᠢᠴᠡᠳᠬᠡᠯ ᠲᠤᠭ᠎ᠠ ᠪᠦᠬᠦ ᠬᠤᠲᠠ ᠶᠢᠨ ᠲᠡᠷᠢᠭᠦᠨ ᠳᠤ ᠣᠷᠣᠪᠠ᠃      ᠨᠢᠭᠡ ᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ᠂ ᠬᠤᠰᠢᠭᠤᠨ ᠤ ᠨᠤᠲᠤᠭ ᠤᠨ ᠠᠵᠤ ᠠᠬᠤᠢ ᠨᠢ ︽ᠠᠷᠤᠨ ᠪᠣᠳᠠᠲᠤ ᠬᠦᠴᠦᠨ︾ ᠢ ᠪᠦᠬᠦ ᠲᠠᠯ᠎ᠠ ᠪᠠᠷ ᠪᠤᠵᠠᠭᠠᠶᠢᠷᠠᠭᠤᠯᠪᠠ᠃ ᠥᠨᠳᠥᠷ ᠳᠡᠭᠡᠷ᠎ᠡ ᠦᠰᠦᠷᠬᠦ᠂ ᠣᠷᠣᠨ ᠳᠡᠪᠰᠢᠬᠦ ᠬᠥᠭᠡᠭᠡᠵᠦ ᠭᠦᠢᠴᠡᠨ ᠳᠠᠪᠠᠭ᠋ᠤ ᠶᠢ ᠪᠠᠷᠢᠮᠲᠠᠯᠠᠵᠤ᠂ ᠬᠥᠭᠵᠢᠯᠲᠡ ᠶᠢᠨ ︽ᠬᠤᠷᠳᠤᠳᠬᠠᠯ︾ ᠢ ᠭᠦᠶᠦᠨ ᠭᠠᠷᠭᠠᠵᠤ᠂ ᠬᠥᠭᠵᠢᠯᠲᠡ ᠶᠢᠨ ︽ᠰᠢᠨ᠎ᠡ ᠬᠥᠳᠡᠯᠭᠡᠭᠴᠢ ᠡᠨᠧᠷᠭᠢ︾ ᠶᠢ ᠬᠤᠷᠠᠮᠳᠤᠭᠤᠯᠤᠨ᠎ᠠ᠃ ᠪᠦᠲᠦᠮᠵᠢᠲᠡᠶ ᠪᠡᠯᠡ ᠣᠷᠣᠭᠤᠯᠤᠯᠲᠠ ᠶᠢᠨ ᠶᠠᠰᠤ ᠴᠢᠨᠠᠷ ᠵᠡᠷᠭᠡ ᠪᠠᠷ ᠳᠡᠭᠡᠭᠰᠢᠯᠡᠪᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠭᠡᠷ᠎ᠡ ᠲᠣᠭᠲᠠᠭᠰᠠᠨ ᠲᠥᠷᠥᠯ ᠵᠦᠢᠯ 23 ᠪᠠᠶᠢᠵᠤ ᠂ ᠵᠢᠱᠢᠯᠲᠡ ᠪᠠᠷ 28 . 43 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 23 . 66 % ᠪᠠᠷ ᠨᠡᠮᠡᠭᠳᠡᠵᠦ᠂ 9 ᠲᠥᠷᠥᠯ ᠵᠦᠢᠯ ᠲᠤᠬᠠᠶ ᠶᠢᠨ ᠵᠢᠯ ᠳᠤ ᠭᠡᠷ᠎ᠡ ᠲᠣᠭᠲᠠᠵᠤ᠂ ᠲᠤᠬᠠᠶ ᠶᠢᠨ ᠵᠢᠯ ᠳᠤ ᠨᠠᠶᠢᠳᠠᠪᠤᠷᠢᠵᠢᠭᠤᠯᠬᠤ ᠶᠢ ᠪᠡᠶᠡᠯᠡᠭᠦᠯᠪᠡ᠃ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 1 . 33 ᠳ᠋ᠦᠩᠰᠢᠭᠤᠷ ᠲᠥᠭᠦᠷᠢᠭ ᠣᠯᠵᠤ᠂ ᠬᠤᠲᠠ ᠬᠤᠰᠢᠭᠤᠨ ᠤ ᠬᠤᠶᠠᠷ ᠱᠠᠲᠤᠨ ᠤ ᠭᠤᠣᠯᠳᠠᠯᠭ᠎ᠠ ᠲᠠᠢ ᠲᠥᠷᠦᠯ ᠵᠦᠢᠯ ᠢ 35 ᠬᠡᠷᠡᠭᠵᠢᠭᠦᠯᠵᠦ᠂ 38 . 01 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 28 . 8 % ᠨᠡᠮᠡᠭᠳᠡᠵᠦ᠂ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠬᠠᠷᠢᠯᠴᠠᠨ ᠥᠷᠢᠰᠦᠯᠳᠦᠨ ᠬᠦᠴᠦᠯᠡᠵᠦ᠂ ᠪᠦᠬᠦ ᠲᠠᠯ᠎ᠠ ᠪᠠᠷ ᠡᠬᠢᠯᠡᠵᠡᠢ᠃ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠪᠡ᠃ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠡᠶᠢᠲᠡ 3332 ᠲᠦᠮᠡᠨ ᠲᠥᠭᠦᠷᠢᠭ ᠤᠨ ᠦᠯᠡᠳᠡᠭᠡᠵᠦ ᠲᠤᠯᠭᠠᠨ ᠰᠠᠭᠤᠯᠭᠠᠬᠤ ᠭᠠᠶᠢᠯᠢ ᠶᠢ ᠪᠤᠴᠠᠭᠠᠵᠤ᠂ ︽ᠵᠢᠷᠭᠤᠭᠠᠨ ᠭᠠᠶᠢᠯᠢ ᠬᠤᠶᠠᠷ ᠰᠦᠢᠳᠭᠡᠯ︾ ᠢ 3427 . 62 ᠲᠦᠮᠡᠨ ᠲᠥᠭᠦᠷᠢᠭ ᠬᠠᠰᠤᠵᠤ ᠬᠡᠯᠲᠦᠷᠢᠭᠦᠯᠵᠦ᠂ ᠠᠵᠤ ᠠᠬᠤᠶᠢᠯᠠᠯ ᠢ ᠬᠠᠪᠰᠤᠷᠤᠨ ᠳᠡᠭᠡᠳᠦ ᠱᠠᠲᠤᠨ ᠤ ᠨᠥᠬᠦᠪᠥᠷᠢ ᠪᠠᠯᠠ ᠮᠥᠩᠭᠦ ᠶᠢ 3199 ᠲᠦᠮᠡᠨ ᠲᠥᠭᠦᠷᠢᠭ ᠣᠯᠵᠤ᠂ ᠵᠢᠩᠬᠢᠨᠢ ᠮᠥᠩᠭᠦ ᠮᠥᠩᠭᠦ ᠪᠠᠷ ᠠᠵᠤ ᠠᠬᠤᠶᠢᠯᠠᠯ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠳᠦᠷᠢᠮᠵᠢᠵᠦ ᠨᠢᠭᠡᠳᠦᠯᠲᠡᠢ ᠳᠤ ᠣᠷᠣᠬᠤ ︽ᠬᠥᠭᠵᠢᠯᠲᠡ ᠶᠢ ᠲᠡᠳᠬᠦᠨ ᠳᠡᠮᠵᠢᠬᠦ︾ ᠲᠥᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠬᠦ ᠲᠠᠯ᠎ᠠ ᠪᠠᠷ ᠰᠠᠶᠢᠲᠤᠷ ᠬᠡᠷᠡᠭᠯᠡᠵᠦ᠂ ᠳᠦᠷᠢᠮᠵᠢᠵᠦ ᠨᠢᠭᠡᠳᠦᠯᠲᠡᠢ ᠳᠤ ᠣᠷᠣᠬᠤ 8 ᠬᠤᠳᠠᠯᠳᠤᠭᠠᠨ ᠤ ᠡᠷᠦᠬᠡ ᠶᠢ ᠰᠢᠨ᠎ᠡ ᠪᠠᠷ ᠨᠡᠮᠡᠭᠳᠡᠭᠦᠯᠵᠦ᠂ ᠠᠵᠤ ᠠᠬᠤᠢ ᠶᠢᠨ ᠨᠡᠮᠡᠭᠳᠡᠯ ᠳᠤ ︽ᠵᠢᠷᠦᠬᠡ ᠴᠢᠩᠭᠠᠷᠠᠭᠤᠯᠬᠤ ᠡᠮ︾ ᠣᠷᠣᠭᠤᠯᠪᠠ᠃ ᠬᠡᠷᠡᠭᠯᠡᠭᠡᠨ ᠤ ᠳᠠᠯᠳᠠ ᠬᠦᠴᠦᠨ ᠢ ᠪᠦᠲᠦᠮᠵᠢᠲᠡᠶ ᠪᠠᠳᠠᠷᠠᠭᠤᠯᠤᠨ᠎ᠠ᠃ ︽ᠴᠢᠩᠭᠡᠯᠢᠭ ᠴᠤᠭᠯᠠᠭ᠎ᠠ ᠮᠠᠶᠢᠮᠠᠶ︾᠂ ︽ᠡᠪᠦᠯ ᠤᠨ ᠤᠯᠠᠷᠢᠯ ᠤᠨ ᠴᠠᠭᠠᠨ ᠰᠠᠷ᠎ᠠ ᠶᠢᠨ ᠪᠠᠷᠠᠭᠠᠨ ᠤ ᠴᠤᠭᠯᠠᠭ᠎ᠠ ᠮᠠᠶᠢᠮᠠᠶ︾ ᠵᠡᠷᠭᠡ ᠰᠢᠨ᠎ᠡ ᠪᠠᠷ ᠬᠥᠭᠵᠢᠭᠰᠡᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠳᠡᠯᠭᠡᠨ ᠪᠣᠷᠣᠯᠠᠭᠤᠯᠬᠤ ᠴᠤᠭᠯᠠᠭᠠᠨ᠂ ᠪᠥᠬᠦ ᠠᠷᠠᠳ ᠤᠨ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠨᠠᠶᠢᠷ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠡᠷᠭᠢᠯᠡᠵᠦ᠂ 50 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠲᠠᠷᠬᠠᠭᠠᠵᠤ᠂ 1400 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠤ᠂ ᠳᠠᠶᠢᠴᠢᠯᠠᠭᠰᠠᠨ ᠬᠠᠷᠢᠴᠠᠯ ᠨᠢ 1᠄ 28 ᠳᠤ ᠬᠦᠷᠴᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 22 . 63 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5 % ᠪᠠᠷ ᠨᠡᠮᠡᠭᠳᠡᠵᠦ᠂ ᠬᠡᠷᠡᠭᠯᠡᠭᠡᠨ ᠤ ᠬᠠᠯᠠᠭᠤᠨ ᠤ ᠬᠡᠮᠵᠢᠶ᠎ᠡ ᠲᠦᠷᠭᠡᠰᠴᠦ᠂ ︽ᠬᠤᠲᠠ ᠶᠢᠨ ᠠᠭᠤᠷ ᠠᠮᠢᠰᠬᠤᠯ︾ ᠤᠯᠠᠮ ᠥᠳᠬᠡᠨ ᠪᠣᠯᠪᠠ᠃      ᠨᠢᠭᠡ ᠵᠢᠯ ᠤᠷᠤᠭᠰᠢᠯᠠᠨ ᠲᠠᠪᠰᠢᠵᠤ᠂ ᠠᠵᠤ ᠦᠢᠯᠡᠰ ᠤᠨ ᠬᠥᠭᠵᠢᠯᠲᠡ ᠲᠣᠭᠲᠠᠭᠤᠨ ᠢᠶᠠᠷ ᠰᠠᠶᠢᠵᠢᠷᠠᠵᠤ᠂ ︽ᠠᠷᠤᠨ ᠤ ᠳᠠᠪᠠᠭᠤᠯᠢᠭ︾ ᠨᠡᠩ ᠲᠤᠪᠤᠶᠢᠮ᠎ᠠ ᠪᠣᠯᠪᠠ᠃ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠵᠤ ᠦᠢᠯᠡᠰ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠵᠦ᠂ ᠶᠠᠰᠤ ᠴᠢᠨᠠᠷ ᠦᠷ᠎ᠡ ᠠᠰᠢᠭ ᠢ ᠢᠯᠡᠳᠲᠡ ᠳᠡᠭᠡᠭᠰᠢᠯᠡᠭᠦᠯᠦᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠰᠣᠳᠣᠨ ᠬᠤᠪᠢᠰᠬᠠᠯᠲᠤ ᠵᠢᠭᠤᠯᠴᠢᠯᠠᠯ ᠤᠨ ᠱᠤᠭᠤᠮ ᠤᠨ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠵᠦ᠂ ᠴᠠᠷᠠᠰᠤᠨ ᠬᠦᠷᠢ ᠶᠢᠨ ᠰᠣᠶᠣᠯ ᠢ ᠪᠡᠶᠡᠴᠢᠯᠡᠨ ᠣᠶᠢᠯᠠᠭᠠᠬᠤ ᠲᠥᠪ᠂ ᠬᠤᠷᠴᠢ ᠢᠩᠲᠣᠣᠷ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ ᠰᠢᠨ ᠹᠠ ᠶᠢᠨ ᠰᠣᠯᠣᠩᠭᠤᠰ ᠦᠨᠳᠦᠰᠦᠲᠡᠨ ᠤ ᠰᠢᠶᠠᠩ ᠤᠨ ᠬᠠᠰ ᠴᠢᠯᠠᠭᠤᠨ ᠤ ᠴᠤᠭᠯᠠᠭ᠎ᠠ ᠮᠠᠶᠢᠮᠠᠶ᠂ ᠰᠦᠯᠵᠢᠶᠡᠨ ᠤ ᠤᠯᠠᠭᠠᠨ ᠬᠡᠭᠡᠷ᠎ᠡ ᠪᠠᠭᠤᠳᠠᠯᠯᠠᠬᠤ ᠵᠡᠷᠭᠡ ᠵᠢᠭᠤᠯᠴᠢᠯᠠᠯ ᠰᠡᠯᠡᠭᠦᠴᠡᠯ ᠢ ᠪᠡᠶᠡᠴᠢᠯᠡᠨ ᠣᠶᠢᠯᠠᠭᠠᠬᠤ ᠦᠵᠡᠭᠳᠡᠯ ᠲᠠᠰᠤᠷᠠᠯᠲᠠ ᠥᠬᠡᠶ ᠢᠯᠡᠷᠡᠵᠦ᠂ ᠢᠯᠢ ᠶᠢᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠴᠢᠳᠠᠮᠵᠢ ᠶᠢ ᠲᠠᠰ ᠳᠡᠪᠰᠢᠭᠦᠯᠪᠡ᠃ ᠳ᠋ᠦᠩ ᠭᠤᠸᠠᠩ ᠲᠣᠰᠬᠤᠨ᠂ ᠠᠩ ᠮᠢᠨ ᠲᠣᠰᠬᠤᠨ ᠲᠣᠰ ᠲᠣᠰ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠢᠶᠠᠷ ᠰᠣᠩᠭᠤᠭᠳᠠᠵᠤ᠂ ᠬᠥᠳᠡᠭᠡ ᠲᠣᠰᠬᠤᠨ ᠪᠠ ᠤᠯᠤᠰ ᠤᠨ ᠲᠠᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠢ ᠭᠤᠤᠯᠳᠠᠯᠭ᠎ᠠ ᠲᠠᠢ ᠲᠠᠨᠢᠯᠴᠠᠭᠤᠯᠵᠤ᠂ ︽ᠬᠤᠷᠴᠠ ᠤᠯᠠᠭᠠᠨ ᠴᠡᠴᠡᠭ ᠢ ᠰᠣᠨᠢᠷᠬᠠᠨ᠂ ᠳᠥᠷᠪᠡᠨ ᠤᠯᠠᠷᠢᠯ ᠤᠨ ᠵᠢᠮᠢᠰ ᠨᠣᠭᠤᠭ᠎ᠠ ᠶᠢ ᠲᠡᠭᠦᠵᠦ᠂ ᠠᠷᠠᠳ ᠤᠨ ᠵᠠᠩ ᠦᠶ᠋ᠯᠡ ᠶᠢ ᠣᠶᠢᠯᠠᠭᠠᠬᠤ︾ ᠵᠢᠭᠤᠯᠴᠢᠯᠠᠯ ᠨᠢ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠳᠤ ᠰᠣᠩᠭᠤᠭᠳᠠᠪᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠶᠠᠰᠤ ᠴᠢᠨᠠᠷ ᠢ ᠨᠡᠮᠡᠭᠳᠡᠭᠦᠯᠬᠦ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 15 ᠲᠦᠮᠡᠨ ᠮᠥ ᠰᠢᠨ᠎ᠡ ᠪᠠᠷ ᠪᠠᠶᠢᠭᠤᠯᠵᠤ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ ᠶᠢ 100 . 45 ᠲᠦᠮᠡᠨ ᠮᠥ ᠬᠡᠷᠡᠭᠵᠢᠭᠦᠯᠵᠦ᠂ ᠲᠠᠷᠢᠶᠠᠨ ᠭᠠᠵᠠᠷ ᠢ 180 ᠲᠦᠮᠡᠨ ᠮᠥ ᠡᠭᠡᠯᠵᠢᠯᠡᠨ ᠳᠠᠷᠢᠵᠤ᠂ ᠪᠤᠷᠴᠠᠭ ᠳᠠᠷᠢᠬᠤ ᠶᠢ ᠥᠷᠭᠡᠳᠬᠡᠬᠦ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ ︽ᠠᠷᠪᠠᠨ ᠲᠤᠯᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ︾ ᠶᠢ ᠪᠡᠶᠡᠯᠡᠭᠦᠯᠵᠦ᠂ ᠮᠠᠯ ᠤᠨ ᠲᠤᠭ᠎ᠠ ᠲᠣᠯᠣᠭᠠᠶ ︽ᠠᠷᠪᠠᠨ ᠨᠠᠶ᠋ᠮᠠᠨ ᠵᠢᠯ ᠳᠠᠷᠠᠭᠠᠯᠠᠨ ᠲᠣᠭᠲᠠᠭᠤᠨ ᠪᠠᠶᠢᠬᠤ︾ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠳᠡᠨᠢ ᠰᠢᠰᠢ ᠶᠢᠨ ︽ᠦᠷ᠎ᠡ ᠦᠵᠡᠵᠦ ᠰᠣᠩᠭᠤᠬᠤ︾ ᠲᠠᠪᠴᠠᠩ ᠢ ᠪᠠᠶᠢᠭᠤᠯᠵᠤ᠂ ᠰᠢᠷ᠎ᠠ ᠪᠤᠷᠴᠠᠭ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ 5 . 2 ᠲᠦᠮᠡᠨ ᠮᠥ ᠡᠭᠦᠳᠦᠨ ᠪᠠᠶᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠰᠢᠪᠲᠤᠯᠤᠯᠲᠠ ᠶᠢᠨ ᠴᠢᠨᠠᠷᠲᠠᠶ ᠦᠷ᠎ᠡ ᠪᠦᠲᠦᠮᠵᠢ ᠤᠯᠪᠠ᠃ ᠵᠥᠩ ᠽᠤ᠋ ᠲᠦᠩ ᠮᠠᠯᠵᠢᠯ ᠤᠨ ᠲᠠᠯᠠᠪᠠᠶ ᠠᠮᠵᠢᠯᠲᠠ ᠲᠠᠢ ᠪᠠᠷ ᠭᠡᠷ᠎ᠡ ᠲᠣᠭᠲᠠᠵᠤ᠂ ᠵᠥᠩ ᠴᠢᠩ ᠰᠢᠩ ᠶᠧ᠂ ᠵᠥᠩ ᠴᠢᠩ ᠰᠠᠶᠢᠬᠠᠨ ᠬᠤᠶᠠᠷ ᠲᠦᠮᠡᠨ ᠲᠣᠯᠣᠭᠠᠶ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠯᠠᠪᠳᠠᠭᠤᠨ ᠪᠠᠲᠤᠲᠠᠶ ᠠᠭᠢᠵᠤ᠂ ᠲᠢᠶᠠᠨ ᠰᠢᠩ᠂ ᠱᠧᠩ ᠹᠠ ᠶᠤᠸᠠᠨ ᠬᠤᠲᠠ ᠶᠢᠨ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠭᠡᠷᠡᠴᠢᠯᠡᠭᠡ ᠪᠠᠷ ᠳᠡᠮᠵᠢᠨ᠂ ᠪᠥᠬᠦ ᠰᠦᠷᠦᠭ ᠲᠤ 5 . 04 ᠲᠦᠮᠡᠨ ᠲᠣᠯᠣᠭᠠᠶ ᠲᠡᠵᠢᠭᠡᠨ ᠦᠷᠡᠵᠢᠭᠦᠯᠵᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠮᠥᠨ ᠴᠢᠨᠠᠷ ᠤᠨ ᠠᠬᠢᠴᠠ ᠲᠠᠢ ᠪᠣᠯᠪᠠ᠃ ᠠᠷᠤᠨ ᠬᠤᠰᠢᠭᠤᠨ ᠤ ᠲᠤᠲᠤᠷᠭ᠎ᠠ᠂ ᠰᠢᠷ᠎ᠠ ᠪᠤᠷᠴᠠᠭ ᠤᠨ ᠲᠣᠰᠣ᠂ ᠦᠬᠡᠷ ᠤᠨ ᠮᠢᠬ᠎ᠠ᠂ ᠢᠰᠬᠡᠭᠰᠡᠨ ᠨᠣᠭᠤᠭ᠎ᠠ ᠵᠡᠷᠭᠡ 4 ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ ᠨᠡᠷᠡᠰ ᠲᠤ ᠣᠷᠣᠭᠤᠯᠵᠤ᠂ ︽ᠵᠥᠩ ᠷᠦᠩ︾᠂ ︽ᠪᠸᠢ ᡁᠢ ᠯᠢᠩ︾᠂ ︽ᠮᠤᠩ ᠺᠦᠨ ᠯᠢᠩ︾᠂ ︽ᠼᠠᠩ ᠮᠠᠩ ᠶᠣᠣ︾᠂ ︽ᠮᠣᠩᠭᠤᠯ ᠥᠰᠥᠭ ᠤᠨ ᠲᠡᠮᠳᠡᠭ︾ ᠤᠨ ᠭᠡᠷᠡᠴᠢᠯᠡᠯ ᠢ ᠣᠯᠵᠤ᠂ ᠨᠠᠷᠠᠲᠤ ᠲᠡᠮᠳᠡᠭ ᠤᠨ ᠪᠠᠶᠢᠭᠤᠯᠤᠯᠲᠠ ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠤᠯᠪᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠡᠷᠴᠢᠮᠯᠢᠭ ᠪᠥᠭᠡᠮᠨᠡᠷᠡᠯ᠃ ᠬᠤᠸᠠ ᠨᠸᠡᠭ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠢᠮᠦ᠋ ᠲᠣᠭᠲᠠᠮᠠᠯ ᠭᠥᠶᠥᠳᠡᠯᠳᠦ ᠳᠠᠪᠠᠭᠠᠨ ᠤ ᠵᠡᠭᠦᠨᠳᠡᠬᠢ 20 ᠲᠦᠮᠡᠨ ᠺᠢᠯᠤᠸ᠋ᠲ ᠤᠨ ᠰᠠᠯᠬᠢᠨ ᠴᠠᠬᠢᠯᠭᠠᠨ ᠤ ᠢᠨᠵᠧᠨᠧᠷᠢᠩ ᠢ ᠳᠠᠪᠠᠭᠠᠨ ᠤ ᠵᠡᠭᠦᠨᠳᠡᠬᠢ ᠭᠠᠵᠠᠷ ᠣᠷᠣᠨ ᠳᠤ ᠤᠷᠢᠳᠠᠪᠠᠷ ᠲᠣᠣᠷ ᠨᠡᠶᠢᠯᠡᠭᠦᠯᠦᠨ ᠴᠠᠬᠢᠯᠭᠠᠨ ᠭᠠᠷᠭᠠᠵᠤ᠂ ᠬᠤᠶᠠᠷ 30 ᠲᠦᠮᠡᠨ ᠺᠢᠯᠤᠸ᠋ᠲ ᠤᠨ ᠠᠮᠢᠳᠤᠯᠢᠭ ᠥᠭᠡᠷᠡᠴᠢᠯᠡᠵᠦ ᠢᠵᠢ ᠪᠦᠷᠢᠳᠦᠭᠦᠯᠦᠨ ᠪᠠᠶᠢᠭᠤᠯᠵᠤ᠂ ᠭᠡᠷ ᠤᠨ ᠣᠷᠣᠢ ᠳᠡᠭᠡᠷᠡᠬᠢ ᠲᠠᠷᠬᠠᠯᠲᠠ ᠶᠢᠨ ᠬᠡᠯᠪᠡᠷᠢ ᠶᠢᠨ ᠭᠡᠷᠡᠯ ᠸᠣᠯᠲ ᠤᠨ ᠲᠥᠷᠥᠯ ᠵᠦᠢᠯ ᠢ ᠪᠦᠬᠦ ᠬᠤᠷᠳᠤᠴᠠ ᠪᠠᠷ ᠲᠦᠯᠬᠢᠨ ᠠᠬᠢᠭᠤᠯᠵᠤ᠂ ᠬᠤᠸᠠ ᠨᠸᠡᠭ ᠤᠨ 100 ᠲᠦᠮᠡᠨ ᠺᠢᠯᠤᠸ᠋ᠲ ᠤᠨ ᠰᠠᠯᠬᠢᠨ ᠴᠠᠬᠢᠯᠭᠠᠨ ᠤ ᠲᠥᠷᠥᠯ ᠵᠦᠢᠯ ᠢ ᠠᠮᠵᠢᠯᠲᠠ ᠲᠠᠢ ᠪᠠᠷ ᠵᠥᠪᠰᠢᠶᠡᠷᠡᠭᠦᠯᠦᠭᠡᠳ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠬᠡᠪᠴᠢᠶ᠎ᠡ 185 . 6 ᠲᠦᠮᠡᠨ ᠺᠢᠯᠤᠸ᠋ᠲ ᠲᠤ ᠬᠦᠷᠪᠡ᠃ ᠠᠮᠢ ᠠᠬᠤᠶ ᠶᠢᠨ ᠠᠵᠤ ᠦᠢᠯᠡᠰ ᠴᠠᠭ ᠢ ᠠᠮᠵᠢᠨ ᠬᠥᠭᠵᠢᠵᠦ ᠪᠠᠶᠢᠨ᠎ᠠ᠃ ᠨᠡᠭᠦᠷᠡᠰᠦᠲᠥ᠋ᠷᠥᠭᠴᠢ ᠬᠤᠷᠠᠭᠤᠯᠬᠤ ᠬᠠᠳᠠᠭᠠᠯᠠᠭᠳᠠᠴᠠ ᠶᠢᠨ ᠬᠡᠮᠵᠢᠶ᠎ᠡ ᠶᠢ ᠭᠤᠷᠪᠠᠳᠠᠬᠢ ᠡᠲᠡᠭᠡᠳ ᠠᠴᠠ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ ᠣᠶ ᠰᠢᠭᠤᠶ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠳᠤ ᠪᠣᠳᠠᠲᠠᠶ ᠤᠷᠢᠳᠴᠢᠯᠠᠨ ᠬᠤᠳᠠᠯᠳᠤᠬᠤ ᠭᠡᠷ᠎ᠡ ᠲᠣᠭᠲᠠᠵᠤ᠂ ᠨᠡᠭᠦᠷᠡᠰᠦᠲᠥ᠋ᠷᠥᠭᠴᠢ ᠬᠤᠷᠠᠭᠤᠯᠬᠤ ᠠᠷᠠᠯᠵᠢᠶ᠎ᠠ ᠶᠢ ᠰᠢᠪᠲᠤᠯᠤᠯᠲᠠ ᠲᠠᠢ ᠪᠣᠯᠭᠠᠨ᠎ᠠ᠃ ᠣᠶ ᠰᠢᠭᠤᠶ ᠶᠢᠨ ᠦᠢᠯᠡᠰ ᠤᠨ ᠶᠡᠷᠦᠩᠬᠡᠶᠢᠯᠡᠭᠰᠡᠨ ᠦᠶ᠋ᠯᠡᠳᠬᠦᠨ ᠤ ᠥᠷᠲᠡᠭ 4 . 09 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16 % ᠪᠠᠷ ᠨᠡᠮᠡᠭᠳᠡᠨ᠂ ᠬᠦᠷᠢᠶ᠎ᠡ ᠭᠤᠤᠯ ᠤᠨ ᠣᠶ ᠰᠢᠭᠤᠶ ᠶᠢᠨ ᠲᠠᠯᠠᠪᠠᠶ ᠪᠥᠬᠦ ᠤᠯᠤᠰ ᠤᠨ ︽ᠠᠷᠪᠠᠨ ᠰᠢᠯᠢᠳᠡᠭ ᠣᠶ ᠰᠢᠭᠤᠶ ᠶᠢᠨ ᠲᠠᠯᠠᠪᠠᠶ︾ ᠶᠢᠨ ᠢᠷᠠᠭᠤ ᠠᠯᠳᠠᠷ ᠢ ᠭᠥᠷᠳᠡᠵᠦ᠂ ︽ᠬᠥᠬᠡᠮᠳᠦᠭ ᠨᠣᠭᠤᠭᠠᠨ ᠠᠭᠤᠯᠠ ᠤᠰᠤ︾ ᠶᠢᠨ ᠶᠠᠰᠤ ᠴᠢᠨᠠᠷ ᠪᠠ ︽ᠠᠯᠲᠠ ᠮᠥᠩᠭᠦᠨ ᠠᠭᠤᠯᠠ ︾ ᠶᠢᠨ ᠠᠭᠤᠯᠤᠭᠳᠠᠴᠠ ᠲᠠᠰᠤᠷᠠᠯᠲᠠ ᠥᠬᠡᠶ ᠳᠡᠭᠡᠭᠰᠢᠯᠡᠪᠡ᠃ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ᠃ ᠴᠢ ᠯᠦ ᠠᠮᠢᠳᠤ ᠪᠣᠳᠠᠰ ᠤᠨ ᠡᠮ ᠦᠢᠯᠡᠳᠬᠦ ᠳᠤ ᠠᠮᠧᠷᠢᠺᠠ ᠶᠢᠨ FDA ᠶᠢᠨ ᠭᠡᠷᠡᠴᠢᠯᠡᠭᠡ ᠪᠠᠷ ᠳᠡᠮᠵᠢᠨ᠂ ᠰᠢᠬᠢᠷ ᠦᠢᠯᠡᠳᠬᠦ ᠦᠢᠯᠡᠳᠪᠦᠷᠢ ᠶᠢᠨ ᠲᠠᠰᠤᠭ ᠠᠰᠢᠭᠯᠠᠯᠲᠠ ᠳᠤ ᠣᠷᠣᠵᠤ᠂ ᠡᠲ᠋ᠢᠯᠳᠤ᠋ ᠮᠢᠰᠦ᠂ ᠢ ᠸᠧᠶ ᠵᠢᠶᠦ᠋ᠨ ᠰᠦ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠪᠣᠳᠠᠲᠠᠶ ᠬᠡᠷᠡᠭᠵᠢᠭᠦᠯᠦᠭᠳᠡᠪᠡ᠃ ᠢᠯᠢ ᠶᠢᠨ ᠮᠧᠩ ᠬᠤᠸᠠᠨ ᠭᠠᠶ ᠶᠢᠨ 5 ᠵᠤᠷᠪᠤᠰ ᠰᠢᠨ᠎ᠡ ᠪᠠᠷ ᠨᠡᠮᠡᠭᠳᠡᠭᠰᠡᠨ ᠦᠢᠯᠡᠳᠪᠦᠷᠢᠯᠡᠯ ᠤᠨ ᠱᠤᠭᠤᠮ ᠤᠨ ᠴᠢᠳᠠᠮᠵᠢ ᠶᠢ ᠥᠷᠭᠡᠳᠬᠡᠬᠦ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠾᠧ ᠵᠥᠩ ᠴᠤᠸᠠᠩ ᠶᠠ ᠶᠢᠨ ᠤᠶᠤᠨᠲᠤ ᠣᠷᠴᠢᠨ ᠲᠣᠭᠤᠷᠢᠨ ᠢ ᠬᠠᠮᠠᠭᠠᠯᠠᠬᠤ ᠪᠣᠭᠤᠳᠠᠯ ᠤᠨ ᠲᠥᠷᠥᠯ ᠵᠦᠢᠯ ᠢ ᠬᠤᠭᠤᠴᠠᠭ᠎ᠠ ᠶᠣᠰᠣᠭᠠᠷ ᠠᠰᠢᠭᠯᠠᠯᠲᠠ ᠳᠤ ᠣᠷᠣᠭᠤᠯᠪᠠ᠃ ᠮᠧᠩ ᠰᠢ ᠣᠶᠤᠨᠴᠢᠯᠠᠭᠰᠠᠨ ᠦᠢᠯᠡᠳᠪᠦᠷᠢ ᠶᠢᠨ ᠥᠭᠡᠷᠡᠴᠢᠯᠡᠯᠲᠡ ᠶᠢ ᠳᠠᠭᠤᠰᠬᠠᠵᠤ᠂ ᠵᠦᠩ ᠷᠦᠩ ᠢᠳᠡᠭᠡᠨ ᠤ ᠤᠷᠢᠳᠴᠢᠯᠠᠨ ᠦᠢᠯᠡᠳᠦᠭᠰᠡᠨ ᠨᠣᠭᠤᠭ᠎ᠠ ᠵᠢᠴᠢ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠥᠷᠦᠯ ᠵᠦᠢᠯ ᠢ ᠯᠠᠪᠳᠠᠭᠤᠨ ᠢᠶᠠᠷ ᠠᠬᠢᠭᠤᠯᠵᠤ᠂ ᠬᠥᠯᠥᠨ ᠪᠦᠷ ᠮᠢᠬᠠᠨ ᠤ ᠦᠢᠯᠡᠰ ᠤᠨ ᠪᠦᠯᠦᠭᠯᠡᠯ ᠨᠢ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠤᠨ ᠢᠷᠠᠭᠤ ᠠᠯᠳᠠᠷ ᠢ ᠬᠦᠷᠲᠡᠪᠡ᠃      ᠨᠢᠭᠡ ᠵᠢᠯ ᠤᠨ ᠨᠡᠭᠡᠭᠡᠯᠳᠡ ᠨᠢ ᠳᠣᠲᠣᠭᠠᠳᠤ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠵᠦ᠂ ︽ᠠᠷᠤᠨ ᠤ ᠲᠦᠷᠢ ᠲᠥᠷᠬᠦ︾ ᠶᠢ ᠪᠦᠲᠦᠮᠵᠢᠲᠡᠢ ᠳᠡᠭᠡᠭᠰᠢᠯᠡᠭᠦᠯᠪᠡ᠃ ᠥᠭᠡᠷᠡᠴᠢᠯᠡᠯᠲᠡ ᠨᠡᠭᠡᠭᠡᠯᠲᠡ ᠠᠴᠠ ᠬᠥᠳᠡᠯᠭᠡᠬᠦ ᠬᠦᠴᠦᠨ ᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠠᠴᠠ ᠠᠮᠢᠵᠢᠷᠠᠯ ᠤᠨ ᠬᠦᠴᠦᠨ ᠤᠯᠬᠤ᠂ ᠥᠭᠡᠷᠡᠴᠢᠯᠡᠯᠲᠡ ᠶᠢᠨ ᠠᠰᠢᠭ ᠣᠯᠵᠠᠪᠤᠷᠢ ᠶᠢ ᠲᠦᠷᠭᠡᠨ ᠪᠠᠳᠠᠷᠠᠭᠤᠯᠬᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠥᠷᠢᠰᠥᠯᠳᠦᠭᠦᠯᠦᠨ ᠬᠥᠭᠵᠢᠭᠡᠬᠦ ᠶᠢ ᠪᠠᠷᠢᠮᠲᠠᠯᠠᠨ᠎ᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠡᠵᠡᠩᠨᠡᠯᠲᠡ ᠶᠢᠨ ᠲᠦᠷᠦᠯ ᠤᠨ ᠠᠵᠢᠯ ᠦᠢᠯᠡᠰ ᠤᠨ ᠨᠢᠭᠡᠴᠢ ᠶᠢ ᠠᠵᠤ ᠠᠬᠤᠶᠢᠯᠠᠯ ᠤᠨ ᠳᠦᠷᠢᠮᠲᠦ ᠨᠢᠭᠡᠴᠢ ᠪᠣᠯᠭᠠᠨ ᠬᠤᠪᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠸᠠ ᠶᠦᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢ ᠫᠠᠶᠢᠰᠠ ᠡᠯᠭᠦᠨ ᠪᠠᠶᠢᠭᠤᠯᠵᠤ᠂ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠨ ᠤ ᠲᠠᠪᠴᠠᠩ ᠢ ᠪᠠᠶᠢᠭᠤᠯᠬᠤ ᠠᠵᠢᠯ ᠢ ᠬᠦᠴᠦᠲᠡᠢ ᠠᠬᠢᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠤᠷᠤᠭᠰᠢᠲᠠᠢ ᠪᠡᠶᠡᠯᠡᠭᠦᠯᠪᠡ᠃ ︽ᠣᠷᠤᠭ ᠬᠤᠷᠢᠮ ᠤᠨ ᠵᠠᠩ ᠦᠢᠯᠡ ᠶᠢᠨ ᠥᠭᠡᠷᠡᠴᠢᠯᠡᠯᠲᠡ︾᠂ ︽ᠮᠥᠩᠭᠦᠨ ᠭᠦᠶ᠋ᠯᠭᠡᠭᠡᠨ ᠢᠶᠠᠷ ᠲᠠᠷᠢᠶᠠᠯᠠᠩ ᠢ ᠳᠡᠮᠵᠢᠬᠦ︾ ᠭᠤᠤᠯ ᠲᠤᠷᠰᠢᠯᠭ᠎ᠠ ᠪᠠ ᠠᠷᠭ᠎ᠠ ᠬᠢᠳᠡᠯ ᠨᠢ ᠪᠥᠬᠦ ᠣᠷᠣᠨ ᠤ ᠲᠡᠷᠢᠭᠦᠨ ᠤ ᠨᠡᠶᠢᠲᠡᠯᠢᠭ ᠵᠢᠱᠢᠶ᠎ᠡ ᠪᠠᠷ ᠦᠨᠡᠯᠡᠭᠳᠡᠵᠦ᠂ ᠭᠠᠵᠠᠷ ᠰᠢᠷᠣᠶ ᠶᠢ ᠴᠡᠪᠡᠷᠯᠡᠨ ᠵᠢᠷᠤᠮᠵᠢᠭᠤᠯᠵᠤ ᠬᠡᠷᠡᠭᠯᠡᠬᠦ ᠠᠵᠢᠯ ᠨᠢ ᠪᠥᠬᠦ ᠤᠯᠤᠰ ᠤᠨ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ ︾ ᠥᠭᠡᠷᠡᠴᠢᠯᠡᠯᠲᠡ ᠳᠤ ᠴᠢᠩᠭ᠎ᠠ ᠬᠠᠲᠠᠭᠤ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ ︽ᠮᠥᠩᠬᠡ ᠰᠤᠪᠠᠭ ᠤᠨ ᠠᠯᠪᠠᠨ ᠬᠡᠷ ᠪᠠ ᠳᠥᠷᠪᠡᠨ ᠠᠯᠪᠠᠨ ᠬᠡᠷ︾ ᠤᠨ ᠦᠢᠯᠡᠴᠢᠯᠡᠭᠡ ᠶᠢ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠲᠥᠬᠦᠮ ᠦᠵᠡᠭᠦᠯᠬᠦ ︽ᠬᠤᠷᠳᠤᠳᠬᠠᠯ︾ ᠠᠴᠠ ᠭᠠᠷᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠲᠡᠯ᠎ᠡ ᠤᠷᠲᠤᠳᠬᠠᠨ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠵᠦ᠂ ︽ᠮᠤᠵᠢ ᠠᠯᠤᠰᠯᠠᠨ ᠨᠡᠶᠢᠳᠡᠮ ᠭᠦᠶ᠋ᠴᠡᠳᠬᠡᠬᠦ︾ ᠨᠠᠶᠢᠵᠠ ᠶᠢᠨ ᠲᠣᠭᠤᠷᠢᠭ ᠢ 7 ᠮᠤᠵᠢ 48 ᠭᠠᠵᠠᠷ ᠲᠤ ᠬᠦᠷᠲᠡᠯ᠎ᠡ ᠥᠷᠭᠡᠳᠬᠡᠵᠦ᠂ ︽ᠶᠡᠷᠦᠩᠬᠡᠶᠢᠯᠡᠭᠰᠡᠨ ᠨᠢᠭᠡ ᠴᠣᠩᠬᠤ︾ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠶᠢᠰᠢᠯᠠᠭᠤᠯᠤᠨ ᠦᠢᠯᠡᠴᠢᠯᠡᠬᠦ ᠶᠢ ᠥᠷᠭᠡᠨ ᠢᠶᠠᠷ ᠰᠠᠶᠢᠨ ᠦᠨᠡᠯᠡᠯᠲᠡ ᠤᠯᠪᠠ᠃ ︽ᠪᠥᠬᠦ ᠣᠷᠣᠨ ᠳᠤ ᠨᠡᠶᠢᠳᠡᠮ ᠭᠦᠶ᠋ᠴᠡᠳᠬᠡᠬᠦ︾ ︽ᠬᠤᠶᠠᠷ ᠢ ᠰᠢᠯᠢᠳᠡᠭᠵᠢᠭᠦᠯᠬᠦ ᠠᠵᠢᠯᠯᠠᠭ᠎ᠠ︾ ᠶᠢ ᠯᠠᠪᠳᠠᠭᠤᠨ ᠪᠠᠲᠤᠲᠠᠶ ᠥᠷᠨᠢᠭᠦᠯᠵᠦ᠂ ᠦᠨᠡᠮᠯᠡᠯ ᠥᠬᠡᠶ ᠪᠠᠷ ᠡᠯᠧᠺᠳ᠋ᠷᠣᠨ ᠦᠨᠡᠮᠯᠡᠯ ᠭᠦᠶ᠋ᠴᠡᠳᠬᠡᠬᠦ ᠶᠢᠨ ᠬᠤᠯᠪᠣᠭᠳᠠᠬᠤ ᠲᠤᠭ᠎ᠠ ᠶᠢ 100 % ᠳᠤ ᠬᠦᠷᠦᠭᠦᠯᠦᠨ᠎ᠡ᠃ ︽12345︾ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢᠲᠠᠶ ᠪᠠᠶᠢᠬᠤ ᠨᠣᠷᠮ᠎ᠠ ᠶᠢ ᠴᠥᠮ 98 % ᠠᠴᠠ ᠳᠡᠭᠡᠭᠰᠢ ᠳᠤ ᠬᠦᠷᠦᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠯᠭᠡᠷᠡᠭᠦᠯᠬᠦ ᠠᠵᠢᠯ ᠴᠢᠬᠤᠯᠠ ᠶᠡᠭᠡ ᠰᠢᠪᠲᠤᠯᠤᠯᠲᠠ ᠲᠠᠢ ᠪᠣᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠤᠰᠢᠭᠤᠨ ᠤ ᠪᠠᠨ ᠮᠠᠨᠳᠤᠭᠤᠯᠬᠤ ᠲᠤᠯᠤᠭᠠᠨ ᠶᠡᠭᠡ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 2᠂ ᠳᠤᠮᠳᠠ ᠪᠠᠭ᠎ᠠ ᠬᠡᠯᠪᠡᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ 4᠂ ᠴᠢ ᠯᠦ ᠠᠮᠢᠳᠤ ᠪᠣᠳᠠᠰ ᠤᠨ ᠡᠮ ᠦᠢᠯᠡᠳᠬᠦ ᠰᠤᠳᠤᠯᠭᠠᠨ ᠤ ᠬᠦᠷᠢᠶᠡᠯᠡᠩ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠰᠢᠷ᠎ᠠ ᠪᠤᠷᠴᠠᠭ ᠤᠨ ᠰᠢᠯᠢᠳᠡᠭ ᠡᠭᠦᠯᠳᠡᠷ ᠤᠨ ᠵᠢᠱᠢᠶ᠎ᠡ ᠦᠵᠡᠭᠦᠯᠬᠦ ᠪᠠ ᠠᠵᠤ ᠦᠶᠢᠯᠡᠰᠵᠢᠭᠦᠯᠦᠨ ᠬᠡᠷᠡᠭᠯᠡᠬᠦ ᠵᠡᠷᠭᠡ 3 ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠣᠷᠣᠨ ᠤ ᠲᠠᠰ ᠤᠨ ᠰᠢᠯᠭᠠᠨ ᠪᠠᠶᠢᠴᠠᠭᠠᠯᠲᠠ ᠳᠤ ᠪᠠᠲᠤᠯᠠᠭᠳᠠᠵᠤ᠂ ᠥᠨᠳᠥᠷ ᠬᠦᠶ᠋ᠲᠡᠨ ᠤ ᠤᠰᠤᠨ ᠲᠤᠲᠤᠷᠭ᠎ᠠ ᠳᠠᠷᠢᠬᠤ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠣᠭᠤᠷᠢᠭ ᠤᠨ ᠲᠥᠷᠥᠯ ᠵᠦᠢᠯ ᠤᠯᠤᠰ ᠤᠨ ᠲᠠᠰ ᠤᠨ ᠰᠢᠯᠭᠠᠨ ᠪᠠᠶᠢᠴᠠᠭᠠᠯᠲᠠ ᠳᠤ ᠪᠠᠲᠤᠯᠠᠭᠳᠠᠪᠠ᠃ ᠴᠢ ᠯᠦ ᠠᠮᠢᠳᠤ ᠪᠣᠳᠠᠰ ᠤᠨ ᠡᠮ ᠨᠠᠶᠢᠷᠠᠬᠤ ᠶᠠᠨ ᠰᠥᠸᠧ ᠬᠦᠴᠢᠯ ᠤᠨ ᠲᠠᠢ ᠮᠢᠶᠣᠣ ᠨᠢᠶᠠᠨ ᠰᠦ ᠶᠢ ᠠᠩᠬ᠎ᠠ ᠤᠳᠠᠭ᠎ᠠ ᠠᠮᠧᠷᠢᠺᠠ ᠳᠤ ᠭᠠᠷᠭᠠᠵᠤ᠂ ᠬᠥᠯᠥᠨ ᠪᠤᠶᠢᠷ ᠮᠢᠬᠠᠨ ᠤ ᠦᠢᠯᠡᠰ ᠤᠨ ᠪᠦᠯᠦᠭᠯᠡᠯ ᠤᠨ ᠭᠤᠤᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠦᠶ᠋ᠯᠡᠳᠬᠦᠨ ᠢ ᠰᠢᠶᠠᠩᠭᠠᠩ ᠳᠤ ᠬᠠᠩᠭᠠᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ 1 . 64 ᠳ᠋ᠦᠩᠰᠢᠭᠤᠷ ᠲᠥᠭᠦᠷᠢᠭ ᠲᠤ ᠬᠦᠷᠴᠦ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃      ᠨᠢᠭᠡ ᠵᠢᠯ ᠡᠷᠡᠮᠡᠬᠡᠶᠢᠯᠡᠨ ᠤᠷᠤᠭᠰᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠪᠦᠬᠦ ᠲᠠᠯ᠎ᠠ ᠪᠠᠷ ᠥᠷᠨᠢᠵᠦ᠂ ︽ᠠᠷᠤᠨ ᠤ ᠦᠯᠢᠭᠡᠷ ᠳᠠᠭᠤᠷᠢᠶᠠᠯ︾ ᠢ ᠬᠦᠴᠦᠲᠡᠢ ᠴᠣᠭᠴᠠᠯᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠶ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠪᠥᠬᠦ ᠬᠦᠴᠦᠨ ᠢᠶᠠᠷ ᠢᠶᠠᠨ ᠪᠠᠲᠤᠯᠠᠭ᠎ᠠ ᠶᠢ ᠴᠢᠩᠭᠠᠳᠬᠠᠬᠤ᠂ ᠠᠵᠤ ᠦᠢᠯᠡᠰ ᠢ ᠠᠳᠬᠤᠬᠤ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ᠂ ᠡᠶ᠎ᠡ ᠨᠠᠶᠢᠷᠠᠮᠳᠠᠭᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠯᠠᠪᠳᠠᠭᠤᠨ ᠪᠠᠲᠤᠲᠠᠶ ᠠᠯᠬᠤᠮ ᠢ ᠠᠯᠬᠤᠪᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ᠬᠦᠷᠢᠶᠡᠨ ᠤ ᠠᠵᠤ ᠠᠬᠤᠶ᠂ ᠪᠠᠭ᠎ᠠ ᠲᠣᠭᠠᠨ ᠤ ᠵᠢᠭᠡᠯᠡᠯᠭᠡ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠠᠰᠠᠭᠤᠳᠠᠯ ᠢ 82 ᠰᠢᠢᠳᠪᠦᠷᠢᠯᠡᠵᠦ᠂ ᠬᠤᠷ᠎ᠠ ᠪᠣᠷᠣᠭᠠᠨ ᠲᠤᠰᠠᠯᠠᠮᠵᠢ ᠶᠢᠨ ᠮᠥᠩᠭᠦ 59 . 7 ᠲᠦᠮᠡᠨ ᠲᠥᠭᠦᠷᠢᠭ ᠲᠠᠷᠬᠠᠭᠠᠵᠤ᠂ ︽ᠳᠥᠷᠪᠡᠨ ᠶᠡᠭᠡ ᠳᠠᠭᠠᠳᠬᠠᠯ︾ ᠢ 2 . 06 ᠲᠦᠮᠡᠨ ᠬᠤᠪᠢ ᠬᠤᠳᠠᠯᠳᠤᠨ ᠠᠪᠴᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 2 ᠲᠦᠮᠡᠨ ᠲᠥᠭᠦᠷᠢᠭ ᠲᠤ ᠣᠶᠢᠷᠠᠳᠪᠠ᠃ ᠶᠢᠨ ᠾᠧ ᠰᠢᠶᠠᠩ ᠤᠨ ᠹᠦ᠋ ᠵᠢᠶ ᠪᠣᠯᠪᠠᠰᠤᠷᠠᠯ ᠤᠨ ᠲᠥᠪ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠶ ᠰᠡᠳᠦᠪᠲᠦ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠢᠶᠠᠷ ᠦᠨᠡᠯᠡᠭᠳᠡᠪᠡ᠃ ᠾᠧ ᠮᠧᠶ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠦᠢᠯᠡᠰ ᠪᠦᠲᠦᠭᠡᠬᠦ ᠳᠤ ᠲᠣᠬᠢᠷᠠᠮᠵᠢᠲᠠᠶ᠃ ︽ᠨᠢᠭᠡ ᠰᠢᠶᠠᠩ ᠨᠢᠭᠡ ᠦᠢᠯᠡᠰ︾ ᠤᠨ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠴᠢᠷᠭᠠᠨ᠎ᠠ᠂ ᠴᠢᠴᠠᠷᠭᠠᠨ᠎ᠠ᠂ ᠰᠠᠨ ᠴᠠ ᠾᠧ ᠬᠢᠲᠠᠳ ᠡᠪᠡᠰᠦᠨ ᠡᠮ ᠵᠡᠷᠭᠡ 12 ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠦᠷᠭᠦᠯᠵᠢᠯᠡᠨ ᠴᠣᠭᠴᠠᠯᠠᠵᠤ᠂ ᠲᠣᠰᠬᠤᠨ ᠤ ᠬᠠᠮᠲᠤ ᠶᠢᠨ ᠣᠷᠣᠯᠭ᠎ᠠ ᠶᠢ 5451 ᠲᠦᠮᠡᠨ ᠲᠥᠭᠦᠷᠢᠭ ᠨᠡᠮᠡᠭᠳᠡᠭᠦᠯᠵᠦ᠂ ᠲᠣᠰ ᠵᠢᠯ ᠤᠨ ᠣᠷᠣᠯᠭ᠎ᠠ ᠶᠢ ᠳᠠᠬᠢᠨ ᠢᠶᠠᠷ ᠨᠡᠮᠡᠭᠳᠡᠭᠦᠯᠦᠨ᠎ᠡ᠃ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠪᠦᠲᠦᠭᠡᠬᠦ ᠳᠤ ᠲᠣᠬᠢᠷᠠᠮᠵᠢᠲᠠᠶ ᠪᠠ ᠭᠤ ᠤᠠ᠋ ᠰᠠᠶᠢᠬᠠᠨ ᠤ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠲᠥᠯᠥᠪᠵᠢᠭᠦᠯᠭᠡ ᠶᠢ 21 ᠨᠠᠶᠢᠷᠠᠭᠤᠯᠤᠨ ᠵᠣᠬᠢᠶᠠᠵᠤ᠂ 27 ᠲᠦᠮᠡᠨ ᠰᠠᠭᠤᠷᠢ ᠮᠣᠳᠣ ᠵᠠᠶᠢᠯᠠᠵᠤ᠂ 10 ᠲᠦᠮᠡᠨ ᠲᠡᠭᠰᠢ ᠳᠥᠷᠪᠡᠯᠵᠢᠨ ᠮᠧᠳ᠋ᠷ ᠬᠤᠸᠠᠷ ᠴᠡᠴᠡᠭ ᠳᠠᠷᠢᠵᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ 575 ᠶᠢ ᠥᠭᠡᠷᠡᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ 250 . 3 ᠺᠢᠯᠣᠮᠧᠳ᠋ᠷ ᠵᠠᠰᠠᠵᠤ᠂ 14 ᠬᠥᠭᠦᠷᠭᠡ ᠭᠤᠯᠳᠤᠩ ᠠᠭᠤᠶ ᠶᠢ ᠰᠡᠯᠪᠢᠨ ᠵᠠᠰᠠᠵᠤ᠂ ︽ᠠᠷᠠᠳ ᠤᠨ ᠠᠮᠢᠳᠤᠷᠠᠯ ᠤᠨ ᠵᠢᠵᠢᠭ ᠠᠭᠤᠯᠵᠠᠷ︾ ᠢᠶᠠᠷ ︽ᠬᠥᠳᠡᠭᠡ ᠲᠣᠰᠬᠤᠨ ᠤ ᠶᠡᠭᠡ ᠬᠤᠪᠢᠷᠠᠯᠲᠠ︾ ᠶᠢ ᠳᠥᠯᠭᠢᠨ ᠠᠬᠢᠭᠤᠯᠪᠠ᠃ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠬᠥᠳᠡᠭᠡ ᠲᠣᠰᠬᠤᠨ ᠤ ᠴᠠᠬᠢᠯᠭᠠᠨ ᠤ ᠲᠤᠤᠷ ᠤᠨ ᠥᠭᠡᠷᠡᠴᠢᠯᠡᠯᠲᠡ ᠶᠢᠨ ᠢᠨᠵᠧᠨᠧᠷᠢᠩ ᠤᠨ ᠲᠠᠲᠠᠭᠰᠠᠨ ᠵᠠᠮ 282 . 97 ᠺᠢᠯᠣᠮᠧᠳ᠋ᠷ᠂ ᠡᠤ ᠰᠧ ᠮᠧᠨ ᠶᠡᠭᠡ ᠬᠥᠭᠦᠷᠭᠡ ᠶᠢ ᠥᠭᠡᠷᠡᠴᠢᠯᠡᠨ ᠳᠠᠬᠢᠨ ᠪᠠᠶᠢᠭᠤᠯᠬᠤ᠂ ᠴᠠᠪᠠᠴᠢ ᠠᠴᠠ ᠰᠠᠨ ᠴᠠ ᠾᠧ ᠭᠤᠤᠯ᠂ ᠨᠢᠭᠡᠳᠦᠭᠡᠷ ᠬᠤᠪᠢᠶᠠᠷᠢ ᠲᠠᠯᠠᠪᠠᠶ ᠶᠢᠨ ᠬᠤᠶᠠᠳᠤᠭᠠᠷ ᠠᠩᠭᠢ ᠠᠴᠠ ᠬᠤᠶᠠᠳᠤᠭᠠᠷ ᠬᠤᠪᠢᠶᠠᠷᠢ ᠲᠠᠯᠠᠪᠠᠶ ᠶᠢᠨ ᠳᠣᠯᠣᠳᠤᠭᠠᠷ ᠠᠩᠭᠢ ᠬᠦᠷᠲᠡᠯᠡᠬᠢ ᠵᠠᠰᠠᠮᠠᠯ ᠵᠠᠮ ᠢ ᠪᠠᠶᠢᠭᠤᠯᠤᠨ ᠲᠡᠷᠭᠡ ᠨᠡᠪᠲᠡᠷᠡᠭᠦᠯᠵᠦ᠂ ᠮᠤᠵᠢ ᠶᠢᠨ ᠵᠠᠮ S 307 ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠬᠤᠲᠠ ᠬᠥᠳᠡᠭᠡ ᠶᠢᠨ ᠬᠥᠭᠵᠢᠯᠲᠡ ᠶᠢ ᠬᠤᠯᠪᠣᠭᠰᠠᠨ ︽ᠲᠣᠮᠣ ᠯᠤᠭᠰᠢᠭᠤᠨ ᠰᠤᠳᠠᠯ︾ ᠢ ᠨᠠᠩ ᠰᠠᠭᠠᠳ ᠥᠬᠡᠶ ᠨᠡᠪᠲᠡᠷᠡᠭᠦᠯᠪᠡ᠃      ᠨᠢᠭᠡ ᠵᠢᠯ ᠳᠤ ᠯᠠᠪᠳᠠᠭᠤᠨ ᠪᠠᠲᠤᠲᠠᠢ ᠠᠵᠢᠯᠯᠠᠵᠤ᠂ ᠬᠤᠳᠠ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠵᠤ᠂ ︽ᠠᠷᠤᠨ ᠤ ᠷᠢᠳᠢ ᠰᠢᠳᠢ︾ ᠶᠢ ᠤᠯᠠᠮ ᠢᠯᠡᠷᠡᠭᠦᠯᠪᠡ᠃ ᠥᠨᠳᠥᠷ ᠡᠬᠢᠯᠡᠯᠲᠡ ᠲᠠᠢ ᠲᠥᠯᠥᠪᠵᠢᠭᠦᠯᠬᠦ᠂ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ᠂ ᠨᠠᠷᠢᠯᠢᠬᠵᠢᠭᠤᠯᠬᠤ ᠬᠠᠮᠢᠶᠠᠷᠤᠯᠲᠠ ᠶᠢ ᠪᠠᠷᠢᠮᠲᠠᠯᠠᠨ᠎ᠠ᠃ ᠬᠤᠳᠠ ᠶᠢᠨ ᠰᠢᠨᠡᠳᠬᠡᠬᠦ ᠠᠯᠬᠤᠴᠠ ᠲᠦᠷᠭᠡᠳᠪᠡ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠯᠲᠠ ᠳᠤ ᠬᠢᠷᠢ ᠲᠡᠩᠴᠡᠪᠡ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ ᠶᠢᠨ 13 ᠲᠥᠷᠥᠯ ᠵᠦᠢᠯ ᠢ 62 . 49 ᠲᠦᠮᠡᠨ ᠲᠡᠭᠰᠢ ᠳᠥᠷᠪᠡᠯᠵᠢᠨ ᠮᠧᠳ᠋ᠷ ᠬᠡᠷᠡᠭᠵᠢᠭᠦᠯᠵᠦ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠪᠡ᠃ ᠬᠠᠭᠤᠴᠢᠨ ᠬᠤᠲᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠡᠮᠬᠢ ᠴᠡᠭᠴᠡ ᠲᠠᠢ ᠠᠬᠢᠭᠤᠯᠵᠤ᠂ 3 . 6 ᠲᠦᠮᠡᠨ ᠲᠡᠭᠰᠢ ᠳᠥᠷᠪᠡᠯᠵᠢᠨ ᠮᠧᠳ᠋ᠷ ᠭᠠᠵᠠᠷ ᠢ ᠰᠤᠯᠠᠯᠠᠨ ᠭᠠᠷᠭᠠᠪᠠ᠃ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠲᠣᠭᠲᠠᠭᠤᠨ ᠢᠶᠠᠷ ᠶᠠᠪᠤᠭᠳᠠᠭᠤᠯᠵᠤ᠂ 3 ᠰᠠᠭᠤᠭᠠᠯᠢ ᠠᠷᠠᠳ ᠤᠨ ᠲᠣᠭᠤᠷᠢᠭ ᠲᠤ 3 . 51 ᠲᠦᠮᠡᠨ ᠲᠡᠭᠰᠢ ᠳᠥᠷᠪᠡᠯᠵᠢᠨ ᠮᠧᠳ᠋ᠷ ᠬᠠᠭᠤᠴᠢᠨ ᠳᠦᠷᠰᠦ ᠪᠠᠶᠢᠳᠠᠯ ᠰᠢᠨ᠎ᠡ ᠪᠠᠷ ᠰᠣᠯᠢᠭᠳᠠᠵᠤ᠂ 440 ᠭᠠᠷᠤᠶ ᠡᠷᠦᠬᠡ ᠰᠠᠭᠤᠭᠠᠯᠢ ᠠᠷᠠᠳ ᠰᠢᠨ᠎ᠡ ᠠᠮᠢᠳᠤᠷᠠᠯ ᠢᠶᠠᠨ ᠡᠳ᠋ᠯᠡᠪᠡ᠃ ᠬᠤᠲᠠ ᠶᠢᠨ ᠴᠢᠳᠠᠮᠵᠢ ᠤᠯᠠᠮ ᠲᠡᠭᠦᠯᠳᠡᠷᠵᠢᠪᠡ᠃ ᠨᠠᠵᠢ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠲᠤᠷᠰᠢᠨ ᠠᠵᠢᠯᠯᠠᠭᠤᠯᠵᠤ᠂ 10 . 2 ᠺᠢᠯᠣᠮᠧᠳ᠋ᠷ ᠤᠨ ᠢᠯᠴᠢ ᠬᠠᠩᠭᠠᠬᠤ᠂ ᠰᠢᠲᠠᠮᠠᠬᠠᠶ ᠬᠡᠶ ᠶᠢᠨ ᠬᠤᠭᠤᠯᠠᠶ ᠶᠢᠨ ᠲᠤᠤᠷ ᠢ ᠲᠠᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠵᠦ᠂ ᠬᠤᠲᠠ ᠶᠢᠨ ︽ᠪᠢᠴᠢᠯ ᠡᠷᠭᠢᠯᠲᠡ︾ ᠶᠢ ᠨᠠᠩ ᠰᠠᠭᠠᠳ ᠥᠬᠡᠶ ᠪᠣᠯᠭᠠᠪᠠ᠃ ᠡᠮᠦᠨᠡᠲᠦ ᠤᠮᠠᠷᠠᠲᠤ ᠶᠢᠨ ᠭᠠᠳᠠᠭᠠᠳᠤ ᠭᠠᠷᠭᠠᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠤᠰᠤᠰᠠᠭ ᠲᠠᠪᠴᠠᠩ ᠢ ᠰᠠᠶᠢᠵᠢᠷᠠᠭᠤᠯᠬᠤ ᠵᠡᠷᠭᠡ ᠢᠨᠵᠧᠨᠧᠷᠢᠩ ᠢ ᠬᠤᠭᠤᠴᠠᠭ᠎ᠠ ᠶᠣᠰᠣᠭᠠᠷ ᠳᠠᠭᠤᠰᠬᠠᠵᠤ᠂ ᠪᠢᠨ ᠾᠧ ᠵᠡᠭᠡᠯᠢ ᠶᠢᠨ ︽ᠥᠩᠭᠡᠲᠦ ᠵᠢᠷᠤᠭ ᠲᠠᠢ ᠬᠡᠷᠡᠮ︾᠂ ᠵᠧᠨ ᠰᠢᠩ ᠵᠠᠮ ᠤᠨ ︽ᠰᠢᠨ᠎ᠡ ᠭᠠᠵᠠᠷ ᠤᠨ ᠲᠡᠮᠳᠡᠭ︾ ᠨᠢ ᠣᠯᠠᠨ ᠤ ᠠᠩᠬᠠᠷᠤᠯ ᠢ ᠲᠠᠲᠠᠭᠰᠠᠨ ᠭᠠᠵᠠᠷ ᠪᠣᠯᠵᠣ᠂ ᠣᠶ ᠰᠢᠭᠤᠶ ᠡᠪᠡᠰᠦ ᠪᠡᠯᠴᠢᠭᠡᠷ ᠤᠨ ᠠᠮᠢ ᠠᠬᠤᠶ ᠶᠢᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠪᠠᠶᠢᠭᠤᠯᠤᠨ ᠳᠠᠭᠤᠰᠬᠠᠵᠤ᠂ ᠤᠯᠤᠰ ᠤᠨ ᠴᠡᠴᠡᠷᠯᠢᠭ ᠤᠨ ᠬᠤᠲᠠ ᠶᠢ ᠳᠠᠬᠢᠨ ᠪᠠᠶᠢᠴᠠᠭᠠᠵᠤ ᠰᠢᠯᠭᠠᠨ ᠠᠪᠬᠤ ᠠᠵᠢᠯ ᠤᠷᠤᠭᠰᠢᠲᠠᠶ ᠪᠠᠲᠤᠯᠠᠭᠳᠠᠪᠠ᠃ ᠬᠤᠲᠠ ᠶᠢᠨ ᠬᠠᠮᠢᠶᠠᠷᠤᠯᠲᠠ ᠶᠢ ᠨᠠᠩ ᠨᠠᠷᠢᠯᠢᠭᠵᠢᠭᠤᠯᠪᠠ᠃ ᠭᠤᠣᠯ ᠬᠤᠲᠠ ᠶᠢᠨ ᠲᠣᠭᠤᠷᠢᠭ ᠤᠨ 8 ᠵᠡᠭᠡᠯᠢ ᠭᠤᠳᠤᠮᠵᠢ ᠶᠢ ᠴᠢᠩᠭ᠎ᠠ ᠬᠠᠮᠢᠶᠠᠷᠬᠤ ᠵᠠᠭᠪᠤᠷ ᠢ ᠡᠬᠢᠯᠡᠭᠦᠯᠵᠦ᠂ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠴᠡᠭᠴᠡᠯᠡᠨ ᠵᠠᠰᠠᠬᠤ᠂ ︽ᠭᠤᠷᠪᠠᠨ ᠵᠢᠵᠢᠭ ᠨᠢᠭᠡ ᠤᠪᠤᠭ᠎ᠠ︾ ᠶᠢ ᠴᠡᠪᠡᠷᠯᠡᠬᠦ ᠨᠠᠷᠢᠯᠢᠭ ᠣᠨᠣᠴᠠᠲᠠᠢ ᠬᠡᠪ ᠤᠨ ᠪᠠᠶᠢᠳᠠᠯ᠂ ᠾᠧᠰᠢ ᠰᠢᠨ᠎ᠡ ᠲᠣᠭᠤᠷᠢᠭ ᠤᠨ 106 ᠵᠠᠮ ᠤᠨ ᠫᠠᠶᠢᠰᠠ ᠶᠢ ᠤᠭᠰᠠᠷᠠᠵᠤ ᠳᠠᠭᠤᠰᠬᠠᠵᠤ᠂ ᠠᠷᠠᠳ ᠲᠤ ᠲᠦᠬᠦᠮ ᠦᠵᠡᠭᠦᠯᠬᠦ 7 ᠵᠠᠬ᠎ᠠ ᠳᠡᠯᠭᠡᠭᠦᠷ ᠬᠤᠶᠢᠨ᠎ᠠ ᠬᠤᠶᠢᠨ᠎ᠠ ᠠᠴᠠ ᠪᠠᠨ ᠠᠰᠢᠭᠯᠠᠯᠲᠠ ᠳᠤ ᠣᠷᠣᠵᠤ᠂ ᠮᠢᠩᠭ᠎ᠠ ᠭᠠᠷᠤᠢ ᠨᠡᠭᠦᠳᠡᠯ ᠳᠡᠯᠭᠡᠭᠦᠷᠴᠢᠨ ᠲᠥᠪᠯᠡᠷᠡᠭᠦᠯᠦᠨ ᠵᠠᠬ᠎ᠠ ᠳᠡᠯᠭᠡᠭᠦᠷ ᠲᠤ ᠣᠷᠣᠵᠤ᠂ ᠵᠢᠷᠤᠮᠵᠢᠯ ᠲᠠᠢ ᠡᠵᠡᠩᠨᠡᠬᠦ ᠶᠢ ᠪᠡᠶᠡᠯᠡᠭᠦᠯᠪᠡ᠃ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠢᠷᠤᠮᠵᠢᠭᠤᠯᠤᠨ ᠴᠡᠭᠴᠡᠯᠡᠨ ᠵᠠᠰᠠᠬᠤ ᠠᠵᠢᠯ ᠪᠦᠬᠦ ᠲᠠᠯ᠎ᠠ ᠪᠠᠷ ᠡᠬᠢᠯᠡᠵᠦ᠂ 9814 ᠲᠡᠷᠭᠡᠨ ᠵᠣᠭᠰᠣᠭᠠᠯ ᠴᠠᠭ ᠢ ᠵᠥᠷᠢᠭᠦᠯᠦᠨ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠲᠤᠰᠬᠠᠯ ᠴᠢᠩᠭ᠎ᠠ ᠪᠠᠶᠢᠭ᠎ᠠ ︽ᠶᠠᠪᠤᠵᠤ ᠰᠠᠭᠤᠬᠤ ᠳᠤ ᠲᠦᠭᠵᠢᠷᠡᠬᠦ︾᠂ ︽ᠲᠡᠷᠭᠡ ᠵᠣᠭᠰᠣᠭᠠᠬᠤ ᠳᠤ ᠬᠦᠴᠢᠷ︾ ᠵᠡᠷᠭᠡ ᠠᠰᠠᠭᠤᠳᠠᠯ ᠢ ᠶᠠᠭ ᠲᠦᠷᠭᠡᠨ ᠰᠢᠢᠳᠪᠦᠷᠢᠯᠡᠵᠦ ᠪᠠᠶᠢᠨ᠎ᠠ᠃ ᠤᠶᠤᠨᠲᠤ ᠬᠤᠲᠠ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠦᠵᠡᠭᠳᠡᠯ ᠲᠠᠰᠤᠷᠠᠯᠲᠠ ᠥᠬᠡᠶ ᠥᠷᠭᠡᠵᠢᠵᠦ᠂ ᠲᠦᠷᠢᠶᠡᠰᠦᠨ ᠮᠠᠰᠢᠨ ᠲᠡᠷᠭᠡᠨ ᠤ ᠤᠶᠤᠨᠲᠤ ᠦᠵᠦᠭᠦᠷ ᠢ ᠵᠢᠩᠬᠢᠨᠢ ᠪᠠᠷ ᠡᠬᠢᠯᠡᠨ ᠬᠡᠷᠡᠭᠯᠡᠵᠦ᠂ ᠬᠤᠲᠠ ᠶᠢᠨ ᠬᠠᠮᠢᠶᠠᠷᠤᠯᠲᠠ ᠶᠢᠨ ᠲᠣᠭᠠᠴᠢᠯᠠᠭᠰᠠᠨ᠂ ᠤᠶᠤᠨᠴᠢᠯᠠᠭᠰᠠᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃      ᠨᠢᠭᠡ ᠵᠢᠯ ᠪᠠᠲᠤ ᠰᠠᠬᠢᠵᠤ᠂ ᠠᠮᠢ ᠠᠬᠤᠶ ᠶᠢᠨ ᠳᠡᠪᠢᠰᠬᠡᠷ ᠥᠩᠭᠡ ᠳᠤ ᠨᠣᠭᠤᠭᠠᠨ ᠥᠩᠭᠡ ᠨᠡᠮᠡᠷᠢᠯᠡᠵᠦ᠂ ︽ᠠᠷᠤᠨ ᠤᠨ ᠳᠦᠷᠢ ᠲᠥᠷᠬᠦ︾ ᠶᠢ ᠠᠮᠢᠳᠤᠯᠢᠭ ᠢᠶᠠᠷ ᠢᠯᠡᠷᠡᠭᠦᠯᠪᠡ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠥᠷᠭᠡᠳᠬᠡᠬᠦ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠩᠭᠤᠶ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠠᠷᠤᠩ ᠢ ᠲᠦᠷᠭᠡᠳᠬᠡᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠦᠷᠭᠦᠯᠵᠢᠯᠡᠨ ᠴᠢᠩᠭᠠᠷᠠᠪᠠ᠃ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠢ ᠨᠥᠬᠦᠪᠥᠷᠢᠯᠡᠬᠦ ᠵᠡᠷᠭᠡ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ 934 . 83 ᠲᠦᠮᠡᠨ ᠮᠥ ᠬᠡᠷᠡᠭᠵᠢᠭᠦᠯᠵᠦ᠂ 111 ᠾᠧᠺᠲ᠋ᠠᠷ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠪᠠ 302 ᠵᠤᠷᠪᠤᠰ ᠢᠳᠡᠭᠳᠡᠮᠡᠯ ᠭᠤᠤ ᠶᠢᠨ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠠᠵᠢᠯ ᠢ ᠪᠡᠶᠡᠯᠡᠭᠦᠯᠵᠦ᠂ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠶᠢ ᠦᠷᠭᠦᠯᠵᠢᠯᠡᠨ ᠤᠷᠢᠨ ᠬᠡᠷᠡᠭᠯᠡᠵᠦ᠂ ᠬᠤᠶᠠᠷ ᠤᠯᠤᠰ ᠤᠨ ᠴᠡᠴᠡᠷᠯᠢᠭ ᠤᠨ ᠦᠨᠳᠦᠰᠦᠨ ᠪᠠᠶᠢᠴᠠᠭᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠠᠭᠤᠯᠠ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠦᠷ᠎ᠡ ᠪᠦᠲᠦᠭᠡᠯ ᠢ ᠪᠦᠲᠦᠮᠵᠢᠲᠡᠶ ᠪᠠᠬᠢᠵᠢᠭᠦᠯᠵᠦ᠂ ᠪᠥᠬᠦ ᠬᠤᠰᠢᠭᠤᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠶᠢ 47 . 26 % ᠳᠤ ᠬᠦᠷᠭᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃ 45 ᠠᠵᠤ ᠦᠢᠯᠡᠳᠪᠦᠷᠢ ᠶᠢᠨ ᠨᠦᠬᠡᠨ ᠵᠤᠤᠬ᠎ᠠ ᠶᠢ ᠭᠦᠨᠵᠡᠭᠡᠶ ᠵᠠᠰᠠᠵᠤ᠂ ᠭᠠᠵᠠᠷ ᠳᠤᠤᠷᠠᠬᠢ ᠤᠰᠤᠨ ᠤ ᠴᠢᠨᠠᠷ ᠪᠠ ᠣᠷᠣᠨ ᠪᠦᠰᠡ ᠶᠢᠨ ᠳᠣᠲᠣᠷᠠᠬᠢ ᠭᠤᠤᠯᠳᠠᠯᠭ᠎ᠠ ᠲᠠᠢ ᠭᠤᠤᠯ ᠮᠥᠷᠡᠨ ᠤ ᠣᠭᠲᠣᠯᠤᠭᠠᠰᠤ ᠶᠢᠨ ᠤᠰᠤᠨ ᠤ ᠴᠢᠨᠠᠷ ᠴᠥᠮ V ᠲᠥᠷᠥᠯ ᠤᠨ ᠪᠠᠷᠢᠮᠵᠢᠶ᠎ᠠ ᠳᠤ ᠬᠦᠷᠴᠦ᠂ ᠲᠠᠷᠢᠶᠠᠨ ᠡᠮ᠂ ᠬᠢᠮᠢ ᠶᠢᠨ ᠪᠣᠷᠲᠣᠭᠤᠷ ᠤᠨ ᠬᠡᠷᠡᠭᠯᠡᠯᠲᠡ ᠶᠢᠨ ︽ᠬᠤᠤᠰ ᠪᠠᠭᠤᠷᠠᠯᠲᠠ︾ ᠶᠢ ᠪᠡᠶᠡᠯᠡᠭᠦᠯᠵᠦ᠂ ᠰᠦᠯᠢᠶᠣᠣ ᠪᠦᠷᠬᠦᠪᠴᠢ ᠶᠢᠨ ᠬᠡᠷᠡᠭᠯᠡᠯᠲᠡ ᠶᠢ ︽ᠪᠦᠬᠦᠨ ᠢ ᠬᠤᠷᠢᠶᠠᠨ ᠠᠪᠬᠤ︾ ᠶᠢ ᠪᠡᠶᠡᠯᠡᠭᠦᠯᠵᠦ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠪᠦᠲᠦᠮᠵᠢᠲᠡᠶ ᠰᠡᠷᠭᠡᠶᠢᠯᠡᠨ ᠵᠠᠰᠠᠪᠠ᠃ ᠡᠬᠢ ᠪᠠᠶᠠᠯᠢᠭ ᠢ ᠠᠷᠪᠢᠯᠠᠭᠰᠠᠨ ᠦᠷ᠎ᠡ ᠪᠦᠲᠦᠮᠵᠢ ᠢᠯᠡᠳᠲᠡ ᠪᠣᠯᠪᠠ᠃ ︽ᠲᠠᠪᠤ ᠶᠢ ᠡᠴᠦᠰ ᠲᠤᠨᠢ ᠲᠤᠯᠲᠠᠯ᠎ᠠ ᠬᠢᠬᠦ︾ ᠠᠵᠢᠯ ᠯᠠᠪᠳᠠᠭᠤᠨ ᠪᠠᠲᠤᠲᠠᠶ ᠠᠭᠢᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ 155 . 45 ᠮᠥ ᠭᠠᠵᠠᠷ ᠰᠢᠷᠣᠶ ᠶᠢ ᠰᠢᠩᠭᠡᠭᠡᠨ ᠠᠪᠴᠤ᠂ 21 ᠮᠥ ᠰᠤᠯᠠ ᠪᠠᠶᠢᠭ᠎ᠠ ᠭᠠᠵᠠᠷ ᠰᠢᠷᠣᠶ ᠶᠢ ᠰᠢᠢᠳᠪᠦᠷᠢᠯᠡᠵᠦ᠂ ︽ᠬᠠᠭᠠᠰ ᠳᠤᠲᠠᠭᠤ ᠢᠨᠵᠧᠨᠧᠷᠢᠩ︾ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠠᠰᠢᠭᠯᠠᠯᠲᠠ ᠳᠤ ᠣᠷᠣᠭᠤᠯᠤᠨ᠂ ᠨᠢᠭᠡ ᠪᠦᠯᠦᠭ ᠲᠤᠨᠤᠮᠠᠯ ᠪᠠᠯᠠ ᠮᠥᠩᠭᠦ᠂ ᠳᠠᠷᠤᠭᠳᠠᠵᠤ ᠪᠠᠶᠢᠭ᠎ᠠ ᠡᠳ᠋ ᠬᠥᠷᠥᠩᠭᠡ ᠶᠢ ᠪᠦᠲᠦᠮᠵᠢᠲᠡᠶ ᠠᠮᠢᠳᠤᠯᠢᠭ ᠪᠣᠯᠭᠠᠪᠠ᠃ ᠭᠠᠵᠠᠷ ᠰᠢᠷᠣᠶ ᠶᠢᠨ ᠡᠵᠡᠩᠨᠡᠯᠲᠡ ᠶᠢᠨ ᠣᠶᠢᠯᠠᠭᠠᠭᠳᠠᠬᠤᠨ ᠦᠷᠭᠦᠯᠵᠢᠯᠡᠨ ᠴᠢᠩᠭᠠᠷᠠᠵᠤ᠂ 55 . 71 ᠲᠦᠮᠡᠨ ᠮᠥ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠪᠠᠷ ᠠᠰᠢᠭᠯᠠᠵᠤ᠂ 1 . 29 ᠲᠦᠮᠡᠨ ᠮᠥ ᠨᠥᠬᠦᠪᠥᠷᠢᠯᠡᠬᠦ ᠲᠠᠷᠢᠶᠠᠨ ᠭᠠᠵᠠᠷ ᠤᠨ ᠨᠥᠭᠡᠴᠡ ᠬᠥᠮᠥᠷᠭᠡ ᠶᠢ ᠪᠠᠶᠢᠭᠤᠯᠤᠨ ᠳᠠᠭᠤᠰᠬᠠᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠵᠤ ᠥᠨᠳᠥᠷ ᠪᠦᠲᠦᠮᠵᠢᠲᠡᠶ ᠪᠠᠷ ᠠᠰᠢᠭᠯᠠᠬᠤ ᠬᠢᠷᠢ ᠲᠦᠪᠰᠢᠨ ᠢᠯᠡᠳᠲᠡ ᠳᠡᠭᠡᠭᠰᠢᠯᠡᠪᠡ᠃      ᠨᠢᠭᠡ ᠵᠢᠯ ᠤᠨ ᠲᠤᠷᠰᠢ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠰᠤᠷᠠᠯᠲᠠ ᠥᠬᠡᠶ ᠨᠡᠮᠡᠭᠳᠡᠵᠦ᠂ ︽ᠠᠷᠤᠨ ᠤᠨ ᠬᠠᠶᠢᠷ᠎ᠠ ᠰᠡᠳᠬᠢᠯᠭᠡ︾ ᠶᠢ ᠦᠨᠡᠨ ᠬᠦ ᠵᠤᠵᠠᠭᠠᠳᠬᠠᠪᠠ᠃ ᠬᠢᠵᠠᠭᠠᠷ ᠲᠠᠢ ᠡᠳ᠋ ᠤᠨ ᠬᠦᠴᠦᠨ ᠢᠶᠠᠨ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ ᠬᠦᠷᠢᠶᠡᠨ ᠳᠤ ᠣᠷᠣᠭᠤᠯᠬᠤ ᠶᠢ ᠪᠠᠷᠢᠮᠲᠠᠯᠠᠵᠤ᠂ ᠪᠥᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 44 . 92 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 83 . 03 % ᠶᠢ ᠡᠵᠡᠯᠡᠪᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠶ ᠳᠤ ᠨᠠᠶᠢᠳᠠᠪᠤᠷᠢᠵᠢᠭᠤᠯᠪᠠ ᠃ ᠨᠢᠳᠤᠨᠤᠨ ᠠᠮᠠᠯᠠᠭᠰᠠᠨ ᠠᠷᠠᠳ ᠤᠨ ᠠᠮᠢᠳᠤᠷᠠᠯ ᠤᠨ 10 ᠪᠣᠳᠠᠲᠤ ᠶᠠᠪᠤᠳᠠᠯ ᠨᠢ ᠲᠣᠭᠲᠠᠭᠰᠠᠨ ᠬᠠᠷᠠᠯᠲᠠ ᠪᠠᠨ ᠪᠦᠬᠦᠨ ᠢ ᠪᠡᠶᠡᠯᠡᠭᠦᠯᠵᠦ᠂ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠭᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠨᠠᠵᠢᠪᠠᠯᠭᠠᠰᠤᠨ ᠨᠡᠶᠢᠭᠡᠮ ᠲᠣᠭᠤᠷᠢᠭ ᠤᠨ ᠠᠵᠢᠯᠲᠠᠨ ᠡᠯᠰᠡᠬᠦ ᠵᠡᠷᠭᠡ ᠠᠷᠠᠳ ᠤᠨ ᠠᠮᠢᠳᠤᠷᠠᠯ ᠤᠨ 9 ᠪᠣᠳᠠᠲᠤ ᠶᠠᠪᠤᠳᠠᠯ ᠢ ᠪᠦᠬᠦᠨ ᠢ ᠭᠦᠢᠴᠡᠳᠭᠡᠵᠦ᠂ ᠬᠤᠩ ᠬᠤᠸᠠ ᠽᠢ ᠠᠴᠠ ᠰᠣᠯᠣᠩᠭ᠎ᠠ ᠬᠥᠷᠬᠦ ᠭᠤᠷᠪᠠᠳᠤᠭᠠᠷ ᠳᠡᠰ ᠤᠨ ᠵᠠᠰᠠᠮᠠᠯ ᠵᠠᠮ ᠢ ᠲᠠᠰ ᠳᠡᠪᠰᠢᠭᠦᠯᠦᠨ ᠥᠭᠡᠷᠡᠴᠢᠯᠡᠨ ᠵᠠᠰᠠᠬᠤ ᠲᠥᠷᠥᠯ ᠵᠦᠢᠯ ᠨᠢ ᠣᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠵᠦ᠂ ᠥᠷᠭᠡᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠤᠯᠠᠮ ᠠᠴᠠ ᠤᠯᠠᠮ ᠡᠯᠪᠡᠭ ᠪᠠᠶᠠᠯᠢᠭ ᠪᠣᠯᠪᠠ᠃ ᠠᠵᠢᠯ ᠣᠯᠭᠤᠯᠲᠠ ᠶᠢᠨ ᠪᠠᠶᠢᠳᠠᠯ ᠦᠷᠭᠦᠯᠵᠢᠯᠡᠨ ᠰᠠᠶᠢᠵᠢᠷᠠᠪᠠ᠃ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠦᠢᠯᠡᠰ ᠴᠣᠭᠴᠠᠯᠠᠬᠤ ᠶᠢ ᠠᠬᠢᠭᠤᠯᠬᠤ ᠡᠯ᠎ᠡ ᠲᠥᠷᠥᠯ ᠤᠨ ᠪᠡᠯᠡ ᠮᠥᠩᠭᠦ 3209 ᠲᠦᠮᠡᠨ ᠲᠥᠭᠦᠷᠢᠭ ᠲᠠᠷᠬᠠᠭᠠᠵᠤ᠂ ︽ᠠᠷᠤᠨ ᠬᠥᠪᠡᠭᠦᠳ ᠠᠴᠠ ᠠᠷᠤᠨ ᠢ ᠬᠠᠷᠠᠬᠤ︾ ᠵᠡᠷᠭᠡ ᠲᠤᠰᠬᠠᠢ ᠰᠡᠳᠦᠪᠲᠦ ᠤᠷᠢᠨ ᠡᠯᠰᠡᠬᠦ ᠬᠤᠷᠠᠯ 8 ᠲᠠᠯᠠᠪᠤᠷ ᠶᠠᠪᠤᠭᠳᠠᠵᠤ᠂ ᠠᠷᠰᠠᠷ ᠠᠵᠢᠯ ᠤᠨ ᠵᠠᠬ᠎ᠠ ᠳᠡᠯᠭᠡᠭᠦᠷ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠬᠤᠲᠠ ᠪᠠᠯᠭᠠᠰᠤᠨ ᠤ 823 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠵᠢᠯ ᠤᠨ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ ᠬᠦᠴᠦᠲᠡᠶ ᠪᠣᠯᠪᠠ᠃ ᠠᠰᠠᠷᠠᠨ ᠬᠠᠷᠠᠭᠠᠯᠵᠠᠬᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠠᠪᠤᠷᠠᠨ ᠲᠤᠰᠠᠯᠠᠬᠤ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠵᠡᠷᠭᠡ ᠪᠡᠯᠡ ᠮᠥᠩᠭᠦ ᠶᠢ 1 . 37 ᠳ᠋ᠦᠩᠰᠢᠭᠤᠷ ᠲᠥᠭᠦᠷᠢᠭ ᠲᠠᠷᠬᠠᠭᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠡᠶᠢᠭᠡᠮ ᠤᠨ ᠳᠠᠭᠠᠳᠬᠠᠯ ᠤᠨ ᠬᠠᠤᠯᠢ ᠪᠠᠷ ᠲᠣᠭᠲᠠᠭᠠᠭᠰᠠᠨ ᠬᠥᠮᠦᠰ ᠢ ᠨᠡᠶᠢᠳᠡᠮ ᠬᠠᠮᠤᠷᠪᠠ᠃ ︽ᠠᠷᠠᠳ ᠤᠨ ᠶᠠᠪᠤᠳᠠᠯ ᠤᠨ ᠭᠤᠷᠪᠠᠨ ᠬᠦᠷᠢᠶᠡᠯᠡᠩ︾ ᠢ ᠪᠦᠬᠦ ᠲᠠᠯ᠎ᠠ ᠪᠠᠷ ᠪᠠᠶᠢᠭᠤᠯᠵᠤ ᠳᠠᠭᠤᠰᠬᠠᠨ᠂ ᠨᠠᠰᠤᠲᠠᠶᠢᠴᠤᠳ ᠲᠤ ᠦᠢᠯᠡᠴᠢᠯᠡᠬᠦ 8 ᠲᠥᠪ᠂ ᠨᠠᠰᠤᠲᠠᠶᠢᠴᠤᠳ ᠲᠤ ᠦᠢᠯᠡᠴᠢᠯᠡᠬᠦ 24 ᠥᠷᠲᠡᠭᠡ ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ 4 ᠠᠵᠢᠯᠯᠠᠬᠤ ᠥᠷᠲᠡᠭᠡ ᠶᠢᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠴᠠᠯᠢᠩ ᠥᠷᠢᠲᠦᠭᠰᠡᠨ 218 ᠰᠦᠪᠡᠭᠴᠢ ᠬᠡᠷᠡᠭ ᠢ ᠪᠦᠬᠦᠨ ᠢ ᠰᠢᠶ᠋ᠳᠪᠦᠷᠢᠯᠡᠨ ᠳᠠᠭᠤᠰᠬᠠᠵᠤ᠂ 231 ᠬᠥᠳᠡᠯᠮᠦᠷᠢᠴᠢᠨ ᠳᠤ ᠴᠠᠯᠢᠩ ᠥᠷᠢᠲᠦᠭᠰᠡᠨ 347 . 56 ᠲᠦᠮᠡᠨ ᠲᠥᠭᠦᠷᠢᠭ ᠢ ᠨᠡᠬᠡᠮᠵᠢᠯᠡᠨ ᠠᠪᠴᠢᠷᠠᠪᠠ᠃ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ 63 ᠢᠯᠡ ᠪᠠᠷ ᠤᠷᠢᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠡᠦᠬᠡᠳ ᠤᠨ ᠴᠡᠴᠡᠷᠯᠢᠭ ᠤᠨ ᠪᠠᠭᠰᠢ ᠶᠢ 42 ᠡᠯᠰᠡᠵᠦ᠂ ᠪᠠᠭᠰᠢ ᠶᠢᠨ ᠬᠦᠴᠦᠨ ᠢ ᠤᠯᠠᠮ ᠲᠡᠭᠦᠯᠳᠡᠷᠵᠢᠭᠦᠯᠦᠨ᠎ᠡ᠃ ᠸᠠᠩ ᠵᠢᠶᠧ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠲᠠᠪᠤᠳᠤᠭᠠᠷ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠢ ᠬᠤᠭᠤᠴᠠᠭ᠎ᠠ ᠶᠣᠰᠣᠭᠠᠷ ᠪᠠᠶᠢᠭᠤᠯᠤᠨ ᠳᠠᠭᠤᠰᠬᠠᠵᠤ᠂ ᠳᠥᠷᠪᠡᠳᠦᠭᠡᠷ ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠤᠨ᠂ ᠲᠡᠦᠬᠡᠨ ᠠᠴᠠ ᠦᠯᠡᠳᠡᠭᠳᠡᠵᠦ ᠢᠷᠡᠭᠰᠡᠨ 31 ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠥᠭᠡᠷᠡᠴᠢᠯᠡᠯᠲᠡ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠴᠤ᠂ ᠵᠢᠭᠠᠨ ᠰᠤᠷᠭᠠᠯᠲᠠ ᠶᠢᠨ ᠨᠥᠬᠦᠴᠡᠯ ᠲᠣᠭᠲᠠᠭᠤᠨ ᠢᠶᠠᠷ ᠳᠡᠭᠡᠭᠰᠢᠯᠡᠪᠡ᠃ ᠡᠷᠡᠭᠦᠯ ᠡᠩᠬᠡ ᠠᠷᠤᠨ ᠯᠠᠪᠳᠠᠭᠤᠨ ᠢᠶᠠᠷ ᠠᠬᠢᠪᠠ ᠃ ᠬᠤᠰᠢᠭᠤᠨ ᠤ ᠠᠴᠠ ᠰᠢᠭᠤᠳ ᠬᠠᠷᠢᠶ᠎ᠠ ᠬᠤᠶᠠᠷ ᠡᠮᠨᠡᠯᠭᠡ ᠶᠢᠨ ᠬᠤᠷᠢᠶ᠎ᠠ ᠶᠢ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ ᠡᠮᠨᠡᠭᠦᠯᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠷᠠᠳ ᠤᠨ ᠡᠮᠨᠡᠯᠭᠡ ᠶᠢᠨ ᠬᠤᠷᠢᠶᠠᠨ ᠤ ︽ᠲᠠᠪᠤᠨ ᠶᠡᠭᠡ ᠲᠥᠪ︾ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ︽ᠨᠢᠭᠡ ᠴᠠᠭ ᠤᠨ ᠲᠦᠷᠭᠡᠨ ᠠᠪᠤᠷᠠᠯᠳᠠ ᠶᠢᠨ ᠲᠣᠭᠤᠷᠢᠭ︾ ᠤᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠳᠡᠭᠡᠭᠰᠢᠯᠡᠭᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠵᠢᠷᠦᠬᠡᠨ ᠡᠪᠡᠳᠴᠢᠨ ᠤ ᠰᠠᠯᠠᠭ᠎ᠠ᠂ ᠲᠠᠷᠢᠬᠢᠨ ᠤ ᠡᠪᠡᠳᠴᠢᠨ ᠤ ᠰᠠᠯᠠᠭ᠎ᠠ ᠵᠡᠷᠭᠡ ᠳᠠᠪᠠᠭᠤᠯᠢᠭ ᠲᠤᠰᠬᠠᠶ ᠰᠠᠯᠠᠭᠠᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠵᠦ᠂ ︽ᠮᠣᠩᠭᠤᠯ ᠡᠮᠨᠡᠯᠭᠡ ᠶᠢᠨ ᠪᠡᠶ᠎ᠡ ᠰᠡᠳᠬᠢᠯ ᠤᠨ ᠦᠶ᠋ᠯᠡᠳᠦᠯᠴᠡᠯ ᠤᠨ ᠵᠠᠰᠠᠯᠭ᠎ᠠ︾ ᠶᠢ ᠠᠮᠵᠢᠯᠲᠠᠲᠠᠶ ᠣᠷᠣᠭᠤᠯᠤᠨ ᠠᠪᠴᠢᠷᠠᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠢ ᠳᠡᠯᠭᠡᠷᠡᠭᠦᠯᠬᠦ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠳᠥᠷᠪᠡᠳᠡᠬᠢ ᠤᠳᠠᠭᠠᠨ ᠤ ᠳᠠᠬᠢᠨ ᠬᠢᠨᠠᠯᠲᠠ ᠪᠠ ᠦᠨᠡᠯᠡᠨ ᠵᠢᠱᠢᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠶᠠᠳᠦ᠋ᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠥᠪᠡᠷᠲᠡᠭᠡᠨ ᠵᠠᠰᠠᠬᠤ ᠣᠷᠣᠨ ᠠᠴᠠ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠠᠷ ᠵᠥᠪᠰᠢᠶᠡᠷᠡᠪᠡ᠃ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠢ ᠡᠭᠦᠳᠡᠨ ᠡᠮᠨᠡᠯᠭᠡ ᠳᠤ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠵᠦ᠂ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ᠶᠢ ᠬᠠᠭᠠᠰ ᠢᠶᠠᠷ ᠪᠠᠭᠠᠰᠬᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠬᠤᠰᠢᠭᠤᠨ ᠤ ᠲᠣᠰᠬᠤᠨ ︵ᠨᠡᠶᠢᠭᠡᠮ ᠲᠣᠭᠤᠷᠢᠭ︶ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠡᠭ ᠤᠨ ᠪᠦᠷᠬᠦᠴᠡ ᠶᠢᠨ ᠨᠣᠷᠮ᠎ᠠ ᠶᠢ 100 % ᠳᠤ ᠬᠦᠷᠭᠡᠨ᠎ᠡ᠃ ᠰᠣᠶᠣᠯ ᠲᠠᠮᠢᠷ ᠤᠨ ᠦᠢᠯᠡᠰ ᠴᠡᠴᠡᠭᠯᠡᠨ ᠬᠥᠭᠵᠢᠪᠡ᠃ ᠠᠷᠤᠨ ᠰᠣᠶᠣᠯ ᠤᠨ ᠡᠭᠦᠳᠦᠯᠲᠡ ᠶᠢᠨ IP ᠳᠦᠷᠢ ᠲᠥᠷᠬᠦ ᠶᠢ ᠵᠢᠩᠬᠢᠨᠢ ᠪᠠᠷ ᠡᠬᠢᠯᠡᠨ ᠬᠡᠷᠡᠭᠯᠡᠵᠦ᠂ ᠰᠣᠶᠣᠯ ᠤᠨ ᠡᠭᠦᠳᠦᠯᠲᠡ ᠶᠢᠨ ᠲᠥᠪ ᠤᠨ ᠦᠵᠡᠭᠦᠯᠦᠯᠭᠡ ᠶᠢ ᠳᠠᠭᠤᠰᠬᠠᠵᠤ᠂ ᠤᠯᠤᠰ ᠤᠨ ᠭᠤᠷᠪᠠᠳᠤᠭᠠᠷ ᠳᠡᠰ ᠤᠨ ᠨᠣᠮ ᠤᠨ ᠰᠠᠩ ᠢ ᠠᠮᠵᠢᠯᠲᠠ ᠲᠠᠢ ᠡᠭᠦᠳᠦᠨ ᠪᠠᠶᠢᠭᠤᠯᠵᠤ᠂ ᠲᠠᠩ ᠸᠠᠩ ᠭᠸᠤ ᠲᠣᠰᠬᠤᠨ ︽ᠪᠦᠬᠦ ᠤᠯᠤᠰ ᠤᠨ ᠬᠠᠮᠤᠭ ᠤᠨ ᠭᠤᠶᠤ ᠲᠠᠯ᠎ᠠ ᠨᠤᠲᠤᠭ ᠤᠨ ᠨᠣᠮ ᠤᠨ ᠦᠷᠦᠭᠡ︾ ᠪᠠᠷ ᠰᠣᠩᠭᠤᠭᠳᠠᠵᠠᠢ᠃ ᠬᠤᠪᠢᠰᠬᠠᠯ ᠤᠨ ᠠᠩᠬᠠᠨ ᠤ ᠵᠣᠬᠢᠶᠠᠨ ᠪᠦᠲᠦᠭᠡᠯᠭᠡ ᠶᠢᠨ ᠦᠵᠡᠭᠳᠡᠯᠲᠦ ᠵᠦᠴᠦᠭᠡ ︽ᠴᠢᠰᠤ ᠤᠷᠤᠰᠬᠠᠨ ᠬᠢᠩᠭᠠᠨ︾ ᠢ ᠲᠣᠭᠲᠠᠭᠰᠠᠨ ᠬᠤᠭᠤᠴᠠᠭᠠᠨ ᠳᠠᠭᠠᠨ ᠲᠣᠭᠯᠠᠵᠤ᠂ ᠵᠠᠯᠠᠭᠤ ᠳᠠᠭᠤᠴᠢᠳ ᠤᠨ ᠤᠷᠤᠯᠳᠤᠭᠠᠨ᠂ ︽ᠮᠥᠰᠥ ᠴᠠᠰᠤᠨ ᠤ ᠪᠠᠶᠠᠷ︾ ᠵᠡᠷᠭᠡ ᠠᠵᠢᠯᠯᠠᠭ᠎ᠠ ᠵᠠᠯᠭᠠᠭ᠎ᠠ ᠪᠠᠷ ᠶᠠᠪᠤᠭᠳᠠᠵᠤ᠂ ︽ᠲᠣᠰᠬᠤᠨ ᠤ BA︾ ᠬᠥᠷ ᠬᠥᠭᠵᠢᠶᠡᠨᠲᠡᠶ ᠪᠠᠷ ᠤᠷᠤᠯᠳᠤᠭᠠᠨ ᠡᠬᠢᠯᠡᠵᠦ᠂ ︽ᠲᠣᠰᠬᠤᠨ ᠤ ᠮᠣᠷᠢ︾ ᠣᠷᠭᠢᠯᠤᠮ᠎ᠠ ᠰᠡᠳᠬᠢᠯᠭᠡ ᠪᠠᠷ ᠳᠠᠪᠬᠢᠵᠤ᠂ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠨᠠᠩ ᠪᠠᠶᠠᠯᠢᠭ ᠰᠠᠶᠢᠬᠠᠨ ᠪᠣᠯᠪᠠ᠃ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ᠃ ᠵᠠᠷᠭᠤ ᠶᠢᠨ ᠪᠤᠰᠤ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠤᠨ 995 ᠬᠤᠪᠢ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠶᠢ ᠪᠠᠷᠢᠮᠲᠠᠯᠠᠨ ᠬᠥᠭᠵᠢᠭᠦᠯᠵᠦ᠂ ᠭᠤᠤᠯᠳᠠᠯᠭ᠎ᠠ ᠲᠠᠢ ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠲᠥᠪ ᠲᠠᠢ ᠬᠠᠮᠲᠤᠷᠠᠨ ᠰᠢᠢᠳᠪᠦᠷᠢᠯᠡᠬᠦ᠂ ᠥᠪᠡᠷᠲᠡᠭᠡᠨ ᠵᠠᠰᠠᠬᠤ ᠣᠷᠣᠨ ᠤ ᠬᠠᠮᠲᠤᠷᠠᠭᠰᠠᠨ ᠰᠢᠢᠳᠪᠦᠷᠢᠯᠡᠬᠦ ᠪᠠ ᠲᠤᠰᠢᠶᠠᠨ ᠰᠢᠶ᠋ᠳᠪᠦᠷᠢᠯᠡᠭᠦᠯᠬᠦ ᠶᠢ ᠪᠦᠬᠦᠨ ᠢ ᠰᠢᠶ᠋ᠳᠪᠦᠷᠢᠯᠡᠪᠡ᠃ ︽ᠬᠤᠯᠠᠭᠠᠶᠢᠯᠠᠬᠤ ᠪᠤᠯᠢᠶᠠᠬᠤ ᠮᠡᠬᠡᠯᠡᠬᠦ︾᠂ ︽ᠱᠠᠯᠢᠭ ᠵᠠᠪᠬᠠᠶ ᠵᠣᠭᠤᠰ ᠮᠥᠷᠦ᠋ᠢᠴᠡᠬᠦ ᠬᠤᠤᠷ ᠲᠠᠲᠠᠬᠤ︾᠂ ︽ᠴᠠᠬᠢᠯᠭᠠᠨ ᠬᠤᠯᠪᠣᠭ᠎ᠠ ᠪᠠᠷ ᠮᠡᠬᠡᠯᠡᠬᠦ︾ ᠵᠡᠷᠭᠡ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠦᠷᠭᠦᠯᠵᠢᠯᠡᠨ ᠰᠠᠶᠢᠵᠢᠷᠠᠪᠠ᠃ ᠬᠦᠨᠳᠦ ᠶᠡᠭᠡ ᠠᠳᠡᠯ ᠤᠨ ᠳᠠᠯᠳᠠ ᠭᠡᠮ ᠢ ᠲᠤᠰᠬᠠᠶ ᠵᠦᠢᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠢᠯᠡᠷᠬᠡᠶ ᠠᠮᠵᠢᠯᠲᠠ ᠣᠯᠵᠤ᠂ ᠪᠦᠬᠦ ᠵᠢᠯ ᠳᠤ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠠᠶᠤᠯ ᠦᠭᠡᠶ ᠶᠢᠨ ᠠᠳᠡᠯ ᠭᠠᠷᠤᠭᠰᠠᠨ ᠦᠭᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠠᠢ᠂ ᠬᠥᠯᠥᠨ ᠪᠦᠷ ᠬᠤᠲᠠ ᠶᠢᠨ ᠪᠦᠬᠦ ᠤᠯᠤᠰ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ 2 ᠨᠢᠭᠡᠴᠡ ᠥᠪᠡᠷᠲᠡᠭᠡᠨ ᠵᠠᠰᠠᠬᠤ ᠣᠷᠣᠨ ᠤ ᠲᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠵᠦ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ ᠬᠥᠮᠦᠰ ᠤᠨ ᠰᠡᠳᠬᠢᠯ ᠳᠤ ᠨᠠᠩ ᠭᠦᠨ ᠬᠠᠳᠠᠩᠰᠢᠪᠠ᠃ ᠡᠭᠦᠨ ᠠᠴᠠ ᠭᠠᠳᠠᠨ᠎ᠠ᠂ ᠴᠠᠭ ᠠᠭᠤᠷ᠂ ᠬᠤᠶᠠᠷ ᠢ ᠬᠦᠷᠢᠶᠡᠯᠡᠬᠦ᠂ ᠲᠤᠭ᠎ᠠ ᠪᠦᠷᠢᠳᠬᠡᠯ᠂ ᠬᠢᠨᠠᠨ ᠪᠤᠳᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠠᠩᠭᠠᠨ ᠪᠣᠷᠣᠯᠠᠭᠤᠯᠭ᠎ᠠ ᠵᠡᠷᠭᠡ ᠠᠵᠢᠯ ᠰᠢᠨ᠎ᠡ ᠦᠷ᠎ᠡ ᠪᠦᠲᠦᠮᠵᠢ ᠣᠯᠵᠤ᠂ ᠠᠵᠢᠯᠴᠢᠨ ᠤ ᠡᠪᠯᠡᠯ᠂ ᠨᠠᠰᠤᠲᠠᠶᠢᠴᠤᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠡᠮᠡᠭᠲᠡᠶᠢᠴᠦᠳ ᠬᠡᠦᠬᠡᠳ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠦᠢᠯᠡᠰ ᠰᠢᠨ᠎ᠡ ᠬᠥᠭᠵᠢᠯᠲᠡ ᠲᠠᠢ ᠪᠣᠯᠪᠠ᠃      ᠨᠢᠭᠡ ᠵᠢᠯ ᠳᠤ ᠪᠣᠯᠭᠤᠮᠵᠢᠲᠠᠢ ᠠᠵᠢᠯᠯᠠᠵᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠬᠢ ᠶᠢ ᠢᠯᠡᠳᠲᠡ ᠳᠡᠭᠡᠭᠰᠢᠯᠡᠭᠦᠯᠵᠦ᠂ ︽ᠠᠷᠤᠨ ᠡᠭᠦᠷᠭᠡᠯᠡᠯ︾ ᠢ ᠦᠨᠡᠨ ᠬᠦ ᠢᠯᠡᠷᠡᠭᠦᠯᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ︽ᠨᠢᠭᠡᠳᠦᠭᠡᠷ ᠵᠥᠪᠯᠡᠬᠦ ᠰᠡᠳᠦᠪ︾ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠤᠨ ᠰᠤᠷᠤᠯᠴᠠᠯᠭ᠎ᠠ ᠪᠠᠷ ᠰᠥᠭ ᠰᠦᠨᠡᠰᠦ ᠪᠠᠨ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢᠶᠠᠨ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ ᠶᠢ ᠪᠦᠲᠦᠮᠵᠢᠲᠡᠶ ᠬᠥᠲᠥᠯᠥᠨ ᠳᠠᠭᠠᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠴᠢᠬᠤᠯᠠ ᠶᠡᠭᠡ ᠤᠴᠢᠷ ᠶᠠᠪᠤᠳᠠᠯ ᠢ ᠬᠤᠰᠢᠭᠤᠨ ᠤ ᠨᠠᠮ ᠤᠨ ᠬᠤᠷᠢᠶᠠᠨ ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠪᠠ ᠨᠡᠶᠢᠭᠡᠮ ᠤᠨ ᠢᠯᠡ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 87 ᠵᠤᠷᠪᠤᠰ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ 105 ᠬᠤᠪᠢ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠪᠡ᠃ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠬᠤ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ︽ᠵᠠᠰᠠᠭ ᠤᠨ ᠣᠷᠳᠣᠨ ᠤ ᠠᠵᠢᠯ ᠤᠨ ᠲᠦᠷᠢᠮ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ︽ᠭᠤᠷᠪᠠᠨ ᠴᠢᠬᠤᠯᠠ ᠨᠢᠭᠡ ᠶᠡᠭᠡ︾ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠲᠠᠰᠤᠷᠠᠯᠲᠠ ᠥᠬᠡᠶ ᠰᠢᠯᠢᠳᠡᠭᠵᠢᠵᠦ᠂ ︽ᠨᠠᠶ᠋ᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠳᠤᠮᠳᠠ ᠬᠤᠭᠤᠴᠠᠭᠠᠨ ᠤ ᠰᠢᠯᠭᠠᠨ ᠪᠠᠶᠢᠴᠠᠭᠠᠯᠲᠠ ᠳᠤ ᠪᠠᠲᠤᠯᠠᠭᠳᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠣᠷᠮ᠎ᠠ 100 % ᠳᠤ ᠬᠦᠷᠴᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠦᠷᠭᠦᠯᠵᠢᠯᠡᠨ ᠳᠡᠭᠡᠭᠰᠢᠯᠡᠪᠡ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠡᠷᠡᠰ ᠭᠦᠢᠴᠡᠳᠭᠡᠵᠦ᠂ ᠲᠥᠪ ᠤᠨ ᠨᠠᠶ᠋ᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠡᠯ᠎ᠡ ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠶ᠋ᠴᠡᠳᠬᠡᠬᠦ᠂ ᠲᠤᠰᠬᠠᠶ ᠬᠢᠨᠠᠨ ᠪᠤᠳᠤᠯᠲᠠ ᠬᠢᠬᠦ ᠳᠤ ᠢᠳᠡᠪᠬᠢᠲᠡᠶ ᠬᠠᠮᠵᠢᠯᠴᠠᠵᠤ᠂ ᠡᠯ᠎ᠡ ᠲᠥᠷᠥᠯ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ︽ᠲᠤᠯᠤᠭᠠᠨ ᠲᠠᠶᠠᠭᠳᠠᠬᠤ︾ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠣᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠬᠢᠨ ᠬᠡᠯᠡᠪᠡᠯ ᠭᠦᠢᠴᠡᠳᠭᠡᠵᠦ᠂ ᠳᠠᠷᠤᠶ ᠲᠦᠷᠭᠡᠨ ᠬᠢᠬᠦ ᠶᠢ ᠬᠡᠪ ᠤᠨ ᠪᠠᠶᠢᠳᠠᠯ ᠪᠣᠯᠭᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠬᠦ ᠶᠢ ᠬᠡᠪ ᠵᠠᠩᠰᠢᠯ ᠪᠣᠯᠭᠠᠵᠤ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠪᠠ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃      ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠪᠢᠳᠡᠨ ᠳᠤ ᠲᠤᠯᠭᠠᠷᠠᠭᠰᠠᠨ ᠳᠠᠷᠤᠯᠲᠠ ᠤᠷᠢᠳ ᠡᠮᠦᠨ᠎ᠡ ᠪᠠᠢᠭ᠎ᠠ ᠦᠭᠡᠢ᠂ ᠬᠦᠴᠢᠷᠳᠡᠯ ᠲᠥᠰᠦᠭᠡᠯᠡᠯ ᠠᠴᠠ ᠳᠠᠪᠠᠵᠠᠢ᠂ ᠠᠵᠤ ᠠᠬᠤᠢ ᠲᠦᠷᠭᠡᠨ ᠰᠡᠷᠭᠦᠵᠦ ᠪᠠᠢᠭ᠎ᠠ ᠵᠠᠩᠭᠢᠯᠠᠭ᠎ᠠ ᠶᠢᠨ ᠣᠶᠢᠶ᠎ᠠ ᠳᠤ᠂ ᠥᠷᠢ ᠥᠭᠴᠡᠭᠡ ᠠᠷᠢᠯᠭᠠᠬᠤ ᠲᠥᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠰᠢᠳᠦ ᠪᠠᠨ ᠵᠠᠭᠤᠵᠤ᠂ ᠬᠥᠷᠥᠩᠭᠡ ᠪᠠᠨ ᠪᠠᠯᠪᠠᠴᠢᠨ ᠲᠡᠮᠦᠷ ᠬᠤᠳᠠᠯᠳᠤᠵᠤ᠂ ᠪᠦᠬᠦ ᠬᠤᠲᠠ ᠶᠢᠨ ᠲᠤᠭ᠎ᠠ ᠬᠠᠮᠤᠭ ᠠᠷᠪᠢᠨ᠂ ᠬᠦᠴᠢᠷᠳᠡᠯ ᠬᠠᠮᠤᠭ ᠶᠡᠭᠡ᠂ ᠭᠤᠣᠯ ᠴᠣᠭᠴᠠ ᠬᠠᠮᠤᠭ ᠪᠤᠳᠤᠯᠢᠶᠠᠨᠲᠠᠢ ᠥᠷᠢ ᠥᠭᠴᠡᠭᠡ ᠠᠷᠢᠯᠭᠠᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠠᠵᠤ ᠠᠬᠤᠶᠢᠯᠠ ᠳᠤ ᠥᠷᠢᠲᠦᠵᠦ ᠪᠠᠢᠭ᠎ᠠ ᠵᠥᠷᠢᠴᠡᠯ ᠦᠭᠡᠢ 20 . 79 ᠳ᠋ᠦᠩᠰᠢᠭᠤᠷ ᠲᠥᠭᠦᠷᠢᠭ ᠤᠨ ᠥᠷᠢ ᠥᠭᠴᠡᠭᠡ ᠶᠢ ᠤᠷᠢᠳ ᠬᠤᠵᠢᠳ ᠲᠥᠯᠥᠵᠦ ᠳᠠᠭᠤᠰᠬᠠᠨ᠂ ᠵᠠᠰᠠᠭ ᠣᠨ ᠣᠷᠳᠣᠨ ᠤ ᠳᠠᠯᠳᠠ ᠥᠷᠢ ᠥᠭᠴᠡᠭᠡ ᠶᠢ 5 . 14 ᠳ᠋ᠦᠩᠰᠢᠭᠤᠷ ᠲᠥᠭᠦᠷᠢᠭ ᠠᠷᠢᠯᠭᠠᠵᠤ᠂ ᠥᠷᠢᠲᠦᠵᠦ ᠪᠠᠢᠭ᠎ᠠ ᠲᠠᠪᠴᠠᠩ ᠣᠨ ᠥᠷᠢᠲᠦᠵᠦ ᠪᠠᠢᠭ᠎ᠠ ᠠᠵᠤ ᠠᠬᠤᠶᠢᠯᠠ ᠳᠤ ᠥᠷᠢᠲᠦᠵᠦ ᠪᠠᠢᠭ᠎ᠠ ᠥᠷᠢ ᠥᠭᠴᠡᠭᠡ ᠶᠢ 1 . 4 ᠳ᠋ᠦᠩᠰᠢᠭᠤᠷ ᠲᠥᠭᠦᠷᠢᠭ ᠲᠥᠯᠥᠵᠦ ᠳᠠᠭᠤᠰᠬᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠬᠦ᠃      ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ᠂ ᠪᠢᠳᠡᠨ ᠤ ᠥᠩᠭᠡᠷᠡᠭᠦᠯᠦᠭᠰᠡᠨ ᠶᠡᠭᠡ ᠶᠠᠪᠤᠳᠠᠯ ᠴᠢᠬᠤᠯᠠ ᠶᠠᠪᠤᠳᠠᠯ ᠳᠠᠪᠬᠤᠴᠠᠪᠠ᠂ ᠪᠠᠴᠢᠮ ᠶᠠᠪᠤᠳᠠᠯ ᠬᠦᠴᠢᠷ ᠶᠠᠪᠤᠳᠠᠯ ᠰᠣᠯᠪᠢᠴᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠴᠢᠬᠤᠯᠠ ᠪᠣᠭᠤᠮᠲᠠ ᠳᠡᠭᠡᠷ᠎ᠡ᠂ ᠬᠥᠭᠵᠢᠯᠲᠡ ᠶᠢᠨ ᠴᠢᠭᠯᠡᠯ ᠢᠶᠠᠨ ᠪᠠᠲᠤᠳᠬᠠᠬᠤ᠂ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠭ᠋ᠤ᠂ 8600 ᠭᠠᠷᠤᠶ ᠲᠦᠮᠡᠨ ᠲᠥᠭᠦᠷᠢᠭ ᠪᠠᠯᠠ ᠣᠷᠣᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠪᠠ᠂ ᠭᠠᠯ ᠤᠨᠲᠠᠷᠠᠭᠠᠬᠤ ᠲᠤᠰᠬᠠᠶ ᠦᠢᠯᠡᠴᠢᠯᠡᠭᠡᠨ ᠤ ᠥᠷᠲᠡᠭᠡ᠂ ᠪᠢᠲᠡᠭᠦᠮᠵᠢᠯᠡᠭᠰᠡᠨ ᠬᠠᠮᠢᠶᠠᠷᠤᠯᠲᠠ᠂ ᠭᠠᠯ ᠤᠨᠲᠠᠷᠠᠭᠠᠬᠤ ᠬᠤᠭᠤᠯᠠᠶ ᠶᠢᠨ ᠲᠤᠤᠷ ᠵᠢᠴᠢ ᠭᠠᠯ ᠤᠨᠲᠠᠷᠠᠭᠠᠬᠤ ᠪᠡᠯᠡᠳᠬᠡᠮᠵᠢ ᠵᠡᠷᠭᠡ ᠨᠢᠭᠡ ᠪᠦᠯᠦᠭ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠳᠤ ᠬᠤᠯᠪᠣᠭᠳᠠᠬᠤ ᠵᠠᠩᠭᠢᠯᠠᠭ᠎ᠠ ᠶᠢᠨ ᠲᠥᠷᠥᠯ ᠵᠦᠢᠯ ᠢ ︽ᠲᠤᠬᠠᠶ ᠶᠢᠨ ᠵᠢᠯ ᠳᠤ ᠲᠥᠷᠥᠯ ᠵᠦᠢᠯ ᠲᠣᠭᠲᠠᠭᠠᠬᠤ ᠶᠢ ᠪᠡᠶᠡᠯᠡᠭᠦᠯᠦᠨ᠎ᠡ᠂ ᠲᠤᠰ ᠵᠢᠯ ᠤᠨ ᠪᠦᠲᠦᠭᠡᠨ ᠪᠠᠶᠢᠭᠤᠯᠤᠯᠲᠠ᠂ ᠲᠤᠰ ᠵᠢᠯ ᠳᠤᠨᠢ ᠠᠰᠢᠭᠯᠠᠯᠲᠠ ᠳᠤ ᠣᠷᠣᠭᠤᠯᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠯᠠᠨ ᠡᠰᠢᠲᠦ ᠬᠥᠭᠵᠢᠯᠲᠡ ᠶᠢ ᠪᠦᠲᠦᠮᠵᠢᠲᠡᠶ ᠪᠠᠬᠢᠵᠢᠭᠦᠯᠪᠡ᠂ ᠪᠦᠬᠦ ᠲᠠᠯ᠎ᠠ ᠪᠠᠷ ᠬᠦᠴᠦᠯᠡᠬᠦ ᠠᠴᠢᠶᠠᠯᠠᠪᠤᠷᠢ ᠶᠢᠨ ᠰᠠᠭᠤᠷᠢ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠰᠠᠭᠤᠷᠢᠰᠢᠭᠤᠯᠪᠠ᠂ ᠭᠠᠷᠤᠯᠲᠠ ᠪᠠᠨ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠥᠯᠥᠭᠡᠢ᠃      ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠪᠢᠳᠡᠨ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠲᠠᠰᠤᠷᠠᠯᠲᠠ ᠦᠭᠡᠢ ᠭᠠᠷᠴᠤ᠂ ᠲᠡᠮᠡᠴᠡᠯ ᠪᠡᠷᠬᠡ ᠬᠠᠲᠠᠭᠤᠵᠢᠯᠲᠠᠢ ᠪᠠᠶᠢᠵᠤ᠂ ᠲᠠᠪᠠᠯᠲᠠᠳᠦ ᠬᠥᠭᠵᠢᠯᠲᠡ ᠶᠢ ᠬᠥᠭᠡᠭᠡᠵᠦ ᠭᠦᠢᠴᠡᠨ ᠳᠠᠪᠠᠭ᠋ᠤ ᠵᠠᠩᠭᠢᠯᠠᠭ᠎ᠠ ᠶᠢᠨ ᠦᠶ᠎ᠡ ᠳᠤ᠂ ᠤᠰᠤᠨ ᠳᠤᠰᠤᠯ ᠴᠢᠯᠠᠭᠤ ᠶᠢ ᠴᠤᠭᠤᠯᠬᠤ᠂ ᠳᠡᠭᠡᠰᠦ ᠶᠢ ᠬᠢᠷᠥᠭᠡᠳᠡᠵᠦ ᠮᠣᠳᠣ ᠶᠢ ᠣᠭᠲᠣᠯᠬᠤ ᠬᠠᠳᠠᠨ ᠵᠣᠷᠢᠭ ᠢᠶᠠᠷ᠂ ᠭᠤᠴᠢ ᠭᠠᠷᠤᠢ ᠵᠢᠯ ᠦᠷᠭᠦᠯᠵᠢᠯᠡᠵᠦ᠂ 32 ᠲᠦᠮᠡᠨ ᠠᠷᠤᠨ ᠦᠨᠳᠦᠰᠦᠲᠡᠨ ᠤ ᠠᠷᠠᠳ ᠲᠦᠮᠡᠨ ᠤ ᠬᠠᠯᠠᠭᠤᠨ ᠢᠶᠠᠷ ᠬᠦᠰᠡᠨ ᠬᠦᠯᠢᠶᠡᠵᠦ ᠪᠠᠶᠢᠭᠰᠠᠨ ᠰᠢᠶᠤᠤ ᠴᠢ ᠽᠢ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢ 2024 ᠣᠨ ᠤ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠭᠤᠣᠯᠳᠠᠯᠭ᠎ᠠ ᠲᠠᠢ ᠳᠡᠮᠵᠢᠬᠦ ᠤᠰᠤᠨ ᠠᠰᠢᠭᠯᠠᠯᠲᠠ ᠶᠢᠨ ᠲᠦᠷᠦᠯ ᠵᠦᠢᠯ ᠤᠨ ᠬᠡᠪᠴᠢᠶᠡᠨ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠶᠢᠨ ᠥᠷ ᠤᠨ ᠲᠤᠶᠠᠭ᠎ᠠ ᠶᠢ ᠤᠭᠲᠤᠨ ᠠᠪᠴᠢᠷᠠᠵᠤ᠂ ᠥᠩᠭᠡᠷᠡᠭᠰᠡᠨ ᠳᠤ ᠬᠢᠬᠦ ᠭᠡᠰᠡᠨ ᠪᠣᠯᠪᠠᠴᠤ ᠬᠢᠵᠦ ᠳᠡᠶᠢᠯᠦᠭᠡᠳᠦᠢ ᠪᠠᠶᠢᠭᠰᠠᠨ ᠨᠢᠭᠡ ᠪᠦᠯᠦᠭ ᠶᠡᠭᠡ ᠶᠠᠪᠤᠳᠠᠯ ᠢ ᠦᠨᠡᠨ ᠬᠦ ᠪᠦᠲᠦᠭᠡᠵᠦ᠂ ᠤᠷᠲᠤ ᠬᠤᠭᠤᠴᠠᠭ᠎ᠠ ᠪᠠᠷ ᠰᠢᠢᠳᠪᠦᠷᠢᠯᠡᠬᠦ ᠭᠡᠰᠡᠨ ᠪᠣᠯᠪᠠᠴᠤ ᠰᠢᠢᠳᠪᠦᠷᠢᠯᠡᠭᠡᠳᠦᠢ ᠪᠠᠶᠢᠭᠰᠠᠨ ᠨᠢᠭᠡ ᠪᠦᠯᠦᠭ ᠬᠦᠴᠢᠷ ᠠᠰᠠᠭᠤᠳᠠᠯ ᠢ ᠰᠢᠢᠳᠪᠦᠷᠢᠯᠡᠪᠡ᠃      ᠲᠥᠯᠥᠭᠡᠯᠡᠭᠴᠢᠳ ᠡ︕ ᠥᠩᠭᠡᠷᠡᠭᠰᠡᠨ ᠨᠢᠭᠡ ᠵᠢᠯ ᠳᠤ᠂ ᠪᠢᠳᠡ ᠪᠣᠳᠠᠲᠠᠶ ᠠᠵᠢᠯᠯᠠᠨ ᠯᠠᠪᠳᠠᠭᠤᠨ ᠪᠠᠲᠤᠲᠠᠶ ᠤᠷᠤᠭᠰᠢᠯᠠᠵᠤ᠂ ᠬᠦᠴᠦ ᠬᠥᠯᠥᠰᠥ ᠪᠠᠷ ᠢᠶᠠᠨ ᠤᠰᠤᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠷᠠᠭᠤ ᠠᠯᠳᠠᠷ ᠣᠯᠵᠤ᠂ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠤᠷᠢᠳ ᠬᠤᠵᠢᠳ ᠪᠥᠬᠦ ᠤᠯᠤᠰ ᠤᠨ ᠲᠠᠷᠢᠮᠠᠯ ᠤᠨ ᠵᠦᠢᠯ ᠤᠨ ᠡᠪᠡᠳᠴᠢᠨ ᠬᠤᠷᠣᠬᠠᠶ ᠶᠢᠨ ᠬᠥᠨᠥᠭᠡᠯ ᠤᠨ ︽ᠲᠤᠰᠬᠠᠶᠢᠵᠢᠭᠰᠠᠨ ᠨᠢᠭᠡᠳᠦᠯᠲᠡᠶ ᠰᠡᠷᠭᠡᠶᠢᠯᠡᠨ ᠵᠠᠰᠠᠭᠰᠠᠨ ᠵᠠᠭᠤᠨ ᠬᠦᠴᠦᠷᠬᠡᠭ ᠰᠢᠶᠠᠨ︾᠂ ᠠᠮᠤᠷ ᠠᠮᠤᠭᠤᠯᠠᠩ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤᠨ ᠤ ᠵᠡᠷᠭᠡ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ 30 ᠰᠢᠬᠠᠮ ᠬᠠᠮᠲᠤ ᠶᠢᠨ ᠢᠷᠠᠭᠤ ᠠᠯᠳᠠᠷ ᠢ ᠭᠥᠷᠳᠡᠵᠦ᠂ ᠤᠷᠢᠳ ᠬᠤᠵᠢᠳ ︽ᠪᠥᠬᠦ ᠤᠯᠤᠰ ᠤᠨ ᠣᠷᠣᠰᠢᠭᠤᠯᠭ᠎ᠠ ᠶᠢᠨ ᠠᠵᠢᠯ ᠤᠨ ᠲᠡᠷᠢᠭᠦᠨ ᠤ ᠬᠤᠪᠢ ᠬᠥᠮᠦᠨ︾᠂ ︽ᠤᠯᠤᠰ ᠤᠨ ᠲᠠᠰ ᠤᠨ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠳᠤ ᠬᠤᠪᠢ ᠨᠡᠮᠡᠷᠢ ᠦᠵᠡᠭᠦᠯᠦᠭᠴᠢ︾ ᠵᠡᠷᠭᠡ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ 30 ᠭᠠᠷᠤᠶ ᠰᠢᠯᠢᠳᠡᠭ ᠵᠢᠱᠢᠶᠡᠴᠢ ᠴᠣᠯᠭᠤᠷᠠᠨ ᠭᠠᠷᠪᠠ᠃ ᠮᠠᠨ ᠤ ᠬᠤᠰᠢᠭᠤᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠤᠨ ᠬᠢᠯᠠᠰ ᠴᠡᠭ ᠨᠢ ᠠᠷᠠᠳ ᠤᠨ ᠡᠳᠦᠷ ᠤᠨ ᠰᠣᠨᠢᠨ᠂ ᠲᠥᠪ ᠲᠧᠯᠸᠢᠰ ᠤᠨ ᠰᠣᠨᠢᠨ ᠮᠡᠳᠡᠭᠡ ᠵᠡᠷᠭᠡ ᠤᠯᠤᠰ ᠤᠨ ᠲᠠᠰ ᠤᠨ ᠭᠤᠤᠯ ᠵᠠᠭᠤᠴᠢᠯᠠᠭᠤᠷ ᠲᠤ 270 ᠭᠠᠷᠤᠶ ᠤᠳᠠᠭ᠎ᠠ ᠮᠡᠳᠡᠭᠡᠯᠡᠵᠦ᠂ ᠠᠷᠤᠨ ᠤ ᠲᠠᠭᠤᠨ᠂ ᠠᠷᠤᠨ ᠤ ᠵᠢᠷᠤᠭ ᠤᠨ ᠳᠠᠮᠵᠢᠭᠤᠯᠭ᠎ᠠ ᠶᠢᠨ ᠬᠦᠴᠦᠨ ᠲᠠᠰᠤᠷᠠᠯᠲᠠ ᠥᠬᠡᠶ ᠳᠡᠭᠡᠭᠰᠢᠯᠡᠵᠦ᠂ ᠨᠥᠯᠥᠭᠡᠯᠡᠬᠦ ᠬᠦᠴᠦᠨ ᠨᠢ ᠦᠷᠭᠦᠯᠵᠢᠯᠡᠨ ᠥᠷᠭᠡᠵᠢᠪᠡ︕      ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠠᠴᠠ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ᠂ ᠠᠮᠢᠳᠤᠯᠢᠭ ᠦᠢᠯᠡᠳᠦᠯᠭᠡ ᠶᠢᠨ ᠦᠷ᠎ᠡ ᠳ᠋ᠦᠩ ᠮᠥᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠣᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠦᠴᠦᠲᠡᠢ ᠬᠢᠨᠠᠯᠲᠠ᠂ ᠬᠦᠴᠦᠲᠡᠢ ᠳᠡᠮᠵᠢᠯᠭᠡ ᠶᠢᠨ ᠦᠷ᠎ᠡ ᠳ᠋ᠦᠩ ᠮᠥᠨ᠂ ᠨᠠᠩ ᠴᠤ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠠᠯᠢ ᠣᠯᠠᠨ ᠵᠥᠷᠢᠴᠡᠯ ᠪᠠ ᠬᠦᠴᠢᠷ ᠪᠡᠷᠬᠡᠰᠢᠶᠡᠯ᠂ ᠡᠯ᠎ᠡ ᠲᠥᠷᠥᠯ ᠤᠨ ᠲᠦᠭᠰᠢᠭᠦᠷᠢ ᠪᠠ ᠥᠷᠢᠰᠥᠯᠳᠦᠭᠡᠨ ᠤ ᠡᠮᠦᠨ᠎ᠡ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠤ ᠦᠷ᠎ᠡ ᠳ᠋ᠦᠩ ᠮᠥᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠣᠨ ᠣᠷᠳᠣᠨ ᠢ ᠲᠥᠯᠥᠭᠡᠯᠡᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠠᠵᠢᠯᠲᠠᠨ ᠠᠵᠢᠯᠴᠢᠨ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠵᠢᠴᠢ ᠠᠷᠤᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠡᠭᠦᠨ ᠤ ᠬᠠᠮᠲᠤ᠂ ᠪᠢᠳᠡ ᠪᠠᠰᠠ᠄ ᠴᠢᠬᠤᠯᠠ ᠶᠡᠭᠡ ᠪᠣᠳᠠᠲᠤ ᠴᠣᠭᠴᠠ ᠶᠢᠨ ᠲᠥᠷᠥᠯ ᠵᠦᠢᠯ ᠤᠨ ᠨᠥᠭᠡᠴᠡᠯᠡᠯᠲᠡ ᠬᠦᠷᠦᠯᠴᠡᠬᠦ ᠥᠬᠡᠶ᠂ ᠠᠷᠠᠯᠵᠢᠶᠠᠴᠢᠨ ᠤᠷᠢᠬᠤ ᠲᠥᠷᠥᠯ ᠵᠦᠢᠯ ᠢ ᠣᠷᠣᠭᠤᠯᠤᠨ ᠠᠪᠴᠢᠷᠠᠬᠤ ᠳᠤ ᠬᠦᠴᠢᠷ᠂ ᠨᠠᠶᠢᠳᠠᠪᠤᠷᠢᠵᠢᠭᠤᠯᠤᠯᠲᠠ ᠤᠳᠠᠭᠠᠨ᠂ ᠤᠯᠠᠮᠵᠢᠯᠠᠯᠲᠤ ᠲᠤᠯᠭᠠᠭᠤᠷᠢ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠨᠢ ᠤᠳᠠᠭᠠᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠤᠬᠠᠶ ᠶᠢᠨ ᠭᠠᠵᠠᠷ ᠲᠤᠨᠢ ᠰᠢᠩᠭᠡᠭᠡᠬᠦ ᠴᠢᠳᠠᠪᠤᠷᠢ ᠬᠦᠷᠦᠯᠴᠡᠬᠦ ᠥᠬᠡᠶ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠰᠢᠰᠲ᠋ᠧᠮ ᠲᠠᠢ ᠠᠬᠢᠭᠤᠯᠬᠤ ᠳᠤ ᠪᠠᠰᠠ ᠳᠠᠷᠤᠯᠲᠠ ᠶᠢ ᠨᠡᠮᠡᠭᠳᠡᠭᠦᠯᠦᠨ ᠡᠷᠡᠯᠬᠡᠭᠯᠡᠨ ᠤᠷᠤᠭᠰᠢᠯᠠᠵᠤ᠂ ᠱᠠᠯᠠᠪᠳᠠᠨ ᠠᠵᠢᠯᠯᠠᠬᠤ ᠴᠢᠬᠤᠯᠠᠲᠠᠶ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ︔ ᠬᠤᠲᠠ ᠶᠢᠨ ᠴᠢᠳᠠᠮᠵᠢ ᠶᠢᠨ ᠲᠥᠬᠦᠷᠵᠢᠭᠦᠯᠦᠯᠲᠡ ᠲᠡᠭᠦᠯᠳᠡᠷᠵᠢᠭᠡᠳᠦᠶ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠥᠷᠢᠲᠦᠯ ᠨᠡᠯᠢᠶᠡᠳ ᠠᠷᠪᠢᠨ ᠪᠠᠶᠢᠵᠤ᠂ ᠰᠠᠭᠤᠷᠢᠰᠢᠬᠤ ᠳᠤ ᠲᠣᠬᠢᠷᠠᠮᠵᠢᠲᠠᠶ ᠠᠵᠢᠯᠯᠠᠬᠤ ᠳᠤ ᠲᠣᠬᠢᠷᠠᠮᠵᠢᠲᠠᠶ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠳᠤ ᠪᠠᠰᠠ ᠦᠷᠭᠦᠯᠵᠢᠯᠡᠨ ᠣᠷᠣᠭᠤᠯᠤᠯᠲᠠ ᠬᠢᠵᠦ᠂ ᠣᠯᠠᠨ ᠲᠠᠯ᠎ᠠ ᠠᠴᠠ ᠬᠦᠴᠦᠯᠡᠬᠦ ᠴᠢᠬᠤᠯᠠᠲᠠᠶ ᠪᠠᠶᠢᠨ᠎ᠠ︔ ᠲᠡᠦᠬᠡ ᠶᠢᠨ ᠥᠷᠢ ᠥᠭᠴᠡᠭᠡ ᠮᠥᠨᠬᠦ ᠨᠦᠰᠡᠷ ᠬᠦᠨᠳᠦ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠬᠦᠴᠦᠨ ᠮᠡᠬᠦᠰᠳᠡᠵᠦ ᠪᠠᠶᠢᠬᠤ ᠪᠠ ᠵᠠᠪᠠᠯ ᠵᠠᠷᠤᠴᠠᠭᠤᠯᠬᠤ ᠵᠠᠷᠤᠯᠭ᠎ᠠ ᠶᠢᠨ ᠨᠡᠮᠡᠭᠳᠡᠯ ᠬᠡᠳᠦ ᠲᠦᠷᠭᠡᠨ ᠪᠠᠶᠢᠬᠤ ᠶᠢᠨ ᠬᠤᠭᠤᠷᠣᠨᠳᠣᠬᠢ ᠵᠥᠷᠢᠴᠡᠯ ᠨᠡᠩ ᠳᠤᠪᠤᠶᠢᠮ᠎ᠠ ᠪᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠤᠶᠠᠨ ᠬᠠᠳᠠᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠵᠤᠵᠠᠭᠠᠳᠬᠠᠬᠤ ᠳᠤ ᠪᠠᠰᠠ ᠨᠢᠭᠡᠳᠦᠯᠲᠡᠢ ᠲᠥᠯᠥᠪᠵᠢᠭᠦᠯᠦᠨ ᠬᠦᠴᠦᠯᠡᠵᠦ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠬᠦ ᠴᠢᠬᠤᠯᠠᠲᠠᠢ ᠪᠠᠶᠢᠨ᠎ᠠ︔ ᠵᠠᠰᠠᠭ ᠤᠨ ᠣᠷᠳᠣᠨ ᠤ ᠰᠢᠰᠲ᠋ᠧᠮ ᠤᠨ ᠬᠡᠰᠡᠭ ᠺᠠᠳ᠋ᠷ ᠤᠨ ᠠᠵᠢᠯ ᠤᠨ ᠰᠤᠷᠲᠠᠯ ᠪᠠ ᠠᠵᠢᠯ ᠤᠨ ᠴᠢᠳᠠᠪᠤᠷᠢ ᠨᠢ ᠪᠠᠰᠠ ᠪᠠᠶᠢᠳᠠᠯ ᠤᠨ ᠬᠥᠭᠵᠢᠯᠲᠡ ᠪᠠ ᠠᠵᠢᠯ ᠤᠨ ᠱᠠᠭᠠᠷᠳᠠᠯᠭ᠎ᠠ ᠳᠤ ᠵᠣᠬᠢᠴᠠᠬᠤ ᠥᠬᠡᠶ ᠪᠠᠶᠢᠵᠤ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠪᠠᠰᠠ ᠲᠦᠷᠭᠡᠳᠬᠡᠨ ᠳᠡᠭᠡᠭᠰᠢᠯᠡᠭᠦᠯᠵᠦ᠂ ᠦᠷᠭᠦᠯᠵᠢᠯᠡᠨ ᠰᠠᠶᠢᠵᠢᠷᠠᠭᠤᠯᠬᠤ ᠴᠢᠬᠤᠯᠠᠲᠠᠶ ᠪᠠᠶᠢᠨ᠎ᠠ᠃ ᠡᠭᠦᠨ ᠳᠤ᠂ ᠪᠢᠳᠡ ︽ᠰᠢᠯᠭᠠᠯᠲᠠ ᠳᠤ ᠣᠷᠣᠯᠴᠠᠬᠤ︾ ᠶᠢ ᠢᠮᠠᠭᠲᠠ ᠠᠩᠬᠠᠷᠴᠤ᠂ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠨ᠂ ᠠᠰᠠᠭᠤᠳᠠᠯ ᠳᠤ ᠰᠢᠭᠤᠳ ᠬᠠᠨᠳᠤᠵᠤ᠂ ᠨᠠᠩ ᠡᠷᠡᠰ ᠰᠢᠭᠤᠷᠬᠠᠢ᠂ ᠨᠠᠷᠢᠯᠢᠭ ᠣᠨᠣᠪᠴᠢᠲᠠᠢ᠂ ᠪᠣᠳᠠᠲᠠᠢ ᠶᠢ ᠡᠷᠬᠢᠮᠯᠡᠭᠰᠡᠨ ᠠᠷᠭ᠎ᠠ ᠪᠠᠷᠢᠯ ᠢᠶᠠᠷ ᠦᠨᠡᠨᠬᠦ ᠰᠢᠢᠳᠪᠦᠷᠢᠯᠡᠵᠦ᠂ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠥᠬᠡᠶ᠃      ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠢ ᠪᠦᠬᠦ ᠲᠠᠯ᠎ᠠ ᠪᠠᠷ ᠲᠣᠭᠤᠰᠢᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠪᠣᠯᠤᠨ ᠣᠷᠣᠨ ᠢ ᠬᠢᠨᠠᠮᠠᠭᠠᠶ ᠲᠤᠤᠱᠯᠠᠭᠤᠯᠤᠨ᠎ᠠ᠂ ᠬᠤᠳᠠ᠂ ᠬᠤᠰᠢᠭᠤᠨ ᠤ ᠭᠤᠷᠪᠠᠨ ᠱᠠᠲᠤᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ ᠶᠢ ᠪᠠᠷᠢᠮᠲᠠᠯᠠᠨ᠎ᠠ᠂ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠰᠡᠭᠦᠯᠡᠷ ᠡᠪᠳᠡᠬᠦ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ᠎ᠠ᠂ ︽ᠲᠠᠪᠤᠨ ᠶᠡᠭᠡ ᠡᠭᠦᠷᠭᠡ︾ ᠶᠢ ᠥᠨᠳᠥᠷ ᠪᠦᠲᠦᠮᠵᠢᠲᠡᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠦᠶ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠦᠨ᠎ᠡ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠳᠠᠭᠠᠭᠠᠨ ᠠᠪᠴᠤ ᠨᠠᠶᠢᠳᠠᠪᠤᠷᠢᠵᠢᠭᠤᠯᠤᠨ᠎ᠠ᠂ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠂ ︽ᠲᠠᠪᠤᠨ ᠣᠷᠣᠨ︾ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠂ ᠳᠠᠪᠠᠭᠠᠨ ᠤ ᠵᠡᠭᠦᠨᠳᠡᠬᠢ ᠬᠤᠰᠢᠭᠤᠨ ᠤ ᠪᠠᠨ ᠬᠦᠴᠦᠷᠬᠡᠭᠵᠢᠭᠦᠯᠬᠦ ᠶᠢ ᠴᠢᠷᠮᠠᠶᠢᠨ ᠪᠡᠶᠡᠯᠡᠭᠦᠯᠦᠨ᠎ᠡ᠂ ᠪᠣᠬᠢᠷᠲᠤᠯ ᠦᠭᠡᠢ ᠪᠠᠷ ᠬᠥᠭᠵᠢᠨ ᠮᠠᠨᠳᠤᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠷᠤᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ᠃      ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6 . 5 % ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 10 % ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15 % ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 5 . 5 % ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 3 . 25 ᠳ᠋ᠦᠩᠰᠢᠭᠤᠷ ᠲᠥᠭᠦᠷᠢᠭ ᠢ ᠳᠠᠪᠠᠪᠠ︔ ᠰᠠᠭᠤᠭᠠᠯᠢ ᠠᠷᠠᠳ ᠤᠨ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠢᠵᠢᠯ ᠠᠯᠬᠤᠮ ᠲᠠᠢ ᠪᠠᠶᠢᠯᠭᠠᠨ᠎ᠠ︔ ᠪᠣᠬᠢᠷᠲᠤᠯ ᠥᠬᠡᠶ ᠬᠥᠭᠵᠢᠯᠲᠡ ᠶᠢᠨ ᠭᠦᠶ᠋ᠴᠡᠳᠬᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠯ᠎ᠡ ᠵᠦᠢᠯ ᠤᠨ ᠬᠠᠷᠠᠯᠲᠠ ᠶᠢ ᠨᠠᠩ ᠥᠨᠳᠥᠷ ᠪᠠᠷᠢᠮᠵᠢᠶ᠎ᠠ ᠳᠤ ᠬᠦᠷᠭᠡᠬᠦ ᠪᠠᠷ ᠴᠢᠷᠮᠠᠶᠢᠵᠤ᠂ ᠪᠣᠳᠠᠲᠠᠶ ᠠᠵᠢᠯ ᠤᠨ ᠳᠤᠮᠳᠠ ᠨᠠᠩ ᠰᠠᠶᠢᠨ ᠠᠮᠵᠢᠯᠲᠠ ᠪᠦᠲᠦᠮᠵᠢ ᠣᠯᠤᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠤᠤᠷᠠᠬᠢ ᠲᠤᠯᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄      ︵ᠨᠢᠭᠡ︶ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠠᠵᠢᠯ ᠢ ᠪᠦᠬᠦ ᠬᠦᠴᠦᠨ ᠢᠶᠠᠷ ᠢᠶᠠᠨ ᠠᠳᠬᠤᠵᠤ᠂ ᠬᠥᠭᠵᠢᠯᠲᠡ ᠶᠢᠨ ᠨᠥᠭᠡᠴᠡ ᠬᠦᠴᠦᠨ ᠢ ᠴᠢᠩᠭᠠᠷᠠᠭᠤᠯᠬᠤ ᠲᠠᠯ᠎ᠠ ᠪᠠᠷ ᠨᠠᠩ ᠶᠡᠭᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠠᠵᠤ ᠦᠢᠯᠡᠰ ᠤᠨ ᠬᠡᠯᠬᠢ᠊ ᠡᠶ᠎ᠡ ᠮᠠᠶ᠋ᠢᠭ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠡᠯᠬᠢᠶ᠎ᠡ ᠶᠢ ᠤᠷᠲᠤᠳᠬᠠᠬᠤ᠂ ᠬᠦᠴᠦᠷᠬᠡᠭ ᠢ ᠲᠡᠳᠬᠦᠨ ᠳᠡᠮᠵᠢᠬᠦ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠦᠷᠭᠦᠯᠵᠢᠯᠡᠨ ᠬᠦᠴᠦᠯᠡᠬᠦ ᠬᠡᠷᠡᠭᠲᠡᠢ᠃ ᠨᠢᠭᠡ ᠳᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠳᠬᠡᠨ᠎ᠡ᠃ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠳ᠋ᠦᠩ ᠭᠤᠸᠠᠩ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠰᠡᠳᠦᠪᠲᠦ ᠦᠵᠡᠮᠵᠢ ᠶᠢᠨ ᠣᠷᠣᠨ᠂ ᠬᠤᠪᠢᠰᠬᠠᠯ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠬᠤᠷᠴᠢ ᠢᠩᠲᠣᠣᠷ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠳᠤ ᠲᠥᠯᠥᠪᠵᠢᠭᠦᠯᠦᠨ ᠰᠠᠶᠢᠲᠤᠷ ᠠᠳᠬᠤᠨ᠎ᠠ᠃ ᠬᠤᠶᠠᠷ ᠤᠯᠤᠰ ᠤᠨ ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢᠨ ᠲᠡᠰ ᠳᠡᠪᠰᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠢᠯᠢ ᠳᠡᠭᠡᠳᠦ ᠲᠡᠰ ᠤᠨ ᠰᠢᠩᠭᠡᠨ ᠲᠦᠯᠦᠪᠳᠤ ᠰᠦ ᠶᠢᠨ ᠦᠢᠯᠡᠳᠪᠦᠷᠢᠯᠡᠯ ᠤᠨ ᠰᠠᠭᠤᠷᠢᠨ ᠢ ᠤᠯᠤᠰ ᠤᠨ 3 A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠢᠷᠮᠠᠶᠢᠨ ᠴᠣᠭᠴᠠᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠯᠠ ᠪᠠᠶᠢᠭ᠎ᠠ ᠰᠢᠯᠢᠳᠡᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠪᠦᠬᠦ ᠬᠦᠴᠦᠨ ᠢᠶᠠᠷ ᠢᠶᠠᠨ ᠠᠮᠢᠯᠠᠭᠤᠯᠵᠤ᠂ ᠲᠦᠷᠪᠡᠨ ᠤᠯᠠᠷᠢᠯ ᠤᠨ ᠰᠣᠳᠣᠨ ᠤᠨᠴᠠᠯᠢᠬᠳᠤ ᠵᠠᠮ ᠱᠤᠭᠤᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠡᠩ ᠤᠯᠠᠨ ᠵᠤᠭᠠᠴᠠᠭᠰᠠᠳ ᠢ ᠲᠠᠲᠠᠵᠤ ︽ᠺᠠᠷᠲ ᠤᠩᠰᠢᠭᠤᠯᠬᠤ︾ ᠬᠡᠷᠡᠭᠯᠡᠭᠡ ᠬᠢᠯᠭᠡᠨ᠎ᠡ᠃ ᠬᠤᠶᠠᠷ ᠲᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠵᠥᠩ ᠴᠢᠩ ᠰᠢᠩ ᠶᠧ᠂ ᠵᠥᠩ ᠴᠢᠩ ᠰᠠᠶᠢᠬᠠᠨ᠂ ᠵᠥᠩ ᠽᠤ᠋ ᠳ᠋ᠠ ᠲᠦᠩ ᠵᠡᠷᠭᠡ ᠬᠡᠪᠴᠢᠶᠡᠵᠢᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠠᠯᠵᠢᠯ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠦ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ ᠪᠦᠬᠦ᠋ᠢᠯᠡ ᠰᠢᠶᠠᠨ ᠢᠶᠠᠷ ᠠᠬᠢᠭᠤᠯᠬᠤ ᠲᠥᠷᠥᠯ ᠵᠦᠢᠯ ᠢ ᠢᠳᠡᠪᠬᠢᠲᠡᠶ ᠴᠢᠷᠮᠠᠶᠢᠨ ᠣᠯᠵᠤ᠂ ᠪᠥᠬᠦ ᠰᠦᠷᠦᠭ ᠤᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠡᠪᠴᠢᠶ᠎ᠡ ᠶᠢ 6 . 5 ᠲᠦᠮᠡᠨ ᠲᠣᠯᠣᠭᠠᠶ ᠳᠤ ᠬᠦᠷᠦᠭᠦᠯᠵᠦ᠂ ᠰᠦ ᠶᠢᠨ ᠭᠠᠷᠤᠯᠲᠠ ᠶᠢ 30 ᠲᠦᠮᠡᠨ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠪᠠᠷ ᠴᠢᠷᠮᠠᠶᠢᠨ᠎ᠠ᠃ ᠢᠯᠢ ᠶᠢᠨ 14 ᠦᠢᠯᠡᠳᠪᠦᠷᠢᠯᠡᠯ ᠤᠨ ᠱᠤᠭᠤᠮ ᠤᠨ ᠲᠣᠭᠲᠠᠭᠤᠨ ᠡᠷᠭᠢᠯᠲᠡ ᠶᠢ ᠪᠠᠲᠤᠯᠠᠵᠤ᠂ ᠾᠧ ᠵᠦᠩ ᠴᠤᠸᠠᠩ ᠶᠠ ᠣᠶᠤᠨᠴᠢ ᠣᠷᠴᠢᠨ ᠲᠣᠭᠤᠷᠢᠨ ᠢ ᠬᠠᠮᠠᠭᠠᠯᠠᠬᠤ ᠪᠣᠭᠤᠳᠠᠯ ᠤᠨ ᠲᠦᠷᠦᠯ ᠵᠦᠢᠯ ᠤᠨ ᠴᠢᠳᠠᠮᠵᠢ ᠪᠠᠨ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠤᠨ᠎ᠠ᠃ ᠵᠥᠩ ᠷᠦᠩ ᠦᠬᠡᠷ ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ ᠤᠷᠢᠳᠴᠢᠯᠠᠨ ᠦᠶ᠋ᠯᠡᠳᠦᠭᠰᠡᠨ ᠨᠣᠭᠤᠭ᠎ᠠ᠂ ᠮᠢᠬᠠᠨ ᠤ ᠪᠦᠲᠦᠭᠡᠭᠳᠡᠬᠦᠨ ᠢ ᠡᠳ᠋ᠰᠢᠭᠦᠯᠬᠦ ᠡᠯᠧᠺᠳ᠋ᠷᠣᠨ ᠬᠤᠳᠠᠯᠳᠤᠭ᠎ᠠ ᠵᠢᠴᠢ ᠦᠦ ᠶᠠ ᠪᠦᠯᠦᠭᠯᠡᠯ ᠤᠨ ᠠᠷᠤᠨ ᠬᠤᠰᠢᠭᠤᠨ ᠤ ᠲᠦᠮᠡᠨ ᠰᠠᠭᠠᠯᠢ ᠶᠢᠨ ᠲᠤᠭᠤᠯ ᠢ ᠪᠤᠶᠢᠵᠢᠭᠤᠯᠬᠤ ᠰᠠᠭᠤᠷᠢᠨ ᠭᠠᠵᠠᠷ᠂ ᠦᠦ ᠴᠢᠶᠦ᠋ᠨ ᠠᠷᠤᠨ ᠬᠤᠰᠢᠭᠤᠨ ᠤ ᠬᠤᠴᠠ᠂ ᠾᠧᠩ ᠦᠦ ᠮᠠᠯ ᠠᠵᠤ ᠠᠬᠤᠶ ᠶᠢᠨ ᠠᠮᠢ ᠠᠬᠤᠶ ᠶᠢ ᠨᠢᠭᠡ ᠴᠣᠭᠴᠠᠵᠢᠭᠤᠯᠬᠤ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠣᠨ ᠤ ᠮᠠᠯ ᠤᠨ ᠲᠤᠭ᠎ᠠ ᠲᠣᠯᠣᠭᠠᠶ 160 ᠲᠦᠮᠡ ᠶᠢ ᠳᠠᠪᠠᠵᠤ᠂ ᠮᠢᠬᠠᠨ ᠤ ᠭᠠᠷᠤᠯᠲᠠ 2 . 8 ᠲᠦᠮᠡᠨ ᠲᠣᠨ ᠢ ᠳᠠᠪᠠᠭ᠋ᠤ ᠶᠢ ᠪᠠᠲᠤᠯᠠᠨ᠎ᠠ᠃ ᠭᠤᠷᠪᠠ ᠳᠤ᠂ ᠤᠯᠠᠮᠵᠢᠯᠠᠯᠲᠤ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠵᠢᠯᠴᠠᠨ ᠬᠠᠮᠲᠤᠪᠠᠷ ᠳᠠᠪᠰᠢᠬᠤ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠤᠯᠠᠮᠵᠢᠯᠠᠯᠲᠤ ᠠᠵᠤ ᠦᠢᠯᠡᠰ ᠤᠨ ᠦᠷᠢᠰᠦᠯᠳᠦᠬᠦ ᠬᠦᠴᠦᠨ ᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠬᠥᠭᠵᠢᠭᠦᠯᠦᠨ᠎ᠡ᠃ ᠬᠤᠸᠠ ᠨᠸᠡᠭ ᠤᠨ 100 ᠲᠦᠮᠡᠨ ᠺᠢᠯᠤᠸ᠋ᠲ ᠤᠨ ᠰᠠᠯᠬᠢᠨ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠤᠷᠳᠤᠴᠠ ᠪᠠᠷ ᠲᠦᠯᠬᠢᠨ ᠠᠬᠢᠭᠤᠯᠵᠤ᠂ ᠬᠤᠶᠠᠷ 30 ᠲᠦᠮᠡᠨ ᠺᠢᠯᠤᠸ᠋ᠲ ᠤᠨ ᠠᠮᠢᠳᠤᠯᠢᠭ ᠥᠭᠡᠷᠡᠴᠢᠯᠡᠵᠦ ᠢᠵᠢ ᠪᠦᠷᠢᠳᠦᠭᠦᠯᠦᠨ ᠪᠠᠶᠢᠭᠤᠯᠬᠤ ᠶᠢ ᠦᠨᠡᠨᠬᠦ ᠪᠠᠲᠤᠯᠠᠵᠤ᠂ ᠭᠡᠷ ᠤᠨ ᠣᠷᠣᠢ ᠳᠡᠭᠡᠷᠡᠬᠢ ᠲᠠᠷᠬᠠᠯᠲᠠ ᠮᠠᠶ᠋ᠢᠭ ᠤᠨ ᠭᠡᠷᠡᠯ ᠸᠣᠯᠲ᠂ ᠰᠠᠯᠬᠢᠨ ᠳᠡᠭᠳᠡᠯᠲᠡ ᠪᠠᠷ 17 ᠰᠠᠶ᠎ᠠ ᠸᠠᠲ ᠤᠨ ᠲᠠᠷᠠᠬᠠᠢ ᠮᠠᠶ᠋ᠢᠭ ᠤᠨ ᠰᠠᠯᠬᠢᠨ ᠴᠠᠬᠢᠯᠭᠠᠨ ᠤ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠦᠯᠬᠢᠨ ᠠᠬᠢᠭᠤᠯᠤᠨ᠎ᠠ᠃ 500 ᠺᠢᠯᠤᠸ᠋ᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠰᠢᠨ᠎ᠡ ᠡᠨᠧᠷᠭᠢ ᠶᠢᠨ ᠶᠡᠭᠡ ᠬᠡᠪᠴᠢᠶ᠎ᠡ ᠪᠠᠷ᠂ ᠥᠨᠳᠥᠷ ᠬᠠᠷᠢᠴᠠᠯ ᠢᠶᠠᠷ ᠬᠦᠷᠭᠡᠬᠦ ᠳᠤ ᠲᠣᠭᠲᠠᠭᠤᠨ ᠴᠠᠬᠢᠯᠭᠠᠨ ᠲᠤᠤᠷ ᠤᠨ ᠲᠤᠯᠭᠠᠭᠤᠷᠢᠯᠠᠯ ᠬᠠᠩᠭᠠᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ᠂ ᠰᠠᠯᠬᠢᠨ ᠬᠦᠴᠦᠨ ᠤ ᠴᠠᠬᠢᠯᠭᠠᠨ ᠢᠶᠠᠷ ᠤᠰᠤᠲᠥ᠋ᠷᠥᠭᠴᠢᠲᠦ ᠰᠢᠪᠲᠦᠷ ᠤᠨ ᠮᠤᠲ᠋ᠠᠨᠤᠯ ᠦᠢᠯᠡᠳᠬᠦ ᠵᠡᠷᠭᠡ ᠲᠥᠷᠥᠯ ᠵᠦᠢᠯ ᠢ ᠤᠯᠬᠤ ᠪᠠᠷ ᠢᠳᠡᠪᠬᠢᠲᠡᠶ ᠴᠢᠷᠮᠠᠶᠢᠵᠤ᠂ ᠰᠢᠨ᠎ᠡ ᠡᠨᠧᠷᠭᠢ ᠶᠢ ᠲᠤᠬᠠᠶ ᠶᠢᠨ ᠭᠠᠵᠠᠷ ᠲᠤᠨᠢ ᠰᠢᠩᠭᠡᠭᠡᠬᠦ ᠴᠢᠳᠠᠪᠤᠷᠢ ᠶᠢ ᠲᠦᠷᠭᠡᠨ ᠳᠡᠭᠡᠭᠰᠢᠯᠡᠭᠦᠯᠵᠦ᠂ ︽ᠴᠠᠬᠢᠯᠭᠠᠨ ᠡᠭᠦᠰᠭᠡᠭᠴᠢ ᠲᠤᠤᠷ ᠳᠠᠭᠠᠭᠠᠴᠠ ᠨᠥᠭᠡᠴᠡ︾ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠥᠨᠳᠦᠷᠯᠢᠭ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠴᠢ ᠯᠦ ᠶᠢᠨ ᠠᠮᠢᠳᠤ ᠪᠣᠳᠠᠰ ᠤᠨ ᠡᠮ ᠦᠢᠯᠡᠳᠬᠦ᠂ ᠮᠠᠯ ᠤᠨ ᠡᠮ ᠤᠨ ᠲᠦᠭᠦᠬᠡᠢ ᠮᠠᠲ᠋ᠧᠷᠢᠶᠠᠯ ᠤᠨ ᠪᠦᠲᠦᠭᠡᠭᠳᠡᠬᠦᠨ ᠢ ᠳᠡᠰ ᠳᠡᠪᠰᠢᠭᠦᠯᠬᠦ ᠮᠡᠷᠭᠡᠵᠢᠯ ᠤᠨ ᠥᠭᠡᠷᠡᠴᠢᠯᠡᠯᠲᠡ᠂ ᠪᠣᠬᠢᠷ ᠤᠰᠤ ᠰᠢᠢᠳᠪᠦᠷᠢᠯᠡᠬᠦ ᠥᠷᠲᠡᠭᠡ ᠶᠢᠨ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢ ᠸᠧᠢ ᠵᠢᠶᠦ᠋ᠨ ᠰᠦ ᠶᠢᠨ ᠦᠢᠯᠡᠳᠪᠦᠷᠢᠯᠡᠯ ᠤᠨ ᠱᠤᠭᠤᠮ ᠢ ᠵᠢᠯ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠢ ᠪᠦᠬᠦ ᠲᠠᠯ᠎ᠠ ᠪᠠᠷ ᠬᠦᠴᠦᠷᠬᠡᠭᠵᠢᠭᠦᠯᠦᠨ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ᠂ ᠬᠢᠮᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠬᠤᠭᠤᠯᠠᠢ ᠤᠲᠠᠰᠤ ᠶᠢᠨ ᠢᠨᠵᠧᠨᠧᠷᠢᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠳᠥᠷᠪᠡ ᠳᠤ ᠠᠮᠢ ᠠᠬᠤᠶ ᠶᠢᠨ ᠠᠵᠤ ᠦᠢᠯᠡᠰ ᠤᠨ ᠬᠡᠪᠴᠢᠶᠡᠨ ᠤ ᠨᠥᠯᠥᠭᠡ ᠶᠢ ᠥᠷᠭᠡᠳᠬᠡᠨ᠎ᠡ᠃ ᠤᠯᠤᠰ ᠤᠨ ᠲᠠᠰ ᠤᠨ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠥᠷᠲᠡᠭ ᠢ ᠪᠡᠶᠡᠯᠡᠭᠦᠯᠬᠦ ᠲᠤᠷᠰᠢᠯᠲᠠ ᠶᠢᠨ ᠴᠢᠭ ᠢ ᠡᠭᠦᠳᠦᠨ ᠪᠠᠶᠢᠭᠤᠯᠬᠤ ᠪᠠᠷ ᠤᠳᠤᠷᠢᠳᠤᠮᠵᠢ ᠪᠣᠯᠭᠠᠵᠤ᠂ ᠣᠶ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠦᠶ᠋ᠯᠡᠳᠬᠦᠨ ᠢ ᠨᠡᠭᠡᠭᠡᠨ ᠬᠥᠭᠵᠢᠭᠦᠯᠬᠦ ᠶᠢ ᠢᠳᠡᠪᠬᠢᠲᠡᠶ ᠠᠬᠢᠭᠤᠯᠤᠨ᠂ ᠤᠯᠤᠰ ᠤᠨ ᠬᠢᠨᠠᠨ ᠵᠥᠪᠰᠢᠶᠡᠷᠡᠬᠦ ᠦᠨᠡᠮᠯᠡᠯ ᠢᠶᠠᠷ ᠳᠠᠮᠵᠢᠭᠤᠯᠤᠨ ᠰᠠᠶᠢᠨ ᠳᠤᠷ᠎ᠠ ᠠᠴᠠ ᠪᠠᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠦᠶ᠋ᠯᠡᠳᠬᠦᠨ ᠢ ᠤᠷᠢᠳᠴᠢᠯᠠᠨ ᠪᠣᠷᠣᠯᠠᠭᠤᠯᠬᠤ ᠶᠢ ᠥᠷᠨᠢᠭᠦᠯᠬᠦ ᠪᠠᠷ ᠴᠢᠷᠮᠠᠶᠢᠵᠤ᠂ ᠪᠥᠬᠦ ᠣᠷᠣᠨ ᠤ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠨᠢᠭᠡᠳᠦᠭᠡᠷ ᠡᠩᠨᠡᠭᠡᠨ ᠳᠤ ᠣᠷᠣᠬᠤ ᠪᠠᠷ ᠴᠢᠷᠮᠠᠶᠢᠨ᠎ᠠ᠃ ᠤᠢ ᠶᠢᠨ ᠬᠤᠷᠮᠣᠶ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠤᠢ ᠶᠢᠨ ᠡᠮ᠂ ᠤᠢ ᠶᠢᠨ ᠮᠥᠭᠦ᠂ ᠤᠢ ᠶᠢᠨ ᠬᠤᠷᠮᠣᠶ ᠶᠢᠨ ᠣᠨᠴᠣᠭᠤᠶ ᠲᠡᠵᠢᠭᠡᠨ ᠦᠷᠡᠵᠢᠭᠦᠯᠬᠦ ᠵᠡᠷᠭᠡ ᠤᠢ ᠶᠢᠨ ᠬᠤᠷᠮᠣᠶ ᠶᠢᠨ ᠣᠯᠠᠨ ᠵᠦᠢᠯ ᠤᠨ ᠬᠠᠮ ᠡᠵᠡᠩᠨᠡᠯᠲᠡ ᠶᠢᠨ ᠵᠠᠭᠪᠤᠷ ᠢ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠵᠦ᠂ ᠤᠢ ᠶᠢᠨ ᠬᠤᠷᠮᠣᠶ ᠶᠢᠨ ᠠᠵᠤ ᠠᠬᠤᠢ ᠶᠢᠨ ᠲᠠᠷᠢᠮᠠᠯ ᠤᠨ ᠦᠶ᠋ᠯᠡᠳᠬᠦᠨ ᠤ ᠥᠷᠲᠡᠭ ᠢ 3 . 5 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ 10 % ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃      ︵ᠬᠤᠶᠠᠷ︶ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠪᠦᠬᠦ ᠬᠦᠴᠦᠨ ᠢᠶᠠᠷ ᠢᠶᠠᠨ ᠠᠳᠬᠤᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠥᠷᠭᠡᠳᠬᠡᠬᠦ ᠲᠠᠯ᠎ᠠ ᠪᠠᠷ ᠨᠠᠩ ᠶᠡᠭᠡ ᠳᠠᠪᠠᠯᠲᠠ ᠶᠢ ᠪᠡᠶᠡᠯᠡᠭᠦᠯᠦᠨ᠎ᠡ᠃ ︽ᠲᠠᠪᠤᠨ ᠡᠷᠬᠡᠪᠰᠢ︾ ᠶᠢᠨ ᠦᠨᠳᠦᠰᠦᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠵᠡᠷᠭᠡ ᠳᠡᠪᠰᠢᠬᠦ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ︽ᠲᠣᠭᠲᠠᠭᠤᠨ ᠪᠠᠶᠢᠯᠭᠠᠬᠤ︾ ᠰᠠᠭᠤᠷᠢ ᠶᠢ ᠪᠠᠲᠤ ᠴᠣᠭᠴᠠᠯᠠᠵᠤ᠂ ︽ᠤᠷᠤᠭᠰᠢᠯᠠᠬᠤ︾ ᠬᠠᠨᠳᠤᠰᠢ ᠶᠢ ᠴᠢᠩᠭᠠᠳᠬᠠᠬᠤ ᠬᠡᠷᠡᠭᠲᠡᠢ᠃ ᠨᠢᠭᠡ ᠳᠤ᠂ ᠲᠦᠷᠦ ᠶᠢᠨ ᠪᠤᠳᠤᠯᠭ᠎ᠠ ᠶᠢ ᠭᠦᠨᠵᠡᠭᠡᠢ ᠰᠤᠳᠤᠯᠵᠤ᠂ ᠬᠠᠷᠠᠯᠲᠠ ᠲᠠᠢ ᠪᠠᠷ ᠪᠣᠭᠤᠮᠲᠠ ᠰᠢᠪᠲᠤᠯᠵᠤ ᠪᠡᠯᠡ ᠣᠷᠣᠭᠤᠯᠤᠯᠲᠠ ᠶᠢ ᠥᠷᠭᠡᠳᠬᠡᠨ᠎ᠡ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠪᠤᠯᠢᠶᠠᠯᠳᠤᠬᠤ᠂ ᠲᠥᠷᠥᠯ ᠵᠦᠢᠯ ᠪᠤᠯᠢᠶᠠᠯᠳᠤᠬᠤ᠂ ᠪᠠᠯᠠ ᠮᠥᠩᠭᠦ ᠪᠤᠯᠢᠶᠠᠯᠳᠤᠬᠤ᠂ ᠲᠤᠷᠰᠢᠯᠲᠠ ᠶᠢᠨ ᠴᠢᠬ ᠤᠨ ︽ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠠᠵᠤ ᠦᠢᠯᠡᠰ ᠤᠨ ᠴᠢᠭᠯᠡᠯ᠂ ᠪᠠᠯᠠ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠨᠢᠭᠡ ᠪᠦᠯᠦᠭ ᠠᠵᠤ ᠦᠢᠯᠡᠰ ᠤᠨ ᠵᠣᠬᠢᠴᠠᠬᠤ ᠬᠡᠮᠵᠢᠶ᠎ᠡ ᠪᠠᠷ ᠥᠨᠳᠥᠷ᠂ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠴᠢᠩᠭ᠎ᠠ ᠴᠢᠨᠠᠷ ᠰᠠᠶᠢᠲᠠᠶ ᠲᠥᠷᠥᠯ ᠵᠦᠢᠯ ᠢ ᠨᠠᠷᠢᠨ ᠨᠢᠮᠪᠠᠶ ᠲᠥᠯᠥᠪᠵᠢᠭᠦᠯᠵᠦ᠂ ᠰᠢᠶᠤᠤ ᠴᠢ ᠽᠢ ᠤᠰᠤᠨ ᠠᠰᠢᠭᠯᠠᠯᠲᠠ ᠶᠢᠨ ᠬᠦᠶ᠋ᠰᠦ ᠪᠠᠷᠢᠯᠭ᠎ᠠ ᠶᠢ ᠤᠯᠤᠰ ᠤᠨ ᠵᠡᠭᠦᠨ ᠬᠤᠶᠢᠲᠤ ᠶᠢᠨ ᠤᠰᠤᠨ ᠲᠤᠤᠷ ᠤᠨ ᠲᠥᠯᠥᠪᠵᠢᠭᠦᠯᠭᠡ ᠳᠤ ᠣᠷᠣᠭᠤᠯᠬᠤ ᠶᠢ ᠵᠠᠯᠭᠠᠨ ᠠᠬᠢᠭᠤᠯᠵᠤ᠂ ᠤᠯᠤᠰ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠥᠷᠥᠯ ᠵᠦᠢᠯ᠂ ᠠᠵᠤ ᠦᠢᠯᠡᠰ ᠤᠨ ᠭᠠᠶᠢᠯᠢ ᠲᠠᠲᠠᠪᠤᠷᠢ ᠪᠠ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠣᠯᠭᠠᠨ ᠦᠨᠡᠨᠬᠦ ᠬᠤᠪᠢᠷᠠᠭᠤᠯᠤᠨ᠎ᠠ᠃ ᠬᠤᠶᠠᠷ ᠲᠤ᠂ ᠭᠦᠨᠵᠡᠭᠡᠢ ᠬᠠᠮᠲᠤᠷᠠᠯᠴᠠᠵᠤ᠂ ᠤᠨᠢᠨ ᠳᠡᠭᠡᠷ᠎ᠡ ᠨᠢ ᠡᠬᠢ ᠪᠠᠶᠠᠯᠢᠭ ᠢ ᠣᠷᠣᠭᠤᠯᠤᠨ ᠠᠪᠴᠢᠷᠠᠨ᠎ᠠ᠃ ᠰᠢᠨ᠎ᠡ ᠪᠠᠷ ᠪᠣᠶ ᠪᠣᠯᠤᠭᠰᠠᠨ ᠡᠨᠧᠷᠭᠢ᠂ ᠡᠷᠳᠡᠨᠢ ᠰᠢᠰᠢ ᠶᠢ ᠤᠯᠠᠷᠢᠭᠤᠯᠬᠤ᠂ ᠳᠡᠭᠡᠳᠦ ᠲᠠᠰ ᠤᠨ ᠰᠦ ᠶᠢᠨ ᠦᠢᠯᠡᠰ᠂ ᠰᠢᠨ᠎ᠡ ᠬᠡᠯᠪᠡᠷᠢ ᠶᠢᠨ ᠮᠢᠬᠠᠨ ᠤ ᠦᠢᠯᠡᠰ ᠵᠡᠷᠭᠡ ᠳᠠᠪᠠᠭᠤᠯᠢᠭ ᠭᠤᠤᠯᠯᠠᠬᠤ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠬᠤᠳᠠᠯᠳᠤᠭᠠᠴᠢᠨ ᠤᠷᠢᠬᠤ ᠬᠤᠪᠢᠶᠠᠷᠢ ᠠᠩᠭᠢ ᠶᠢᠨ ︽ᠭᠤᠤᠯ ᠬᠦᠴᠦᠨ︾ ᠤ ᠦᠶ᠋ᠯᠡᠳᠦᠯ ᠢ ᠪᠠᠳᠠᠷᠠᠭᠤᠯᠵᠤ᠂ ᠨᠠᠩ ᠣᠯᠠᠨ ᠴᠢᠨᠠᠷ ᠰᠠᠶᠢᠲᠠᠶ ᠠᠵᠤ ᠦᠢᠯᠡᠰ ᠤᠨ ᠲᠥᠷᠥᠯ ᠵᠦᠢᠯ ᠢ ᠲᠡᠳᠡᠨ ᠣᠷᠣᠭᠤᠯᠵᠤ ᠰᠠᠭᠤᠷᠢᠰᠢᠭᠤᠯᠤᠨ᠂ ᠭᠡᠷ᠎ᠡ ᠲᠣᠭᠲᠠᠭᠰᠠᠨ ᠲᠥᠷᠥᠯ ᠵᠦᠢᠯ ᠤᠨ ᠬᠡᠯᠡᠯᠴᠡᠭᠡᠷ ᠠᠴᠠ ᠠᠵᠢᠯ ᠡᠬᠢᠯᠡᠭᠦᠯᠬᠦ᠂ ᠠᠵᠢᠯ ᠡᠬᠢᠯᠡᠭᠦᠯᠬᠦ ᠠᠴᠠ ᠠᠰᠢᠭᠯᠠᠯᠲᠠ ᠳᠤ ᠣᠷᠣᠭᠤᠯᠬᠤ᠂ ᠠᠰᠢᠭᠯᠠᠯᠲᠠ ᠳᠤ ᠣᠷᠣᠭᠤᠯᠬᠤ ᠲᠡᠶᠢᠰᠢ ᠤᠯᠠᠷᠢᠭᠤᠯᠬᠤ ᠶᠢ ᠲᠦᠷᠭᠡᠳᠬᠡᠵᠦ᠂ ᠪᠥᠬᠦ ᠵᠢᠯ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠯᠠ ᠮᠥᠩᠭᠦ ᠶᠢ 32 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠭᠤᠷᠪᠠ ᠳᠤ ᠭᠦᠨ ᠬᠠᠭᠠᠯᠪᠤᠷᠢᠯᠠᠵᠤ ᠦᠶ᠋ᠯᠡᠴᠢᠯᠡᠨ᠂ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠬᠤ ᠲᠥᠷᠥᠯ ᠵᠦᠢᠯ᠃ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ᠂ ᠲᠤᠰᠬᠠᠢ ᠠᠩᠭᠢ ᠠᠬᠢᠭᠤᠯᠬᠤ ᠵᠡᠷᠭᠡ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠯᠦᠩᠭᠦᠢ ᠪᠠᠷ ᠨᠥᠭᠡᠴᠡᠯᠡᠵᠦ᠂ ᠬᠤᠲᠠ ᠬᠤᠰᠢᠭᠤᠨ ᠤ ᠬᠤᠶᠠᠷ ᠱᠠᠲᠤᠨ ᠤ ᠭᠤᠣᠯᠳᠠᠯᠭ᠎ᠠ ᠲᠠᠢ ᠲᠥᠷᠦᠯ ᠵᠦᠢᠯ᠂ ᠡᠬᠡ ᠳᠠᠩᠰᠠᠴᠢᠯᠠᠭᠰᠠᠨ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠨᠠᠷᠢᠯᠢᠭᠵᠢᠭᠤᠯᠤᠨ ᠲᠣᠬᠢᠷᠠᠭᠤᠯᠵᠤ᠂ ᠨᠠᠷᠢᠨ ᠳᠠᠩᠰᠠ ᠶᠢᠨ ᠬᠡᠯᠪᠡᠷᠢ ᠪᠠᠷ 165 . 25 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠭᠰᠡᠨ ᠬᠤᠲᠠ ᠶᠢᠨ ᠲᠡᠰ ᠤᠨ 26 ᠭᠤᠣᠯᠳᠠᠯᠭ᠎ᠠ ᠲᠠᠢ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢ ᠠᠬᠢᠭᠤᠯᠵᠤ᠂ ᠡᠪᠦᠯ ᠤᠨ ᠤᠯᠠᠷᠢᠯ ᠤᠨ ᠬᠢᠨᠠᠨ ᠵᠥᠪᠰᠢᠶᠡᠷᠡᠬᠦ ᠶᠡᠭᠡ ᠲᠡᠢᠨ ᠢ ᠦᠨᠡᠨᠬᠦ ᠰᠠᠢᠲᠤᠷ ᠠᠳᠬᠤᠵᠤ᠂ ᠲᠥᠷᠦᠯ ᠵᠦᠢᠯ ᠤᠨ ︽ᠬᠠᠪᠤᠷ ᠡᠬᠢᠯᠡᠮᠡᠭᠴᠡ ᠠᠵᠢᠯ ᠢᠶᠠᠨ ᠡᠬᠢᠯᠡᠭᠦᠯᠬᠦ︾ ᠶᠢ ᠠᠬᠢᠭᠤᠯᠵᠤ᠂ ᠪᠦᠬᠦ ᠵᠢᠯ ᠳᠤ ᠬᠤᠲᠠ ᠶᠢᠨ ᠲᠡᠰ ᠤᠨ ᠭᠤᠣᠯᠳᠠᠯᠭ᠎ᠠ ᠲᠠᠢ ᠲᠥᠷᠦᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 42 . 85 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠢᠨ᠎ᠠ᠃ ᠰᠢᠶᠤᠤ ᠴᠢ ᠽᠢ ᠶᠢᠨ ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠠᠵᠢᠯ ᠭᠡᠬᠦ ᠡᠨᠡ ᠬᠦ ᠲᠡᠷᠢᠭᠦᠨ ᠵᠡᠷᠭᠡ ᠶᠢᠨ ᠶᠡᠭᠡ ᠶᠠᠪᠤᠳᠠᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠨ᠎ᠠ᠃ ᠲᠦᠷᠪᠡ ᠳᠤ᠂ ᠭᠦᠨ ᠳᠠᠪᠬᠤᠷᠭ᠎ᠠ ᠠᠴᠠ ᠠᠭᠤᠳᠠᠯᠵᠤ᠂ ᠠᠮᠢᠵᠢᠷᠠᠯ ᠤᠨ ᠬᠦᠴᠦᠨ ᠢ ᠬᠥᠭᠵᠢᠭᠡᠵᠦ ᠬᠥᠳᠡᠯᠭᠡᠬᠦ ᠡᠨᠧᠷᠭᠢ ᠨᠡᠮᠡᠷᠢᠯᠡᠨ᠎ᠡ ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠵᠢᠩᠬᠢᠨᠢ ᠪᠠᠷ ᠳᠠᠩᠰᠠᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶ ᠶᠢᠨ ᠬᠥᠭᠵᠢᠯᠲᠡ ᠶᠢᠨ ︽ᠰᠢᠨ᠎ᠡ ᠰᠠᠭᠤᠷᠢ︾ ᠶᠢ ᠦᠨᠡᠨ ᠬᠦ ᠲᠣᠳᠣᠷᠬᠠᠶ ᠣᠶᠢᠯᠠᠭᠠᠨ᠎ᠠ᠃ ᠭᠤᠤᠯᠳᠠᠯᠭ᠎ᠠ ᠲᠠᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 5 ᠡᠷᠦᠬᠡ ᠠᠴᠠ ᠳᠡᠭᠡᠭᠰᠢ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ ᠨᠢᠭᠡᠳᠦᠯᠲᠡᠶ ᠳᠤ ᠣᠷᠣᠭᠤᠯᠤᠨ᠎ᠠ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢ ᠪᠠᠲᠤᠯᠠᠬᠤ ᠪᠠ ᠭᠤᠣᠯᠳᠠᠯᠭ᠎ᠠ ᠲᠠᠢ ᠬᠦᠷᠢᠶᠡᠨ ᠳᠠᠬᠢ ᠬᠡᠷᠡᠭᠯᠡᠭᠡ ᠶᠢ ᠠᠬᠢᠭᠤᠯᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠭᠠᠷᠠᠭ ᠤᠨ ᠰᠡᠭᠦᠯᠴᠢ ᠶᠢᠨ ᠠᠵᠤ ᠠᠬᠤᠢ᠂ ᠰᠥᠨᠢ ᠶᠢᠨ ᠠᠵᠤ ᠠᠬᠤᠢ ᠵᠡᠷᠭᠡ ᠬᠡᠷᠡᠭᠯᠡᠭᠡᠨ ᠤ ᠪᠠᠶᠢᠳᠠᠯ ᠢ ᠤᠯᠠᠮ ᠨᠢᠭᠡ ᠠᠯᠬᠤᠮ ᠬᠥᠭᠵᠢᠭᠡᠨ ᠪᠤᠵᠠᠭᠠᠶᠢᠷᠠᠭᠤᠯᠵᠤ᠂ ᠣᠷᠣᠨ ᠨᠤᠲᠤᠭ ᠤᠨ ᠬᠡᠷᠡᠭᠯᠡᠭᠡ ᠶᠢ ᠦᠷᠭᠦᠯᠵᠢᠯᠡᠨ ᠥᠷᠭᠡᠳᠬᠡᠵᠦ᠂ ᠣᠷᠣᠨ ᠪᠦᠰᠡ ᠶᠢᠨ ᠭᠠᠳᠠᠨᠠᠬᠢ ᠬᠡᠷᠡᠭᠯᠡᠭᠡ ᠶᠢ ᠭᠦᠢᠴᠡᠳ ᠲᠠᠲᠠᠨ᠎ᠠ᠃ ᠭᠠᠳᠠᠭᠠᠳᠤ ᠠᠷᠠᠯᠵᠢᠶᠠᠨ ᠤ ᠨᠡᠮᠡᠭᠳᠡᠯ ᠢ ᠦᠭᠡᠶᠢᠰᠬᠡᠬᠦ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠵᠢᠴᠢ ᠨᠡᠮᠡᠭᠳᠡᠯ ᠤᠨ ᠬᠤᠷᠳᠤᠴᠠ ᠶᠢᠨ ︽ᠬᠤᠤᠰ ᠨᠡᠮᠡᠭᠳᠡᠯ︾ ᠢ ᠪᠡᠶᠡᠯᠡᠭᠦᠯᠬᠦ ᠶᠢ ᠪᠠᠲᠤᠯᠠᠨ᠎ᠠ᠃      ︵ᠭᠤᠷᠪᠠ︶ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠠᠳᠬᠤᠵᠤ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠬᠥᠭᠵᠢᠯᠲᠡ ᠶᠢᠨ ᠳᠠᠯᠳᠠ ᠬᠦᠴᠦᠨ ᠢ ᠪᠠᠳᠠᠷᠠᠭᠤᠯᠬᠤ ᠲᠠᠯ᠎ᠠ ᠪᠠᠷ ᠨᠠᠩ ᠶᠡᠭᠡ ᠣᠷᠣᠨ ᠵᠠᠢ ᠶᠢ ᠥᠷᠭᠡᠳᠬᠡᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢᠨ ᠳᠠᠪᠠᠭᠤᠯᠢᠭ ᠢ ᠨᠡᠮᠡᠭᠳᠡᠭᠦᠯᠬᠦ ︽ᠠᠯᠲᠠᠨ ᠲᠦᠯᠬᠢᠭᠦᠷ︾ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠭᠦᠨᠴᠡ ᠥᠷᠭᠡᠴᠡ ᠶᠢ ᠪᠦᠬᠦ ᠲᠠᠯ᠎ᠠ ᠪᠠᠷ ᠥᠷᠭᠡᠳᠬᠡᠨ᠎ᠡ᠃ ᠨᠢᠭᠡ ᠳᠤ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠥᠷᠭᠡᠳᠬᠡᠨ᠎ᠡ᠃ ᠣᠳᠣᠬᠢᠴᠢᠯᠠᠭᠰᠠᠨ ᠤᠯᠤᠰ ᠠᠴᠠ ᠥᠮᠴᠢᠯᠡᠯᠲᠡ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠤᠯᠤᠰ ᠠᠴᠠ ᠥᠮᠴᠢᠯᠡᠯᠲᠡ ᠠᠵᠤ ᠠᠬᠤᠶᠢᠯᠠᠯ ᠤᠨ ᠭᠤᠣᠯ ᠠᠵᠢᠯ ᠢᠶᠠᠨ ᠬᠦᠴᠦᠷᠬᠡᠭᠵᠢᠭᠦᠯᠬᠦ᠂ ᠡᠳ᠋ ᠬᠥᠷᠥᠩᠭᠡ ᠪᠠᠨ ᠪᠤᠵᠠᠭᠠᠶᠢᠷᠠᠭᠤᠯᠬᠤ᠂ ᠡᠵᠡᠩᠨᠡᠯᠲᠡ ᠪᠠᠨ ᠰᠢᠯᠢᠳᠡᠭᠵᠢᠭᠦᠯᠬᠦ ᠶᠢ ᠭᠤᠣᠯᠳᠠᠯᠭ᠎ᠠ ᠲᠠᠢ ᠠᠬᠢᠭᠤᠯᠵᠤ᠂ ᠤᠯᠤᠰ ᠠᠴᠠ ᠥᠮᠴᠢᠯᠡᠯᠲᠡ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠥᠮᠴᠢᠯᠡᠬᠦ ᠡᠷᠬᠡ ᠶᠢ ᠡᠷᠭᠢᠯᠳᠦᠭᠦᠯᠦᠨ ᠠᠷᠠᠯᠵᠢᠶᠠᠯᠠᠬᠤ ᠶᠢ ᠵᠢᠷᠤᠮᠵᠢᠭᠤᠯᠬᠤ᠂ ᠭᠠᠵᠠᠷ ᠰᠢᠷᠣᠶ ᠶᠢ ᠥᠨᠳᠥᠷ ᠪᠦᠲᠦᠮᠵᠢᠲᠡᠶ ᠪᠠᠷ ᠠᠰᠢᠭᠯᠠᠬᠤ ᠵᠡᠷᠭᠡ ᠲᠠᠷᠢᠶᠠᠯᠠᠩ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠡᠭᠦᠷᠭᠡ ᠶᠢ ᠰᠢᠨ᠎ᠡ ᠪᠠᠷ ᠨᠡᠮᠡᠭᠳᠡᠭᠦᠯᠬᠦ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠲᠠᠷᠢᠶᠠᠯᠠᠩ ᠤᠨ ᠪᠡᠯᠡᠳᠬᠡᠮᠵᠢ ᠶᠢᠨ ᠪᠠᠷᠢᠴᠠᠭᠠᠯᠠᠨ ᠳᠡᠩᠰᠡᠯᠡᠵᠦ ᠳᠠᠭᠠᠭᠠᠯᠲᠠ ᠬᠢᠵᠦ ᠪᠠᠯᠠ ᠳᠣᠭᠢᠷᠠᠭᠤᠯᠬᠤ ᠲᠤᠷᠰᠢᠯᠲᠠ ᠶᠢᠨ ᠴᠢᠭ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠠᠷᠠᠯᠵᠢᠶᠠᠯᠠᠬᠤ ᠲᠠᠪᠴᠠᠩ ᠢ ᠪᠣᠳᠠᠲᠤ ᠴᠣᠭᠴᠠᠵᠢᠭᠤᠯᠤᠨ ᠠᠵᠢᠯᠯᠠᠭᠤᠯᠵᠤ᠂ ᠵᠢᠯ ᠤᠨ ᠠᠷᠠᠯᠵᠢᠶᠠᠯᠠᠭᠰᠠᠨ ᠲᠤᠭ᠎ᠠ ᠶᠢ 4 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ ᠪᠥᠬᠦ ᠣᠷᠣᠨ ᠤ ᠠᠩᠬᠠᠳᠠᠭᠴᠢ ᠪᠦᠯᠦᠭ ᠣᠷᠤᠭ ᠬᠤᠷᠢᠮ ᠤᠨ ᠵᠠᠩ ᠦᠶ᠋ᠯᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ 4 A ᠲᠠᠰ ᠤᠨ ᠣᠷᠤᠭ ᠳᠠᠩᠰᠠᠯᠠᠬᠤ ᠪᠠᠶᠢᠭᠤᠯᠭ᠎ᠠ ᠶᠢ ᠴᠢᠨᠠᠷ ᠰᠠᠶᠢᠲᠠᠶ ᠪᠠᠶᠢᠭᠤᠯᠤᠨ᠎ᠠ᠃ ᠬᠤᠶᠠᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠬᠢᠬᠦ ᠢᠨᠵᠧᠨᠧᠷᠢᠩ ᠢ ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠰᠢᠨ᠎ᠡ ᠶᠢ ᠡᠭᠦᠳᠬᠦ ᠭᠤᠤᠯ ᠴᠣᠭᠴᠠ ᠶᠢ ᠲᠦᠷᠭᠡᠳᠬᠡᠨ ᠪᠤᠶᠢᠵᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠰᠢᠪᠲᠤᠯᠤᠯᠲᠠ ᠬᠢᠬᠦ ᠶᠢ ᠳᠡᠮᠵᠢᠵᠦ᠂ ᠰᠢᠨ᠎ᠡ ᠦᠶ᠋ᠯᠡᠳᠬᠦᠨ ᠰᠢᠨ᠎ᠡ ᠮᠡᠷᠭᠡᠵᠢᠯ ᠢᠶᠠᠷ ᠭᠤᠤᠯ ᠠᠵᠢᠯ ᠢᠶᠠᠨ ᠬᠦᠴᠦᠷᠬᠡᠭᠵᠢᠭᠦᠯᠦᠨ᠂ ᠠᠵᠤ ᠠᠬᠤᠶᠢᠯᠠᠯ ᠢᠶᠠᠨ ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠦᠷᠭᠡᠨ ᠪᠤᠶᠢᠵᠢᠬᠤ ᠶᠢ ᠲᠦᠯᠬᠢᠨ ᠠᠬᠢᠭᠤᠯᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠴᠢᠷᠮᠠᠶᠢᠨ ᠡᠭᠦᠳᠦᠨ᠎ᠡ᠃ ᠭᠤᠷᠪᠠ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠦᠨ᠎ᠡ᠃ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ ᠧᠮᠵᠢ ᠶᠢᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠶ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠰᠢᠭᠤᠨ ᠤ ᠰᠢᠶᠠᠩ ᠲᠣᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠩ ᠣᠯᠠᠨ ᠵᠦᠢᠯᠡᠰ ᠢ ᠬᠥᠳᠡᠭᠡ ᠲᠣᠰᠬᠤᠨ ᠳᠤ ᠠᠳᠠᠯᠢ ᠪᠠᠷᠢᠮᠵᠢᠶ᠎ᠠ ᠪᠠᠷ ᠭᠥᠯᠢᠶᠡᠨ ᠠᠪᠴᠤ ᠭᠦᠶ᠋ᠴᠡᠳᠬᠡᠬᠦ᠂ ᠵᠥᠷᠢᠶ᠎ᠡ ᠥᠬᠡᠶ ᠭᠦᠶ᠋ᠴᠡᠳᠬᠡᠬᠦ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠵᠢᠴᠢ ︽ᠶᠡᠷᠦᠩᠬᠡᠶᠢᠯᠡᠭᠰᠡᠨ ᠨᠢᠭᠡ ᠴᠣᠩᠬᠤᠪᠴᠢ ︾ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ 1085 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠦᠨᠡᠮᠯᠡᠯ ᠥᠬᠡᠶ ᠪᠠᠷ ᠭᠦᠶ᠋ᠴᠡᠳᠬᠡᠬᠦ︾᠂ 176 ᠵᠦᠢᠯ ᠤᠨ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠶ᠋ᠴᠡᠳᠬᠡᠬᠦ︾ ᠶᠢ ᠪᠡᠶᠡᠯᠡᠭᠦᠯᠵᠦ᠂ ᠰᠦᠯᠵᠢᠶ᠎ᠡ ᠪᠠᠷ ᠭᠦᠶ᠋ᠴᠡᠳᠬᠡᠬᠦ ᠨᠣᠷᠮ᠎ᠠ ᠶᠢ 90 % ᠠᠴᠠ ᠳᠡᠭᠡᠭᠰᠢ ᠳᠤ ᠬᠦᠷᠦᠭᠦᠯᠦᠨ᠎ᠡ᠃ ︽12345︾ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠲᠥᠬᠦᠮ ᠦᠵᠡᠭᠦᠯᠦᠨ ᠠᠷᠠᠳ ᠲᠤ ᠠᠰᠢᠭ ᠬᠦᠷᠲᠡᠭᠡᠬᠦ ᠲᠠᠯ᠎ᠠ ᠪᠠᠷ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃      ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠠᠯ᠎ᠠ ᠪᠠᠷ ᠨᠠᠩ ᠶᠡᠭᠡ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ ᠨᠠᠷᠢᠯᠢᠭ ᠬᠡᠷᠡᠭᠯᠡᠵᠦ᠂ ︽ᠬᠤᠶᠠᠷ ᠢ ᠪᠠᠲᠤᠯᠠᠬᠤ᠂ ᠭᠤᠷᠪᠠ ᠶᠢ ᠳᠡᠭᠡᠭᠰᠢᠯᠡᠭᠦᠯᠬᠦ᠂ ᠬᠤᠶᠠᠷ ᠢ ᠴᠢᠩᠭᠠᠳᠬᠠᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ᠂ ᠲᠠᠷᠢᠶᠠᠯᠠᠩ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠦᠢᠯᠡᠰ ᠪᠤᠰᠬᠠᠬᠤ ᠳᠤ ᠲᠣᠬᠢᠷᠠᠮᠵᠢᠲᠠᠶ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠠᠨ ᠴᠢᠨᠡᠭᠡᠯᠢᠭ ᠪᠠᠶᠢᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠨᠢᠭᠡ ᠳᠤ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠦᠨ᠎ᠡ᠃ ᠲᠠᠷᠢᠶᠠᠨ ᠭᠠᠵᠠᠷ ᠪᠠ ᠦᠷ᠎ᠡ ᠬᠤᠶᠠᠷ ᠵᠠᠩᠭᠢᠯᠠᠭ᠎ᠠ ᠶᠢ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 100 ᠲᠦᠮᠡᠨ ᠮᠥ ᠬᠠᠷ᠎ᠠ ᠬᠥᠷᠥᠰᠥᠲᠦ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ᠂ 200 ᠲᠦᠮᠡᠨ ᠮᠥ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ᠂ ᠪᠥᠬᠦ ᠰᠢᠶᠠᠨ ᠢᠶᠠᠷ ᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠲᠥᠷᠥᠯ ᠵᠦᠢᠯ ᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠡᠬᠡ ᠴᠣᠭᠴᠠ ᠶᠢ ᠪᠠᠶᠢᠭᠤᠯᠤᠨ ᠬᠦᠴᠦᠷᠬᠡᠭᠵᠢᠭᠦᠯᠬᠦ ᠪᠠᠷ ᠪᠥᠬᠦ ᠬᠦᠴᠦᠨ ᠢᠶᠠᠷ ᠢᠶᠠᠨ ᠴᠢᠷᠮᠠᠶᠢᠨ᠎ᠠ᠃ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠥᠷᠦᠯ ᠵᠦᠢᠯ ᠢ ᠬᠦᠴᠦᠲᠡᠢ ᠬᠡᠷᠡᠭᠵᠢᠭᠦᠯᠵᠦ᠂ ᠤᠯᠤᠰ ᠠᠴᠠ ᠲᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠢ ᠡᠭᠦᠳᠦᠨ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 30 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠦᠷ᠎ᠡ ᠶᠢᠨ ᠦᠢᠯᠡᠰ ᠢ ᠬᠥᠭᠵᠢᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠷ᠎ᠠ ᠪᠤᠷᠴᠠᠭ ᠡᠷᠳᠡᠨᠢ ᠰᠢᠰᠢ ᠶᠢᠨ ᠦᠷ᠎ᠡ ᠦᠢᠯᠡᠳᠬᠦ ᠲᠣᠮᠣ ᠰᠢᠶᠠᠨ ᠤ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠣᠯᠵᠤ᠂ ᠦᠷ᠎ᠡ ᠪᠤᠶᠢᠵᠢᠭᠤᠯᠬᠤ ᠳᠠᠭᠠᠭᠤᠯᠤᠭᠴᠢ ᠠᠵᠤ ᠠᠬᠤᠶᠢᠯᠠᠯ ᠢ ᠲᠡᠳᠬᠦᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠯ ᠤᠨ ᠳᠣᠲᠣᠷ᠎ᠠ ᠰᠢᠷ᠎ᠠ ᠪᠤᠷᠴᠠᠭ ᠤᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠶ ᠶᠢ 1 ᠲᠦᠮᠡᠨ ᠮᠥ ᠠᠴᠠ ᠳᠡᠭᠡᠭᠰᠢ᠂ ᠡᠷᠳᠡᠨᠢ ᠰᠢᠰᠢ ᠶᠢᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ 5000 ᠮᠥ ᠠᠴᠠ ᠳᠡᠭᠡᠭᠰᠢ ᠪᠠᠶᠢᠭᠤᠯᠬᠤ ᠶᠢ ᠪᠠᠲᠤᠯᠠᠨ᠎ᠠ᠃ ᠣᠳᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠥᠭᠵᠢᠭᠦᠯᠵᠦ᠂ ᠵᠢᠯ ᠤᠨ ᠳᠣᠲᠣᠷ᠎ᠠ ᠪᠦᠬᠦ ᠬᠤᠰᠢᠭᠤᠨ ᠤ ᠲᠥᠬᠦᠭᠡᠷᠦᠮᠵᠢᠲᠦ ᠲᠠᠷᠢᠶᠠᠯᠠᠩ ᠤᠨ ᠲᠠᠷᠢᠬᠤ ᠲᠠᠯᠠᠪᠠᠢ ᠶᠢ 1775 ᠮᠤ᠋ ᠳᠤ ᠬᠦᠷᠭᠡᠵᠦ᠂ ᠲᠥᠬᠦᠭᠡᠷᠦᠮᠵᠢᠲᠦ ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠲᠤᠭ᠎ᠠ ᠶᠢ 112 ᠲᠦᠮᠡᠨ ᠲᠣᠯᠣᠭᠠᠢ ᠳᠤ ᠬᠦᠷᠭᠡᠬᠦ ᠪᠠᠷ ᠴᠢᠷᠮᠠᠶᠢᠨ᠎ᠠ᠃ ᠬᠤᠶᠠᠷ ᠲᠤ ᠬᠤᠷᠳᠤᠴᠠ ᠶᠢ ᠲᠦᠷᠭᠡᠳᠬᠡᠵᠦ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠢᠱᠢᠶ᠎ᠡ ᠦᠵᠡᠭᠦᠯᠬᠦ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠶᠢ ᠲᠦᠷᠭᠡᠳᠬᠡᠬᠦ ᠪᠠᠷ ᠤᠳᠤᠷᠢᠳᠤᠮᠵᠢ ᠪᠣᠯᠭᠠᠵᠤ᠂ ᠬᠤᠭ ᠨᠣᠪᠰᠢ ᠪᠣᠬᠢᠷ ᠤᠰᠤ ᠶᠢ ᠵᠠᠰᠠᠬᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠰᠢᠨᠡᠳᠬᠡᠬᠦ᠂ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠤᠵᠢᠭᠤᠯᠬᠤ ᠪᠠᠷ ᠭᠤᠤᠯᠳᠠᠯᠭ᠎ᠠ ᠪᠣᠯᠭᠠᠭᠰᠠᠨ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠲᠠᠪᠤᠨ ᠵᠢᠯ ᠤᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠶᠢᠯ ᠲᠣᠰᠬᠤᠨ ᠤ ᠣᠷᠣᠬᠤ ᠡᠭᠦᠳᠡ᠂ ᠵᠠᠰᠠᠮᠠᠯ ᠵᠠᠮ᠂ ᠣᠯᠠᠨ ᠨᠡᠶᠢᠲᠡ ᠶᠢᠨ ᠪᠠᠷᠢᠯᠭ᠎ᠠ ᠵᠡᠷᠭᠡ ᠳᠦᠷᠢ ᠲᠥᠷᠬᠦ ᠶᠢᠨ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠨᠢᠭᠡ ᠪᠦᠯᠦᠭ ᠠᠵᠤ ᠦᠢᠯᠡᠰ ᠢᠶᠠᠷ ᠲᠣᠪᠤᠶᠢᠮ᠎ᠠ᠂ ᠣᠨᠴᠠᠯᠢᠭ ᠢᠶᠠᠷ ᠢᠯᠡ ᠲᠣᠳᠣ ᠵᠢᠱᠢᠶ᠎ᠡ ᠦᠵᠡᠭᠦᠯᠬᠦ ᠠᠶᠢᠯ ᠲᠣᠰᠬᠤᠨ ᠢ ᠪᠣᠶ ᠪᠣᠯᠭᠠᠨ᠎ᠠ᠃ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠴᠠᠬᠢᠯᠭᠠᠨ ᠲᠦᠭᠡᠭᠡᠬᠦ ᠲᠤᠤᠷ ᠰᠦᠯᠵᠢᠶ᠎ᠡ ᠶᠢᠨ ᠥᠭᠡᠷᠡᠴᠢᠯᠡᠯᠲᠡ᠂ ᠮᠤᠵᠢ ᠶᠢᠨ ᠵᠠᠮ ᠤᠨ S 307 ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ᠂ ᠬᠤᠩ ᠬᠤᠸᠠ ᠯᠢᠶᠠᠩ ᠽᠢ ᠠᠴᠠ ᠰᠤᠷᠴᠢ ᠬᠦᠷᠬᠦ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠳᠡᠰ ᠳᠡᠪᠰᠢᠭᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠠᠷᠠᠴᠢᠯᠠᠨ ᠬᠠᠮᠠᠭᠠᠯᠠᠬᠤ ᠲᠥᠷᠥᠯ ᠵᠦᠢᠯ ᠢ ᠢᠳᠡᠪᠬᠢᠯᠡᠨ ᠣᠯᠵᠤ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠲᠣᠰᠬᠤᠨ ᠢ ᠬᠠᠮᠤᠷᠬᠤ᠂ ᠡᠷᠦᠬᠡ ᠲᠡᠰᠢ ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠭᠤᠷᠪᠠ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ᠳᠥᠷᠪᠡ ᠶᠢ ᠥᠯᠥ ᠬᠠᠶᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠷᠢᠯᠢᠭ ᠨᠠᠶᠢᠳᠠᠪᠤᠷᠢᠵᠢᠭᠤᠯᠤᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠠᠳᠠᠭᠤ ᠶᠢ ᠲᠡᠳᠬᠦᠬᠦ ᠮᠠᠯᠵᠢᠯ ᠤᠨ ᠲᠠᠯᠠᠪᠠᠶ ᠵᠡᠷᠭᠡ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠡᠯᠪᠡᠷᠢ ᠪᠠᠨ ᠬᠤᠪᠢᠷᠠᠭᠤᠯᠬᠤ᠂ ᠠᠯᠳᠠᠭᠳᠠᠯ ᠢᠶᠠᠨ ᠬᠤᠪᠢᠷᠠᠭᠤᠯᠤᠨ ᠦᠷ᠎ᠡ ᠪᠦᠲᠦᠮᠵᠢ ᠤᠯᠬᠤ ᠶᠢ ᠶᠡᠬᠡᠪᠡᠷ ᠠᠬᠢᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠶ᠂ ᠬᠦᠴᠦ ᠶᠠᠪᠤᠬᠤ ᠨᠥᠬᠦᠪᠥᠷᠢ᠂ ᠬᠤᠷ᠎ᠠ ᠪᠣᠷᠣᠭᠠᠨ ᠲᠥᠯᠥᠪᠯᠡᠭᠡ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ᠂ ᠶᠠᠳᠠᠭᠤ ᠬᠦᠴᠢᠷᠳᠡᠯᠲᠡᠶ ᠶᠢ ᠰᠡᠷᠭᠡᠶᠢᠯᠡᠬᠦ ᠳᠠᠭᠠᠳᠬᠠᠯ ᠵᠡᠷᠭᠡ ᠬᠤᠷᠢᠭ᠎ᠠ ᠱᠤᠭᠤᠮ ᠢ ᠰᠠᠬᠢᠬᠤ᠂ ᠳᠤᠲᠠᠭᠤᠳᠠᠯ ᠢᠶᠠᠨ ᠨᠥᠬᠦᠪᠥᠷᠢᠯᠡᠬᠦ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠲᠥᠪ ᠠᠴᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠡᠳᠬᠦᠨ ᠬᠥᠭᠵᠢᠭᠦᠯᠵᠦ ᠪᠤᠵᠠᠭᠠᠶᠢᠷᠠᠭᠤᠯᠤᠨ ︽ᠡᠷᠬᠢᠨ ᠬᠠᠷᠠᠬᠤ︾ ᠠᠵᠢᠯᠯᠠᠭ᠎ᠠ ᠶᠢ ᠥᠷᠨᠢᠭᠦᠯᠵᠦ᠂ ᠪᠥᠬᠦ ᠵᠢᠯ ᠳᠤ ᠲᠣᠰᠬᠤᠨ ᠤ ᠬᠠᠮᠲᠤ ᠶᠢᠨ ᠠᠵᠤ ᠠᠬᠤᠶ ᠶᠢ 500 ᠲᠦᠮᠡᠨ ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃      ︵ᠲᠠᠪᠤ︶ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠳᠬᠤᠵᠤ ᠬᠥᠭᠵᠢᠯᠲᠡ ᠶᠢ ᠡᠷᠢᠯᠬᠢᠯᠡᠨ᠂ ᠬᠤᠲᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠲᠠᠯ᠎ᠠ ᠪᠠᠷ ᠨᠠᠩ ᠶᠡᠭᠡ ᠠᠯᠬᠤᠮ ᠢ ᠠᠯᠬᠤᠨ᠎ᠠ᠃ ᠰᠣᠳᠣᠨ ᠪᠦᠲᠦᠭᠡᠯ ᠤᠨ ᠤᠬᠠᠮᠰᠠᠷ ᠢ ᠪᠠᠲᠤ ᠪᠣᠶ ᠪᠣᠯᠭᠠᠵᠤ᠂ ︽ᠬᠤᠸᠠᠷ ᠬᠠᠳᠬᠤᠬᠤ︾ ᠬᠦᠴᠦ ᠣᠷᠣᠭᠤᠯᠵᠤ᠂ ᠬᠤᠲᠠ ᠶᠢᠨ ᠭᠤ ᠤᠠ᠋ ᠰᠠᠶᠢᠬᠠᠨ ᠢ ᠨᠠᠷᠢᠯᠢᠭ ᠱᠤᠭᠤᠬᠤ ᠬᠡᠷᠡᠭᠲᠡᠶ᠃ ᠨᠢᠭᠡ ᠳᠤ ︽ᠳᠡᠭᠡᠳᠦ ᠳᠡᠰ︾ ᠢᠶᠠᠷ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠹᠦ᠋ ᠰᠢᠨ ᠵᠢᠶᠠ ᠶᠤᠸᠠᠨ᠂ ᠶᠤᠸᠠᠢ ᠬᠤᠸᠠ ᠠᠭᠤᠳᠠᠮ ᠲᠠᠯᠠᠪᠠᠢ ᠵᠡᠷᠭᠡ ᠭᠡᠷ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠵᠢᠯ ᠤᠨ ᠳᠣᠲᠣᠷ᠎ᠠ 3 . 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 26 . 96 ᠲᠦᠮᠡᠨ ᠲᠡᠭᠰᠢ ᠳᠥᠷᠪᠡᠯᠵᠢᠨ ᠮᠧᠳ᠋ᠷ ᠲᠠᠯᠠᠪᠠᠢ ᠪᠦᠬᠦᠢ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠠᠭᠤᠴᠢᠨ ᠬᠤᠲᠠ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠢᠯ ᠤᠨ ᠳᠣᠲᠣᠷ᠎ᠠ 20 ᠲᠦᠮᠡᠨ ᠲᠡᠭᠰᠢ ᠳᠥᠷᠪᠡᠯᠵᠢᠨ ᠮᠧᠳ᠋ᠷ ᠠᠴᠠ ᠳᠡᠭᠡᠭᠰᠢᠬᠢ ᠭᠠᠵᠠᠷ ᠰᠢᠷᠣᠢ ᠶᠢ ᠰᠤᠯᠠᠯᠠᠨ ᠭᠠᠷᠭᠠᠬᠤ ᠶᠢ ᠪᠠᠲᠤᠯᠠᠨ᠎ᠠ᠃ ᠤᠯᠤᠰ ᠠᠴᠠ ᠴᠡᠴᠡᠷᠯᠢᠭᠵᠢᠭᠦᠯᠦᠭᠰᠡᠨ ᠬᠤᠲᠠ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠬᠤᠲᠠ ᠶᠢᠨ ᠨᠣᠭᠤᠭᠠᠷᠠᠭᠤᠯᠤᠯᠲᠠ᠂ ᠭᠤᠶᠤᠵᠢᠭᠤᠯᠤᠯᠳᠠ᠂ ᠭᠡᠷᠡᠯᠲᠦᠭᠦᠯᠭᠡ ᠶᠢᠨ ᠢᠨᠵᠧᠨᠧᠷᠢᠩ ᠢ ᠨᠢᠭᠡ ᠴᠣᠭᠴᠠᠵᠢᠭᠤᠯᠤᠨ ᠵᠢᠷᠤᠭᠯᠠᠨ ᠲᠥᠯᠥᠪᠯᠡᠵᠦ ᠬᠡᠷᠡᠭᠵᠢᠭᠦᠯᠦᠨ᠂ ᠡᠶ᠎ᠡ ᠵᠣᠬᠢᠴᠠᠯᠳᠤ ᠶᠡᠭᠡ ᠵᠡᠭᠡᠯᠢ ᠶᠢᠨ ᠨᠣᠭᠤᠭᠠᠷᠠᠭᠤᠯᠤᠯᠲᠠ ᠶᠢᠨ ᠦᠵᠡᠮᠵᠢ ᠶᠢᠨ ᠪᠦᠰᠡ᠂ ᠡᠮᠦᠨᠡᠲᠦ ᠤᠮᠠᠷᠠᠲᠤ ᠶᠢᠨ ᠣᠷᠣᠵᠤ ᠭᠠᠷᠬᠤ ᠭᠠᠵᠠᠷ ᠪᠠ ᠵᠠᠮ ᠳᠠᠭᠠᠤ ᠶᠢᠨ ᠨᠣᠭᠤᠭᠠᠷᠠᠭᠤᠯᠤᠯᠲᠠ ᠬᠢᠵᠦ ᠳᠡᠰ ᠳᠡᠪᠰᠢᠭᠦᠯᠬᠦ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠬᠥᠭᠵᠢᠭᠦᠯᠦᠨ ᠮᠠᠨᠳᠤᠭᠤᠯᠬᠤ ᠵᠠᠮ᠂ ᠠᠷᠤᠨ ᠶᠡᠭᠡ ᠵᠡᠭᠡᠯᠢ ᠶᠢᠨ ᠲᠡᠮᠳᠡᠭ ᠲᠠᠢ ᠪᠠᠷᠢᠯᠭ᠎ᠠ ᠶᠢ ᠭᠤᠶᠣᠵᠢᠭᠤᠯᠤᠨ ᠭᠡᠷᠡᠯᠲᠦᠭᠦᠯᠬᠦ ᠶᠢ ᠪᠦᠯᠦᠭ ᠬᠤᠪᠢᠶᠠᠨ ᠪᠡᠶᠡᠯᠡᠭᠦᠯᠵᠦ᠂ ᠬᠤᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠂ ᠦᠵᠡᠰᠬᠦᠯᠡᠩᠲᠦ ᠰᠠᠶᠢᠬᠠᠨ ᠠᠷᠤᠨ ᠢ ᠪᠥᠬᠦ ᠬᠦᠴᠦᠨ ᠢᠶᠠᠷ ᠴᠣᠭᠴᠠᠯᠠᠨ ᠪᠠᠶᠢᠭᠤᠯᠤᠨ᠎ᠠ᠃ ᠬᠤᠶᠠᠷ ᠲᠤ᠂ ︽ᠴᠢᠨᠠᠷ ᠰᠠᠶᠢᠲᠠᠶ︾ ᠬᠤᠲᠠ ᠶᠢᠨ ᠰᠢᠨᠡᠴᠢᠯᠡᠯᠲᠡ ᠶᠢ ᠬᠡᠷᠡᠭᠵᠢᠭᠦᠯᠦᠨ᠎ᠡ᠃ ︽ᠬᠠᠶᠢᠷ᠎ᠠ ᠬᠠᠯᠠᠮᠵᠢ ᠬᠦᠷᠲᠡᠭᠡᠬᠦ ᠢᠨᠵᠧᠨᠧᠷᠢᠩ︾ ᠢ ᠭᠦᠨᠵᠡᠭᠡᠶ ᠲᠦᠯᠬᠢᠨ ᠠᠬᠢᠭᠤᠯᠵᠤ᠂ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠬᠦ ︽ᠲᠠᠪᠤᠨ ᠠᠵᠢᠯᠯᠠᠭ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠢᠯᠴᠢ ᠬᠠᠩᠭᠠᠬᠤ ᠬᠠᠭᠤᠴᠢᠨ ᠬᠤᠭᠤᠯᠠᠶ ᠶᠢᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠵᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠭᠤᠣᠯᠳᠠᠯᠭ᠎ᠠ ᠲᠠᠢ ᠬᠦᠴᠢᠷᠳᠡᠯᠲᠡᠶ ᠪᠠᠭ᠎ᠠ ᠲᠣᠭᠤᠷᠢᠭ ᠲᠤ ᠲᠥᠪᠯᠡᠷᠡᠭᠦᠯᠦᠨ ᠪᠠᠬᠢᠯᠡᠯᠲᠡ ᠳᠠᠭᠠᠷᠢᠬᠤ ᠶᠢ ᠥᠷᠨᠢᠭᠦᠯᠦᠨ᠂ ᠢᠯᠴᠢ ᠬᠠᠩᠭᠠᠬᠤ ᠠᠵᠤ ᠠᠬᠤᠶᠢᠯᠠᠯ ᠤᠨ ᠵᠥᠪᠰᠢᠶᠡᠷᠡᠨ ᠣᠷᠣᠭᠤᠯᠬᠤ᠂ ᠨᠥᠬᠦᠪᠥᠷᠢ ᠥᠭᠬᠦ ᠪᠠ ᠪᠤᠴᠠᠭᠠᠵᠤ ᠭᠠᠷᠭᠠᠬᠤ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢ ᠴᠢᠩᠭᠠᠳᠬᠠᠨ᠂ ᠲᠥᠪᠯᠡᠷᠡᠭᠦᠯᠦᠨ ᠢᠯᠴᠢ ᠬᠠᠩᠭᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ︽ᠬᠠᠶᠢᠷ᠎ᠠ ᠬᠠᠯᠠᠮᠵᠢ ᠬᠦᠷᠭᠡᠬᠦ ᠢᠨᠵᠧᠨᠧᠷᠢᠩ︾ ᠢ ᠦᠨᠡᠨᠬᠦ ︽ᠠᠷᠠᠳ ᠤᠨ ᠰᠡᠳᠬᠢᠯ ᠤᠨ ᠢᠨᠵᠧᠨᠧᠷᠢᠩ︾ ᠪᠣᠯᠭᠠᠬᠤ ᠬᠡᠷᠡᠭᠲᠡᠶ᠃ ︽ᠪᠢᠴᠢᠯ ᠥᠭᠡᠷᠡᠴᠢᠯᠡᠯᠲᠡ᠂ ᠨᠠᠷᠢᠯᠢᠭ ᠳᠡᠭᠡᠭᠰᠢᠯᠡᠯᠲᠡ︾ ᠶᠢ ᠬᠢᠨᠠᠮᠠᠭᠠᠢ ᠬᠡᠷᠡᠭᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ ᠲᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠲᠦᠷᠭᠡᠳᠬᠡᠨ ᠠᠬᠢᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠳᠤᠮᠳᠠᠬᠢ ᠤᠰᠤᠨ ᠤ ᠬᠤᠭᠤᠯᠠᠢ 12 . 2 ᠺᠢᠯᠣᠮᠧᠳ᠋ᠷ ᠤᠷᠲᠤ᠂ 6 . 4 ᠺᠢᠯᠣᠮᠧᠳ᠋ᠷ ᠤᠷᠲᠤ ᠪᠣᠬᠢᠷ ᠤᠰᠤ ᠰᠢᠢᠳᠪᠦᠷᠢᠯᠡᠬᠦ ᠬᠤᠭᠤᠯᠠᠢ ᠶᠢ ᠤᠷᠲᠤᠳᠬᠠᠵᠤ᠂ 8 ᠰᠠᠭᠤᠷᠢ ᠬᠤᠭ ᠨᠣᠪᠰᠢ ᠰᠢᠢᠳᠪᠦᠷᠢᠯᠡᠬᠦ ᠥᠷᠲᠡᠭᠡ ᠶᠢ ᠰᠢᠨ᠎ᠡ ᠪᠠᠷ ᠪᠠᠶᠢᠭᠤᠯᠤᠨ᠂ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠤᠨ ᠵᠡᠭᠡᠯᠢ ᠂ ᠬᠤᠶᠢᠲᠤ ᠲᠣᠭᠤᠷᠢᠯ ᠵᠠᠮ ᠵᠡᠷᠭᠡ ︽ᠮᠤᠬᠤᠷ ᠵᠠᠮ︾ ᠢ ᠨᠡᠪᠲᠡᠷᠡᠭᠦᠯᠬᠦ ᠪᠠᠷ ᠴᠢᠷᠮᠠᠶᠢᠨ᠂ ︽ᠬᠠᠷᠠᠩᠭᠤᠢ ᠵᠠᠮ︾ ᠢ ᠦᠷᠭᠦᠯᠵᠢᠯᠡᠨ ᠥᠭᠡᠷᠡᠴᠢᠯᠡᠵᠦ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ ᠴᠢᠳᠠᠪᠤᠷᠢ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠭᠤᠷᠪᠠ ᠳᠤ ︽ᠥᠨᠳᠥᠷ ᠪᠠᠷᠢᠮᠵᠢᠶ᠎ᠠ︾ ᠪᠠᠷ ᠨᠠᠷᠢᠯᠢᠭ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ︽ᠵᠡᠭᠡᠯᠢ ᠶᠢ ᠴᠢᠩᠭ᠎ᠠ ᠬᠠᠮᠢᠶᠠᠷᠬᠤ︾ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠡᠮᠦᠨᠡᠳᠡᠬᠢ ᠭᠠᠳᠠᠭᠠᠳᠤ ᠭᠠᠷᠭᠠᠯᠲᠠ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠲᠣᠭᠲᠠᠭᠠᠯ ᠠᠴᠠ ᠵᠥᠷᠢᠴᠡᠨ ᠪᠠᠶᠢᠭᠤᠯᠵᠤ ᠡᠵᠡᠯᠡᠬᠦ ᠶᠢ ᠲᠤᠰᠬᠠᠶᠢᠯᠠᠨ ᠴᠡᠭᠴᠡᠯᠡᠨ ᠵᠠᠰᠠᠬᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠢᠷᠤᠮᠵᠢᠭᠤᠯᠤᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠴᠡᠪᠡᠷ ᠲᠡᠭᠰᠢ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠤᠲᠠ ᠶᠢᠨ ᠣᠷᠴᠢᠨ ᠲᠣᠭᠤᠷᠢᠨ ᠢ ᠪᠤᠶ ᠪᠣᠯᠭᠠᠨ᠎ᠠ᠃ ᠠᠳᠠᠯ ᠠᠬᠤᠢ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠬᠤ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠠᠭᠤᠴᠢᠨ ᠵᠢᠵᠢᠭ ᠲᠣᠭᠤᠷᠢᠭ᠂ ᠭᠠᠭᠴᠠ ᠴᠣᠭᠴᠠᠲᠤ ᠠᠰᠠᠷ ᠤᠨ ᠠᠳᠠᠯ ᠠᠬᠤᠢ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠵᠡᠷᠭᠡᠪᠡᠷ ᠳᠡᠭᠡᠭᠰᠢᠯᠡᠭᠦᠯᠦᠨ᠂ ᠤᠷᠭᠤᠮᠠᠯ ᠭᠠᠪᠢᠷ᠎ᠠ ᠶᠢᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ ᠵᠡᠷᠭᠡ 3 ᠥᠨᠳᠥᠷ ᠪᠠᠷᠢᠮᠵᠢᠶᠠᠲᠤ ᠠᠳᠠᠯ ᠠᠬᠤᠢ ᠶᠢᠨ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠵᠢᠵᠢᠭ ᠲᠣᠭᠤᠷᠢᠭ ᠢ ᠲᠥᠷᠥᠯ ᠬᠤᠪᠢᠶᠠᠨ ᠡᠭᠦᠳᠦᠨ ᠪᠠᠶᠢᠭᠤᠯᠤᠨ᠎ᠠ᠃ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢᠨ ︽ᠭᠤᠷᠪᠠᠨ ᠬᠦᠴᠢᠷᠳᠡᠯ︾ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ᠤᠯᠠᠨ ᠲᠦᠮᠡᠨ ᠳᠤ ᠬᠠᠮᠤᠭ ᠤᠨ ᠬᠠᠯᠠᠭᠤᠨ ᠳᠤᠯᠠᠭᠠᠨ ᠪᠣᠳᠠᠲᠤ ᠶᠠᠪᠤᠳᠠᠯ ᠢ ᠰᠠᠶᠢᠲᠤᠷ ᠬᠢᠵᠦ ᠥᠭᠭᠦᠨ᠎ᠡ᠃      ︵ᠵᠢᠷᠭᠤᠭ᠎ᠠ︶ ᠠᠮᠢ ᠠᠬᠤᠶ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠳᠬᠤᠵᠤ᠂ ᠦᠵᠡᠰᠬᠦᠯᠡᠩᠲᠦ ᠰᠠᠶᠢᠬᠠᠨ ᠠᠷᠤᠩ ᠢ ᠪᠥᠲᠥᠭᠡᠨ ᠪᠠᠶᠢᠭᠤᠯᠬᠤ ᠳᠡᠭᠡᠷ᠎ᠡ ᠨᠠᠩ ᠶᠡᠭᠡ ᠵᠢᠳᠬᠦᠯ ᠴᠢᠷᠮᠠᠶᠢᠯᠭ᠎ᠠ ᠭᠠᠷᠭᠠᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠪᠦᠬᠦ ᠣᠷᠣᠨ ᠪᠦᠰᠡ ᠪᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠪᠦᠬᠦ ᠬᠦᠷᠢ᠊ ᠡᠶ᠎ᠡ ᠪᠦᠬᠦ ᠶᠠᠪᠤᠴᠠ ᠪᠠᠷ ᠠᠬᠢᠭᠤᠯᠬᠤ ᠬᠡᠷᠡᠭᠲᠡᠢ᠃ ᠨᠢᠭᠡ ᠳᠤ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠦᠷᠭᠦᠯᠵᠢᠯᠡᠨ ᠴᠢᠩᠭᠠᠳᠬᠠᠨ᠎ᠠ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠳᠤ ᠲᠥᠯᠥᠪᠵᠢᠭᠦᠯᠵᠦ᠂ ᠠᠭᠤᠯᠠ ᠶᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ 934 . 83 ᠲᠦᠮᠡᠨ ᠮᠦ ᠣᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠥᠷᠢ ᠵᠡᠷᠭᠡ ᠠᠮᠢ ᠠᠬᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠣᠢ ᠰᠢᠭᠤᠢ ᠶᠢᠨ ᠭᠠᠯ ᠰᠡᠷᠭᠡᠶᠢᠯᠡᠬᠦ ᠵᠠᠮ ᠢ ᠰᠢᠨ᠎ᠡ ᠪᠠᠷ ᠪᠠᠶᠢᠭᠤᠯᠬᠤ ᠢᠨᠵᠧᠨᠧᠷᠢᠩ ᠵᠢᠴᠢ ᠢᠵᠢ ᠪᠦᠷᠢᠳᠦᠭᠰᠡᠨ ᠳᠠᠭᠠᠯᠲᠠ ᠲᠥᠬᠦᠭᠡᠷᠦᠮᠵᠢ ᠶᠢᠨ ᠲᠥᠷᠥᠯ ᠵᠦᠢᠯ ᠢ ᠣᠯᠬᠤ ᠪᠠᠷ ᠢᠳᠡᠪᠬᠢᠲᠡᠢ ᠴᠢᠷᠮᠠᠶᠢᠨ᠎ᠠ᠃ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠭᠦᠨᠵᠡᠭᠡᠶ ᠬᠡᠷᠡᠭᠵᠢᠭᠦᠯᠵᠦ᠂ ᠠᠷᠤᠨ ᠭᠤᠣᠯ᠂ ᠭᠡᠨᠢ ᠭᠤᠣᠯ ᠤᠨ ᠴᠢᠬᠤᠯᠠ ᠰᠠᠯᠪᠤᠷᠢ ᠤᠷᠤᠰᠬᠠᠯ ᠪᠣᠯᠤᠨ ᠰᠤᠷᠴᠢ ᠭᠤᠣᠯ᠂ ᠬᠤᠸᠠᠩ ᠬᠤᠤ ᠭᠧᠦ ᠵᠡᠷᠭᠡ ᠳᠤᠮᠳᠠ ᠪᠠᠭ᠎ᠠ ᠭᠤᠣᠯ ᠮᠥᠷᠡᠨ ᠢ ᠵᠠᠰᠠᠬᠤ ᠢᠨᠵᠧᠨᠧᠷᠢᠩ ᠢ ᠢᠳᠡᠪᠬᠢᠲᠡᠶ ᠲᠡᠮᠡᠴᠡᠨ ᠣᠯᠵᠤ᠂ ᠰᠠᠯᠢ ᠭᠧᠦ ᠶᠢ ᠵᠠᠰᠠᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ ᠂ ᠬᠠᠤᠯᠢ ᠪᠤᠰᠤ ᠪᠠᠷ ᠡᠯᠡᠰᠦ ᠮᠠᠯᠲᠠᠬᠤ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ᠂ ᠲᠣᠭᠲᠠᠭᠠᠯ ᠠᠴᠠ ᠵᠥᠷᠢᠴᠡᠨ ᠤᠰᠤ ᠲᠠᠲᠠᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠵᠢᠯ ᠤᠨ ᠳᠣᠲᠣᠷ᠎ᠠ 614 ᠵᠤᠷᠪᠤᠰ ᠢᠳᠡᠭᠳᠡᠮᠡᠯ ᠭᠤᠤ᠂ ᠠᠭᠤᠯᠠᠨ ᠦᠶᠡᠷ ᠤᠨ ᠭᠤᠤ 5 ᠵᠤᠷᠪᠤᠰ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠲᠠᠯᠠᠪᠠᠶ ᠶᠢ 164 . 7 ᠲᠡᠭᠰᠢ ᠳᠥᠷᠪᠡᠯᠵᠢᠨ ᠺᠢᠯᠤᠮᠧᠳ᠋ᠷ ᠵᠠᠰᠠᠬᠤ ᠪᠠᠷ ᠴᠢᠷᠮᠠᠶᠢᠨ᠎ᠠ᠃ ᠬᠠᠶᠠᠭᠳᠠᠮᠠᠯ ᠮᠠᠲ᠋ᠧᠷᠢᠶᠠᠯ ᠠᠪᠬᠤ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠪᠠ ᠴᠠᠪᠠᠴᠢ ᠰᠢᠶᠠᠩ ᠤᠨ ᠭᠦᠸᠧ ᠵᠢᠶᠠ ᠶᠣᠣ ᠶᠢᠨ ᠰᠢᠪᠠᠷ ᠴᠢᠯᠠᠭᠤᠨ ᠤᠷᠤᠰᠬᠠᠯ ᠤᠨ ᠭᠠᠵᠠᠷ ᠤᠨ ᠭᠠᠮᠰᠢᠭ ᠤᠨ ᠬᠡᠮ ᠰᠣᠭᠤᠭ ᠢ ᠵᠠᠰᠠᠬᠤ ᠲᠥᠷᠥᠯ ᠵᠦᠢᠯ ᠢ ᠤᠯᠬᠤ ᠪᠠᠷ ᠢᠳᠡᠪᠬᠢᠲᠡᠶ ᠴᠢᠷᠮᠠᠶᠢᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢᠨ ᠰᠡᠷᠭᠦᠭᠡᠯᠲᠡ ᠶᠢ ᠴᠢᠨᠠᠷ ᠰᠠᠶᠢᠲᠠᠶ ᠪᠡᠶᠡᠯᠡᠭᠦᠯᠦᠨ᠎ᠡ᠃ ᠬᠤᠶᠠᠷ ᠲᠤ ᠣᠷᠴᠢᠨ ᠠᠬᠤᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠢᠰᠲ᠋ᠧᠮ ᠲᠠᠢ ᠪᠠᠷ ᠲᠦᠯᠬᠢᠨ ᠠᠬᠢᠭᠤᠯᠤᠨ᠎ᠠ᠃ ︽ᠬᠥᠬᠡ ᠣᠭᠲᠠᠷᠭᠤᠢ ᠶᠢᠨ ᠢᠨᠵᠧᠨᠧᠷᠢᠩ︾ ᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ 65 ᠠᠭᠤᠷᠰᠢᠯᠲᠠ ᠶᠢᠨ ᠲᠣᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠪᠠ ᠠᠷᠤᠨ ᠴᠡᠪᠡᠷ ᠳᠤᠯᠠᠭᠠᠯᠠᠭ᠎ᠠ ᠶᠢ ᠣᠷᠣᠯᠠᠭᠤᠯᠬᠤ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠭᠠᠳᠠᠭᠰᠢᠯᠠᠭᠤᠯᠤᠯᠲᠠ ᠶᠢ ᠬᠠᠮᠢᠶᠠᠷᠤᠨ ᠡᠵᠡᠮᠳᠡᠬᠦ ᠪᠠ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠢ ᠵᠠᠰᠠᠬᠤ ᠶᠢ ᠵᠣᠬᠢᠶᠠᠨ ᠪᠠᠶᠢᠭᠤᠯᠤᠯᠲᠠ ᠦᠭᠡᠢ ᠭᠦᠨᠵᠡᠭᠡᠢ ᠥᠷᠨᠢᠭᠦᠯᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠪᠠᠢᠬᠤ ᠡᠳᠦᠷ ᠤᠨ ᠲᠤᠭ᠎ᠠ ᠶᠢᠨ ᠬᠠᠷᠢᠴᠠᠯ ᠢ ᠲᠣᠭᠲᠠᠭᠤᠨ ᠪᠠᠶᠢᠯᠭᠠᠨ᠎ᠠ᠃ ︽ᠴᠡᠩᠭᠡᠭ ᠤᠰᠤᠨ ᠤ ᠢᠨᠵᠧᠨᠧᠷᠢᠩ︾ ᠢ ᠭᠦᠨᠵᠡᠭᠡᠶᠢᠷᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ︾ ᠢ ᠪᠠᠶᠢᠩᠭᠤᠵᠢᠭᠤᠯᠤᠨ ᠴᠡᠭᠴᠡᠯᠡᠨ ᠵᠠᠰᠠᠵᠤ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠤᠰᠤᠨ ᠤ ᠴᠢᠨᠠᠷ ᠰᠢᠯᠢᠳᠡᠭ ᠰᠠᠶᠢᠨ ᠪᠠᠶᠢᠬᠤ ᠬᠠᠷᠢᠴᠠᠯ ᠢ 100 % ᠳᠤ ᠬᠦᠷᠦᠭᠦᠯᠦᠨ᠎ᠡ᠃ ︽ᠴᠡᠪᠡᠷ ᠬᠥᠷᠥᠰᠥ ᠶᠢᠨ ᠢᠨᠵᠧᠨᠧᠷᠢᠩ︾ ᠢ ᠭᠦᠨᠵᠡᠭᠡᠶᠢᠷᠡᠭᠦᠯᠦᠨ᠂ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠵᠦ᠂ ᠠᠶᠤᠯᠲᠠᠶ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠲᠤᠰ ᠲᠤᠰ 85 %᠂ 90 % ᠪᠠ 94 % ᠠᠴᠠ ᠳᠡᠭᠡᠭᠰᠢ ᠳᠤ ᠬᠦᠷᠦᠭᠦᠯᠦᠨ ᠵᠢᠷᠤᠮᠵᠢᠭᠤᠯᠤᠨ ᠬᠠᠮᠢᠶᠠᠷᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠢᠨᠠᠷ ᠰᠠᠶᠢᠲᠠᠶ ᠴᠡᠭᠴᠡᠯᠡᠨ ᠰᠠᠶᠢᠵᠢᠷᠠᠭᠤᠯᠤᠨ᠎ᠠ᠃ ᠭᠤᠷᠪᠠ ᠳᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠬᠤ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ︽ᠲᠠᠪᠤᠨ ᠶᠡᠭᠡ ᠰᠠᠭᠤᠷᠢ︾ ᠶᠢᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ 14 ᠬᠡᠰᠡᠭ ᠭᠠᠵᠠᠷ ᠰᠢᠷᠣᠶ 119 . 1 ᠮᠥ ᠶᠢ ᠦᠷᠭᠦᠯᠵᠢᠯᠡᠨ ᠴᠡᠪᠡᠷᠯᠡᠨ ᠠᠷᠢᠯᠭᠠᠪᠠ᠃ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠪᠠ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠠᠪᠬᠤ ᠶᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠠᠷᠢᠶᠠᠯᠠᠩ ᠤᠨ ᠤᠰᠤᠯᠠᠯᠲᠠ ᠶᠢᠨ ᠣᠷᠣᠨ ᠤ ᠤᠰᠤ ᠲᠠᠲᠠᠬᠤ ᠶᠢ ᠬᠢᠨᠠᠨ ᠬᠡᠮᠵᠢᠵᠦ ᠬᠡᠮᠵᠢᠬᠦ ᠪᠡᠯᠡᠳᠬᠡᠮᠵᠢ ᠶᠢ 30 ᠰᠢᠨ᠎ᠡ ᠪᠠᠷ ᠨᠡᠮᠡᠭᠳᠡᠭᠦᠯᠦᠨ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ 11 % ᠠᠴᠠ ᠳᠡᠭᠡᠭᠰᠢ ᠳᠤ ᠬᠦᠷᠦᠭᠦᠯᠦᠨ᠎ᠡ᠃      ︵ᠳᠣᠯᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠨᠠᠩ ᠶᠡᠭᠡ ᠦᠷ᠎ᠡ ᠪᠦᠲᠦᠮᠵᠢ ᠣᠯᠤᠨ᠎ᠠ᠃ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠨᠠᠩ ᠣᠯᠠᠨ ︽ᠣᠯᠠᠨ ᠲᠦᠮᠡᠨ ᠳᠤ ᠲᠠᠭᠠᠯᠠᠭᠳᠠᠬᠤ︾ ᠵᠠᠩᠭᠢᠯᠠᠭ᠎ᠠ ᠶᠢᠨ ᠪᠠᠭ᠎ᠠ ᠶᠠᠪᠤᠳᠠᠯ ᠢ ᠨᠠᠶᠢᠳᠠᠪᠤᠷᠢᠵᠢᠭᠤᠯᠵᠤ᠂ ᠨᠠᠩ ᠣᠯᠠᠨ ︽ᠰᠠᠨᠠᠭᠠᠰᠢᠷᠠᠬᠤ︾ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠢ ᠰᠠᠶᠢᠲᠤᠷ ᠬᠢᠨ᠎ᠠ᠃ ᠨᠢᠭᠡ ᠳᠤ᠂ ᠪᠣᠳᠠᠲᠠᠶ ᠠᠷᠭ᠎ᠠ ᠪᠣᠳᠣᠯᠭ᠎ᠠ ᠪᠠᠷ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠵᠢᠯ ᠣᠯᠭᠤᠯᠲᠠ ᠦᠢᠯᠡᠰ ᠪᠣᠰᠬᠠᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠡᠩ ᠭᠦᠢᠴᠡᠳ᠂ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠦᠨ᠎ᠡ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠨ᠎ᠠ᠃ ᠤᠶᠤᠨᠲᠤ ᠡᠮᠨᠡᠯᠭᠡ ᠶᠢᠨ ᠳᠠᠭᠠᠳᠬᠠᠯ ᠤᠨ ᠪᠠᠶᠢᠭᠤᠯᠤᠯᠲᠠ ᠶᠢ ᠲᠦᠷᠭᠡᠳᠬᠡᠵᠦ᠂ ᠨᠡᠶᠢᠭᠡᠮ ᠤᠨ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠢᠳᠡᠪᠬᠢᠯᠡᠨ ᠣᠯᠵᠤ᠂ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠲᠥᠪ ᠢ ᠳᠡᠭᠡᠭᠰᠢᠯᠡᠭᠦᠯᠬᠦ ᠪᠠ ᠣᠷᠣᠨ ᠪᠦᠰᠡ ᠶᠢᠨ ᠴᠢᠨᠠᠷᠲᠠᠶ ᠵᠢᠱᠢᠶ᠎ᠡ ᠦᠵᠡᠭᠦᠯᠦᠨ ᠨᠠᠰᠤᠲᠠᠶᠢᠴᠤᠳ ᠲᠤ ᠦᠢᠯᠡᠴᠢᠯᠡᠬᠦ ᠲᠥᠪ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠨᠠᠰᠤᠲᠠᠶᠢᠴᠤᠳ ᠪᠠ ᠨᠢᠯᠬ᠎ᠠ ᠬᠡᠦᠬᠡᠳ︾ ᠤᠨ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠴᠢᠩᠭᠠᠳᠬᠠᠨ᠎ᠠ᠃ ᠣᠷᠣᠰᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠴᠢᠨᠳᠠᠷ ᠤᠨ ᠲᠠᠩᠬᠢᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ᠂ ᠡᠵᠡᠩᠨᠡᠯᠲᠡ ᠶᠢᠨ ᠴᠢᠨᠠᠷᠲᠠᠶ ᠨᠡᠶᠢᠲᠡ ᠶᠢᠨ ᠣᠩᠭᠤᠨ ᠤ ᠲᠥᠷᠥᠯ ᠵᠦᠢᠯ ᠢ ᠤᠯᠬᠤ ᠪᠠᠷ ᠢᠳᠡᠪᠬᠢᠲᠡᠶ ᠴᠢᠷᠮᠠᠶᠢᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠪᠦᠲᠦᠭᠡᠭᠳᠡᠬᠦᠨ ᠤ ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠣᠷᠣᠰᠢᠭᠤᠯᠭ᠎ᠠ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠎ᠠ᠃ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠤᠩᠭᠤᠨ ᠢ ᠴᠡᠭᠴᠡᠯᠡᠨ ᠵᠠᠰᠠᠵᠤ ︽ᠡᠷᠬᠢᠨ ᠬᠠᠷᠠᠬᠤ︾ ᠠᠵᠢᠯ ᠢ ᠰᠠᠶᠢᠲᠤᠷ ᠬᠢᠵᠦ᠂ ︽ᠠᠭᠤᠯᠠ ᠤᠰᠤ ᠦᠯᠦ ᠬᠠᠷᠠᠭᠳᠠᠬᠤ︾ ᠠᠰᠠᠭᠤᠳᠠᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠬᠤᠶᠠᠷ ᠲᠤ ᠬᠠᠶᠢᠷ᠎ᠠ ᠰᠡᠳᠬᠢᠯᠭᠡ ᠪᠠᠷ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ ︽ᠬᠤᠶᠠᠷ ᠢ ᠪᠠᠭᠠᠰᠬᠠᠬᠤ︾ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠴᠢᠨᠠᠷ ᠰᠠᠶᠢᠲᠠᠶ ︽ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ︾ ᠶᠢ ᠪᠣᠶ ᠪᠣᠯᠭᠠᠨ᠎ᠠ᠃ ᠰᠤᠷᠭᠠᠨ ᠬᠥᠮᠦᠵᠢᠯ ᠤᠨ ᠪᠠᠭᠤᠷᠠᠶ ᠭᠤᠭᠴᠤᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠳᠠᠪᠠᠭᠠᠨ ᠤ ᠵᠡᠭᠦᠨᠳᠡᠬᠢ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠤᠷᠠᠯᠢᠭ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠠᠰᠠᠷ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠠᠷᠤᠨ ᠬᠡᠦᠬᠡᠳ ᠤᠨ ᠴᠡᠴᠡᠷᠯᠢᠭ᠂ ᠲᠠᠪᠤᠳᠤᠭᠠᠷ ᠳᠤᠮᠳᠠᠳᠤ ᠰᠤᠷᠭᠠᠭᠤᠯᠢ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠭᠠᠯ ᠰᠡᠷᠭᠡᠶᠢᠯᠡᠯᠲᠡ ᠶᠢᠨ ᠰᠢᠯᠭᠠᠨ ᠠᠪᠤᠭᠠᠳᠤᠶ 30 ᠲᠥᠷᠥᠯ ᠵᠦᠢᠯ ᠢ ᠪᠦᠬᠦᠨ ᠢ ᠬᠦᠴᠦᠨ ᠥᠬᠡᠶ ᠪᠣᠯᠭᠠᠬᠤ ᠶᠢ ᠦᠨᠡᠨ ᠬᠦ ᠪᠠᠲᠤᠯᠠᠨ᠎ᠠ᠃ ︽ᠲᠤᠯᠤᠭᠠᠨ ᠬᠦᠴᠦᠷᠬᠡᠭ ᠤᠨ ᠠᠵᠢᠯᠯᠠᠭ᠎ᠠ ᠶᠢᠨ ᠲᠥᠯᠥᠪᠯᠡᠭᠡ︾ ᠪᠠ ᠪᠠᠭᠰᠢ ᠶᠢᠨ ᠶᠣᠰᠣ ᠮᠣᠷᠠᠯ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭ᠎ᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠡᠩᠨᠡᠭᠡ ᠶᠢ ᠨᠥᠬᠦᠪᠥᠷᠢᠯᠡᠬᠦ ᠠᠷᠭ᠎ᠠ ᠵᠠᠮ ᠢ ᠰᠢᠯᠤᠭᠤᠳᠬᠠᠵᠤ᠂ 120 ᠬᠥᠮᠦᠨ ᠠᠴᠠ ᠳᠡᠭᠡᠭᠰᠢ ᠪᠠᠭᠰᠢ ᠶᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ ᠨᠠᠩ ᠴᠢᠨᠠᠷ ᠰᠠᠶᠢᠲᠠᠶ ᠰᠤᠷᠭᠠᠨ ᠬᠥᠮᠦᠵᠢᠯ ᠵᠢᠭᠠᠨ ᠰᠤᠷᠭᠠᠯᠲᠠ ᠶᠢ ᠪᠡᠶᠡᠯᠡᠭᠦᠯᠵᠦ᠂ ᠨᠠᠩ ᠥᠨᠳᠥᠷ ᠪᠦᠲᠦᠮᠵᠢᠲᠡᠶ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠨ᠎ᠠ᠃ ᠭᠤᠷᠪᠠ ᠳᠤ ᠡᠷᠡᠭᠦᠯ ᠮᠡᠨᠳᠦ ᠪᠠᠷ ᠵᠣᠯ ᠵᠢᠷᠭᠠᠯ ᠢ ᠲᠤᠯᠭᠠᠭᠤᠷᠢᠯᠠᠨ᠎ᠠ᠃ ᠤᠯᠤᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠡᠮᠴᠢᠯᠡᠭᠡᠨ ᠤ ᠬᠤᠯᠪᠣᠭᠠᠲᠤ ᠴᠣᠭᠴᠠ᠂ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠬᠤᠰᠢᠭᠤᠨ ᠤ ᠰᠢᠭᠤᠳ ᠬᠠᠷᠢᠶ᠎ᠠ ᠬᠤᠶᠠᠷ ᠡᠮᠨᠡᠯᠭᠡ ᠶᠢᠨ ᠬᠤᠷᠢᠶᠠᠨ ᠤ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠬᠤ ᠶᠢ ᠲᠦᠷᠭᠡᠳᠬᠡᠵᠦ᠂ ᠠᠷᠠᠳ ᠤᠨ ᠡᠮᠨᠡᠯᠭᠡ ᠶᠢᠨ ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠲᠠᠪᠤᠨ ᠶᠡᠭᠡ ᠲᠥᠪ︾ ᠤᠨ ᠠᠪᠤᠷᠠᠨ ᠵᠠᠰᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠢᠳᠡᠪᠬᠢᠲᠡᠢ ᠡᠷᠡᠮᠡᠯᠵᠡᠯᠡᠨ ᠣᠯᠵᠤ᠂ ᠬᠢᠲᠠᠳ ᠡᠮᠨᠡᠯᠭᠡ ᠶᠢᠨ ᠡᠷᠡᠭᠦᠯᠵᠢᠯ᠂ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ ᠵᠡᠷᠭᠡ ᠬᠢᠲᠠᠳ ᠮᠣᠩᠭᠤᠯ ᠡᠮᠨᠡᠯᠭᠡ ᠶᠢᠨ ᠣᠨᠴᠠᠯᠢᠭᠲᠤ ᠰᠠᠯᠠᠭ᠎ᠠ ᠲᠠᠰᠤᠭ ᠢ ᠪᠦᠬᠦ ᠬᠦᠴᠦᠨ ᠢᠶᠠᠷ ᠪᠠᠶᠢᠭᠤᠯᠵᠤ᠂ ᠵᠢᠯ ᠤᠨ ᠳᠣᠲᠣᠷ᠎ᠠ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠨᠡᠭᠦᠯᠭᠡᠬᠦ ᠶᠢ ᠪᠡᠶᠡᠯᠡᠭᠦᠯᠵᠦ᠂ ᠪᠦᠬᠦ᠋ᠢᠯᠡ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠬᠡᠷ ᠤᠨ ᠭᠠᠳᠠᠨᠠᠬᠢ ᠲᠠᠮᠢᠷ ᠤᠨ ᠲᠠᠯᠠᠪᠠᠶ ᠵᠡᠷᠭᠡ ᠲᠥᠷᠥᠯ ᠵᠦᠢᠯ ᠢ ᠢᠳᠡᠪᠬᠢᠲᠡᠶ ᠲᠡᠮᠡᠴᠡᠨ ᠣᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠵᠡᠭᠦᠨ ᠬᠤᠶᠢᠲᠤ ᠶᠢᠨ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠳᠤᠷᠠᠰᠬᠠᠯ ᠤᠨ ᠣᠷᠳᠣᠨ ᠤ ᠦᠵᠡᠭᠦᠯᠭᠡ ᠶᠢ ᠲᠡᠰ ᠳᠡᠪᠰᠢᠭᠦᠯᠵᠦ ᠥᠭᠡᠷᠡᠴᠢᠯᠡᠨ ᠪᠠᠶᠢᠭᠤᠯᠬᠤ ᠶᠢ ᠠᠬᠢᠭᠤᠯᠵᠤ᠂ ᠤᠯᠠᠨ ᠨᠡᠶᠢᠲᠡ ᠶᠢᠨ ᠨᠣᠮ ᠤᠨ ᠰᠠᠩ ᠤᠨ ᠲᠣᠭᠠᠴᠢᠯᠠᠭᠰᠠᠨ ᠪᠠᠶᠢᠭᠤᠯᠤᠯᠲᠠ ᠶᠢ ᠪᠡᠶᠡᠯᠡᠭᠦᠯᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠤᠨ᠎ᠠ᠃ ᠳᠥᠷᠪᠡ ᠳᠤ᠂ ᠰᠠᠶᠢᠨ ᠵᠠᠰᠠᠯᠲᠠ ᠪᠠᠷ ᠡᠶ᠎ᠡ ᠵᠣᠬᠢᠴᠠᠯ ᠢ ᠰᠠᠬᠢᠨ ᠬᠠᠮᠠᠭᠠᠯᠠᠨ᠎ᠠ᠃ ᠡᠯ᠎ᠡ ᠵᠦᠢᠯ ᠤᠨ ᠠᠵᠢᠯ ᠢ ᠴᠥᠮ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠠᠴᠠ ᠥᠴᠦᠬᠡᠨ ᠴᠦ ᠰᠠᠯᠬᠤ ᠥᠬᠡᠶ ᠪᠠᠶᠢᠵᠤ᠂ ︽ᠬᠤᠶᠠᠷ ᠢ ᠴᠣᠭᠴᠠᠯᠠᠬᠤ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠬᠤᠲᠠ ᠶᠢᠨ ᠱᠠᠲᠤᠨ ᠠᠴᠠ ᠳᠡᠭᠡᠭᠰᠢᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 5 ᠶᠢ ᠴᠢᠷᠮᠠᠶᠢᠨ ᠪᠠᠶᠢᠭᠤᠯᠪᠠ᠃ ᠰᠢᠨ᠎ᠡ ᠴᠠᠭ ᠦᠶ᠎ᠡ ᠶᠢᠨ ︽ᠹᠤᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠠᠬᠢᠭᠤᠯᠵᠤ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ᠂ ᠱᠠᠯᠢᠭ ᠵᠠᠪᠬᠠᠢ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠵᠤ ᠡᠳ᠋ᠯᠡᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠰᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠭᠤᠷᠪᠠᠨ ᠨᠤᠷᠮ᠎ᠠ︾ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠥᠷᠢ ᠥᠭᠴᠡᠭᠡ ᠶᠢᠨ ᠲᠦᠭᠰᠢᠭᠦᠷᠢ ᠶᠢ ᠢᠳᠡᠪᠬᠢᠲᠡᠶ ᠯᠠᠪᠳᠠᠭᠤᠨ ᠢᠶᠠᠷ ᠨᠠᠮᠳᠠᠭᠤᠯᠵᠤ᠂ ᠲᠥᠷᠥᠯ ᠵᠦᠢᠯ ᠪᠠ ᠥᠷᠢ ᠥᠭᠴᠡᠭᠡ ᠶᠢᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ ᠂ ᠪᠥᠬᠦ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ᠢᠳᠡᠭᠡᠨ ᠤᠮᠳᠠᠭᠠᠨ ᠤ ᠵᠦᠢᠯᠡᠰ ᠤᠨ ᠠᠮᠤᠷ ᠲᠦᠪᠰᠢᠨ ᠤ ᠢᠲᠡᠭᠡᠮᠵᠢᠲᠡᠶ ᠬᠡᠷᠡᠭᠯᠡᠭᠡ ᠶᠢᠨ ᠵᠢᠱᠢᠶ᠎ᠡ ᠦᠵᠡᠭᠦᠯᠬᠦ ᠵᠡᠭᠡᠯᠢ ᠶᠢ ᠢᠳᠡᠪᠬᠢᠲᠡᠶ ᠡᠭᠦᠳᠦᠨ ᠪᠠᠶᠢᠭᠤᠯᠵᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ︽ᠠᠶᠤᠯ ᠥᠬᠡᠶ ᠦᠢᠯᠡᠳᠪᠦᠷᠢᠯᠡᠯ ᠤᠨ ᠦᠨᠳᠦᠰᠦᠨ ᠱᠠᠲᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠪᠥᠬᠦ ᠬᠦᠴᠦᠨ ᠢᠶᠠᠷ ᠥᠷᠨᠢᠭᠦᠯᠵᠦ᠂ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠰᠤᠷᠭᠠᠭᠤᠯᠢ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠨᠢᠭᠲᠠᠷᠠᠭᠰᠠᠨ ᠲᠠᠯᠠᠪᠤᠷ ᠭᠠᠵᠠᠷ᠂ ᠨᠡᠭᠦᠷᠡᠰᠦᠨ ᠤ ᠪᠤᠰᠤ ᠠᠭᠤᠷᠬᠠᠶ᠂ ᠪᠠᠷᠢᠯᠭ᠎ᠠ ᠶᠢᠨ ᠠᠵᠢᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠦᠨ᠂ ᠡᠯ᠎ᠡ ᠲᠥᠷᠥᠯ ᠤᠨ ᠠᠳᠠᠯ ᠭᠠᠷᠬᠤ ᠶᠢ ᠡᠷᠡᠰ ᠰᠡᠷᠭᠡᠶᠢᠯᠡᠨ᠎ᠡ᠃ ᠤᠯᠤᠰ ᠠᠴᠠ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠶᠡᠭᠡ ᠲᠠᠯ᠎ᠠ ᠶᠢ ᠦᠨᠡᠨᠬᠦ ᠬᠠᠮᠠᠭᠠᠯᠠᠨ᠎ᠠ᠃      ᠲᠥᠯᠥᠭᠡᠯᠡᠭᠴᠢᠳ ᠡ᠂ ᠳᠡᠭᠡᠷᠡᠬᠢ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠡᠨᠡ ᠵᠢᠯ ᠪᠢᠳᠡ ᠣᠯᠠᠨ ᠲᠦᠮᠡᠨ ᠤ ᠠᠩᠬᠠᠷᠤᠨ ᠬᠠᠯᠠᠮᠵᠢᠯᠠᠵᠤ ᠪᠠᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ 12 ᠪᠣᠳᠠᠲᠤ ᠶᠠᠪᠤᠳᠠᠯ ᠤᠨ ᠢᠨᠵᠧᠨᠧᠷᠢᠩ ᠣᠨ ᠵᠢᠱᠢᠭᠳᠡᠭᠰᠡᠨ ᠲᠥᠷᠥᠯ ᠵᠦᠢᠯ ᠢ ᠡᠮᠬᠢᠯᠡᠵᠦ᠂ ᠶᠡᠭᠡ ᠬᠤᠷᠠᠯ ᠤᠨ ᠪᠦᠬᠦ ᠲᠥᠯᠥᠭᠡᠯᠡᠭᠴᠢᠳ ᠲᠤ ᠪᠢᠯᠧᠲ ᠥᠭᠴᠦ ᠲᠣᠭᠲᠠᠭᠠᠯᠭᠠᠬᠤ ᠪᠠᠷ ᠳᠡᠪᠰᠢᠭᠦᠯᠪᠡ᠃ ᠪᠢᠳᠡ ᠢᠮᠠᠭᠲᠠ ᠠᠷᠠᠳ ᠲᠦᠮᠡᠨ ᠤ ᠠᠰᠢᠭ ᠲᠤᠰᠠ ᠶᠢ ᠴᠢᠬᠤᠯᠠᠴᠢᠯᠠᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢᠶᠠᠷ ᠬᠦᠰᠡᠯ ᠡᠷᠡᠮᠡᠯᠵᠡᠯ ᠢᠶᠠᠨ ᠪᠣᠯᠭᠠᠵᠤ᠂ ᠨᠢᠭᠡ ᠵᠢᠯ᠂ ᠨᠢᠭᠡ ᠨᠢᠭᠡ ᠪᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ︽ᠡᠪᠡᠷᠰᠢᠶᠡᠯ ᠴᠡᠭ︾ ᠢ ᠵᠠᠰᠠᠭ ᠶᠠᠪᠤᠭᠤᠯᠬᠤ ︽ᠭᠤᠣᠯᠳᠠᠯᠭ᠎ᠠ︾ ᠪᠣᠯᠭᠠᠵᠤ᠂ ︽ᠠᠷᠠᠳ ᠤᠨ ᠠᠮᠢᠳᠤᠷᠠᠯ ᠤᠨ ᠳᠠᠩᠰᠠ︾ ᠶᠢ ︽ᠵᠣᠯ ᠵᠢᠷᠭᠠᠯ ᠤᠨ ᠨᠠᠷᠢᠨ ᠳᠠᠩᠰᠠ︾ ᠪᠣᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠠᠩ ᠡᠷᠴᠢᠮ ᠲᠠᠢ ᠪᠣᠯᠭᠠᠵᠤ᠂ ᠠᠷᠤᠨ ᠤ ᠬᠥᠭᠵᠢᠯᠲᠡ ᠶᠢ ᠨᠠᠩ ᠬᠠᠯᠠᠭᠤᠨ ᠳᠤᠯᠠᠭᠠᠨ ᠪᠣᠯᠭᠠᠨ᠎ᠠ︕      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ      ᠲᠥᠯᠥᠭᠡᠯᠡᠭᠴᠢᠳ ᠡ᠂ ᠤᠬ ᠰᠠᠨᠠᠭ᠎ᠠ ᠪᠠᠲᠤ ᠴᠢᠩᠭ᠎ᠠ᠂ ᠬᠦᠨᠳᠦ ᠡᠭᠦᠷᠭᠡ ᠮᠥᠷᠥᠨ ᠳᠤ ᠲᠠᠯᠪᠢᠭᠳᠠᠵᠤ ᠪᠠᠶᠢᠨ᠎ᠠ᠃ ᠪᠢᠳᠡ ᠠᠷᠠᠳ ᠲᠦᠮᠡᠨ ᠤ ᠢᠲᠡᠭᠡᠯ ᠢ ᠬᠤᠪᠢ ᠲᠠᠬᠢᠨ ᠨᠠᠨᠳᠢᠩᠨᠠᠵᠤ᠂ ᠡᠭᠦᠷᠭᠡᠯᠡᠵᠦ ᠪᠠᠶᠢᠭ᠎ᠠ ᠡᠭᠦᠷᠭᠡ ᠪᠠᠨ ᠪᠠᠲᠤ ᠴᠡᠭᠡᠵᠢᠯᠡᠵᠦ᠂ ᠨᠢᠭᠡᠨᠲᠡ ᠲᠣᠭᠲᠠᠭᠠᠭᠰᠠᠨ ᠬᠠᠷᠠᠯᠲᠠ ᠪᠠᠨ ᠰᠠᠶᠢᠲᠤᠷ ᠨᠠᠶᠢᠳᠠᠪᠤᠷᠢᠵᠢᠭᠤᠯᠵᠤ ᠂ ᠬᠢᠭᠰᠡᠨ ᠠᠮᠠᠯᠠᠯᠲᠠ ᠪᠠᠨ ᠰᠠᠶᠢᠲᠤᠷ ᠪᠡᠶᠡᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃      ᠨᠢᠭᠡ ᠳᠤ᠂ ᠦᠵᠡᠯ ᠰᠠᠨᠠᠭᠠᠨ ᠤ ᠳᠠᠪᠲᠠᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠤᠷᠤᠭᠰᠢᠯᠠᠯᠲᠠ ᠶᠢᠨ ᠴᠢᠭᠯᠡᠯ ᠢ ᠬᠦᠳᠦᠯᠥᠨ ᠳᠠᠭᠠᠭᠤᠯᠪᠠ᠃ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠨᠢᠭᠡᠳᠦᠭᠡᠷ ᠵᠥᠪᠯᠡᠬᠦ ᠵᠦᠢᠯ︾ ᠤᠨ ᠲᠦᠷᠢᠮ ᠢ ᠴᠢᠩᠭ᠎ᠠ ᠬᠡᠷᠡᠭᠵᠢᠭᠦᠯᠵᠦ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠪᠠ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠡᠯ᠎ᠡ ᠲᠠᠯ᠎ᠠ᠂ ᠪᠥᠬᠦ ᠶᠠᠪᠤᠴᠠ ᠳᠤ ᠨᠠᠶᠢᠳᠠᠪᠤᠷᠢᠵᠢᠭᠤᠯᠤᠨ᠎ᠠ᠃ ᠨᠠᠮ ᠤᠨ ᠠᠯᠢᠪᠠ ᠠᠵᠢᠯ ᠤᠨ ᠤᠳᠤᠷᠢᠳᠤᠯᠭ᠎ᠠ ᠶᠢ ᠡᠷᠡᠰ ᠬᠦᠷᠢᠶᠡᠯᠡᠵᠦ᠂ ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠡᠷᠡᠰ ᠭᠤᠶᠢᠪᠢᠰᠢ ᠥᠬᠡᠶ ᠪᠠᠷ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠬᠤ ᠬᠡᠷᠡᠭᠵᠢᠭᠦᠯᠦᠭᠴᠢ᠂ ᠪᠣᠳᠠᠲᠠᠶ ᠠᠵᠢᠯᠯᠠᠭᠴᠢ ᠪᠣᠯᠵᠣ᠂ ᠨᠠᠮ ᠳᠠᠭᠠᠨ ᠲᠦᠢᠯ ᠤᠨ ᠦᠨᠡᠨᠴᠢ ᠰᠢᠳᠤᠷᠭᠤ ᠪᠠᠶᠢᠬᠤ ᠶᠢ ︽ᠪᠣᠳᠠᠲᠠᠶ ᠠᠵᠢᠯᠯᠠᠬᠤ ᠬᠡᠯᠪᠡᠷᠢ ᠶᠢᠨ ᠵᠠᠰᠠᠭ ᠤᠨ ᠣᠷᠳᠣᠨ︾ ᠤ ᠥᠨᠢᠳᠡ ᠶᠢᠨ ᠰᠠᠭᠤᠷᠢ ᠥᠩᠭᠡ ᠪᠣᠯᠭᠠᠨ᠎ᠠ᠃      ᠬᠤᠶᠠᠷ ᠲᠤ᠂ ᠬᠠᠤᠯᠢ ᠶᠢ ᠴᠢᠩᠭ᠎ᠠ ᠵᠢᠷᠤᠮᠯᠠᠨ ᠵᠠᠰᠠᠭ ᠶᠠᠪᠤᠭᠤᠯᠵᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠪᠠᠷ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ᠃ ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠨᠡᠶᠢᠲᠡ ᠣᠯᠠᠨ ᠢᠶᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠨᠤᠲᠠᠯᠠᠬᠤ᠂ ᠬᠠᠤᠯᠢ ᠶᠣᠰᠣᠨ ᠤ ᠬᠢᠨᠠᠨ ᠪᠠᠶᠢᠴᠠᠭᠠᠯᠲᠠ ᠬᠢᠬᠦ᠂ ᠬᠠᠮᠲᠤ ᠪᠠᠷ ᠶᠠᠷᠢᠯᠴᠠᠬᠤ ᠵᠡᠷᠭᠡ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠬᠢᠨᠠᠮᠠᠭᠠᠶ ᠭᠦᠢᠴᠡᠳᠭᠡᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠠᠶᠢᠲᠤᠷ ᠡᠷᠬᠢᠯᠡᠵᠦ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠵᠠᠰᠠᠭ ᠣᠨ ᠣᠷᠳᠣᠨ ᠤ ᠲᠣᠰ ᠪᠡᠶ᠎ᠡ ᠶᠢᠨ ᠠᠵᠢᠯ ᠢᠶᠠᠨ ᠨᠠᠩ ᠰᠠᠶᠢᠨ ᠰᠠᠶᠢᠵᠢᠷᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ︽ᠪᠣᠳᠠᠲᠠᠢ ᠠᠵᠢᠯᠯᠠᠬᠤ ᠬᠡᠯᠪᠡᠷᠢ ᠶᠢᠨ ᠵᠠᠰᠠᠭ ᠣᠨ ᠣᠷᠳᠣᠨ︾ ᠤ ᠦᠨᠳᠦᠰᠦᠨ ᠪᠠᠷᠢᠮᠵᠢᠶ᠎ᠠ ᠪᠣᠯᠭᠠᠨ᠎ᠠ᠃      ᠭᠤᠷᠪᠠ ᠳᠤ᠂ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠠᠷᠠᠳ ᠤᠨ ᠲᠥᠯᠥᠭᠡ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠨ᠎ᠡ᠃ ᠠᠷᠠᠳ ᠲᠦᠮᠡᠨ ᠢ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠡᠩ ᠲᠡᠷᠢᠭᠦᠨ ᠳᠤ ᠴᠤᠤᠷᠢᠶᠠᠲᠤᠨ ᠰᠠᠶᠢᠲᠤᠷ ᠰᠢᠢᠳᠪᠦᠷᠢᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠪᠠᠶᠢᠪᠠᠯ᠂ ᠵᠠᠰᠠᠭ ᠶᠠᠪᠤᠳᠠᠯ ᠪᠠᠶᠢᠪᠠᠯ ᠬᠠᠷᠢᠭᠤᠯᠲᠠ ᠥᠭᠬᠦ ᠶᠢ ᠡᠷᠡᠰ ᠪᠡᠶᠡᠯᠡᠭᠦᠯᠬᠦ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠡᠨᠡ ᠬᠦ ᠴᠢᠬᠤᠯᠠ ᠭᠠᠷᠳᠠᠴᠠ ᠶᠢ ᠰᠠᠶᠢᠲᠤᠷ ᠬᠡᠷᠡᠭᠯᠡᠵᠦ᠂ ᠣᠯᠠᠨ ᠲᠦᠮᠡᠨ ᠤ ᠪᠤᠳᠤᠵᠤ᠂ ᠪᠤᠳᠤᠵᠤ᠂ ᠬᠦᠰᠡᠵᠦ ᠪᠠᠶᠢᠬᠤ ᠶᠢ ᠨᠠᠷᠢᠨ ᠬᠢᠨᠠᠮᠠᠭᠠᠶ ᠣᠶᠢᠯᠠᠭᠠᠵᠤ᠂ ᠢᠮᠠᠭᠲᠠ ᠣᠯᠠᠨ ᠲᠦᠮᠡᠨ ᠤ ᠵᠣᠭᠰᠣᠯᠲᠠ ᠠᠴᠠ ᠠᠰᠠᠭᠤᠳᠠᠯ ᠢ ᠪᠣᠳᠣᠯᠬᠢᠯᠠᠵᠤ᠂ ᠰᠢᠶ᠋ᠳᠪᠦᠷᠢᠲᠦ ᠪᠣᠳᠣᠯᠭ᠎ᠠ ᠲᠣᠭᠲᠠᠭᠠᠵᠤ᠂ ᠠᠵᠢᠯ ᠬᠢᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠶᠢ ︽ᠪᠣᠳᠠᠲᠠᠶ ᠠᠵᠢᠯᠯᠠᠬᠤ ᠬᠡᠯᠪᠡᠷᠢ ᠶᠢᠨ ᠵᠠᠰᠠᠭ ᠤᠨ ᠣᠷᠳᠣᠨ︾ ᠤ ᠦᠨᠳᠦᠰᠦᠨ ᠵᠣᠷᠢᠯᠲᠠ ᠪᠣᠯᠭᠠᠨ᠎ᠠ᠃      ᠲᠦᠷᠪᠡ ᠳᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠪᠠᠷ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠭᠡᠵᠦ᠂ ᠴᠢᠬᠤᠯᠠ ᠶᠡᠭᠡ ᠪᠠᠶᠢᠷᠢᠯᠠᠭᠤᠯᠤᠯᠲᠠ᠂ ᠭᠤᠤᠯᠳᠠᠯᠭ᠎ᠠ ᠲᠠᠢ ᠡᠭᠦᠷᠭᠡ᠂ ᠴᠢᠬᠤᠯᠠ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ︽ᠰᠢᠢᠳᠪᠦᠷᠢᠯᠡᠬᠦ ᠰᠡᠳᠬᠢᠬᠦᠶ︾ ᠶᠢ ᠪᠠᠲᠤ ᠪᠠᠬᠢ ᠪᠣᠶ ᠪᠣᠯᠭᠠᠵᠤ᠂ ︽ᠲᠠᠩᠰᠠ ᠲᠤᠰᠢᠶᠠᠬᠤ ᠤᠬᠠᠮᠰᠠᠷ︾ ᠢᠶᠠᠨ ᠴᠢᠩᠭᠠᠳᠬᠠᠵᠤ᠂ ︽ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠪᠠᠶᠢᠷᠢᠯᠠᠭᠤᠯᠬᠤ᠂ ᠰᠢᠮᠳᠠᠭᠤᠯᠤᠨ ᠪᠠᠶᠢᠴᠠᠭᠠᠬᠤ᠂ ᠬᠠᠷᠢᠭᠤ ᠲᠤᠰᠬᠠᠬᠤ︾ ᠠᠵᠢᠯ ᠤᠨ ᠪᠢᠲᠡᠭᠦᠦ ᠭᠤᠭᠴᠤᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠢᠭᠡᠳ ᠨᠢᠭᠡ ᠪᠠᠷ ᠰᠢᠯᠤᠭᠤᠳᠬᠠᠨ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠠᠬᠢᠭᠤᠯᠬᠤ ᠪᠠᠷ ᠦᠭᠡ ᠬᠡᠯᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠭᠰᠡᠨ ᠪᠣᠳᠠᠲᠤ ᠠᠮᠵᠢᠯᠲᠠ ᠪᠠᠷ ᠢᠶᠠᠨ ᠰᠡᠳᠦᠪ ᠲᠤᠰᠢᠶᠠᠵᠤ᠂ ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠶ ᠪᠠᠶᠢᠬᠤ ᠶᠢ ︽ᠪᠣᠳᠠᠲᠠᠶ ᠠᠵᠢᠯᠯᠠᠬᠤ᠃      ᠲᠠᠪᠤ ᠳᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠷ ᠠᠵᠢᠯ ᠶᠠᠪᠤᠳᠠᠯ ᠬᠢᠬᠦ ᠣᠷᠴᠢᠨ ᠲᠣᠭᠤᠷᠢᠨ ᠢ ᠴᠡᠪᠡᠷᠰᠢᠭᠦᠯᠪᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠶᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠢ ᠴᠡᠭᠴᠡᠯᠡᠨ ᠵᠠᠰᠠᠬᠤ ᠬᠤᠷᠢᠨ ᠵᠤᠷᠪᠤᠰ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠬᠤ᠂ ᠰᠤᠷᠲᠠᠯ ᠢᠶᠠᠨ ᠬᠤᠪᠢᠷᠠᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠢ ᠡᠷᠡᠰ ᠵᠠᠯᠬᠠᠭᠠᠨ ᠰᠢᠢᠳᠬᠡᠬᠦ ᠬᠡᠷᠡᠭᠲᠡᠢ᠃ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠭᠠᠮᠨᠠᠵᠤ ᠠᠮᠢᠳᠤᠷᠠᠬᠤ ᠳᠠᠳᠬᠠᠯ ᠲᠠᠢ ᠪᠠᠶᠢᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠴᠢᠩᠭ᠎ᠠ ᠬᠢᠵᠠᠭᠠᠷᠯᠠᠵᠤ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠵᠠᠯᠠᠷᠠᠭᠤᠯᠵᠤ᠂ ᠬᠢᠵᠠᠭᠠᠷ ᠲᠠᠢ ᠡᠬᠢ ᠪᠠᠶᠠᠯᠢᠭ ᠪᠠ ᠡᠳ᠋ ᠤᠨ ᠬᠦᠴᠦᠨ ᠢᠶᠠᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠦᠨᠡᠨ ᠬᠦ ᠬᠡᠷᠡᠭᠯᠡᠵᠦ᠂ ᠠᠷᠤᠨ ᠴᠢᠬᠡᠴᠢ ᠪᠠᠶᠢᠬᠤ ᠶᠢ ︽ᠪᠣᠳᠠᠲᠠᠢ ᠠᠵᠢᠯᠯᠠᠬᠤ ᠬᠡᠯᠪᠡᠷᠢ ᠶᠢᠨ ᠵᠠᠰᠠᠭ ᠤᠨ ᠣᠷᠳᠣᠨ︾ ᠤ ᠤᠯᠤᠰ ᠲᠦᠷᠦ ᠶᠢᠨ ᠤᠤᠷ ᠴᠢᠨᠠᠷ ᠪᠣᠯᠭᠠᠬᠤ ᠬᠡᠷᠡᠭᠲᠡᠢ᠃      ᠲᠥᠯᠥᠭᠡᠯᠡᠭᠴᠢᠳ ᠡ︕ ᠠᠶᠠᠨ ᠵᠠᠮ ᠳᠤ ᠡᠷᠡᠮᠡᠬᠡᠶᠢᠯᠡᠨ ᠲᠡᠮᠡᠴᠡᠵᠦ᠂ ᠬᠦᠨᠳᠦ ᠡᠭᠦᠷᠭᠡ ᠶᠢ ᠲᠠᠬᠢᠨ ᠪᠡᠶᠡᠯᠡᠭᠦᠯᠦᠨ᠎ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠡᠭᠡᠰᠦ ᠱᠠᠲᠤᠨ ᠤ ᠨᠠᠮ ᠤᠨ ᠬᠤᠷᠢᠶ᠎ᠠ᠂ ᠵᠠᠰᠠᠭ ᠣᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠴᠢ ᠵᠣᠷᠢᠭ ᠢᠶᠠᠨ ᠬᠥᠪᠴᠢᠯᠡᠨ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠳᠤᠮᠳᠠᠳᠤ ᠤᠯᠤᠰ ᠠᠴᠠ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠷᠤᠨ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ