ᠽᠦᠩ ᠵᠧ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠣᠯᠣᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/27
      6 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠳᠣᠯᠣᠳᠤᠭᠠᠷ ᠤᠳᠠᠭᠠᠨ ᠤ ᠬᠤᠷᠠᠯ ᠵᠢᠴᠢ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠨ ᠰᠤᠳᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠠᠨ ᠰᠢᠶᠠᠨ ᠬᠤᠢ᠂ ᠭᠦᠸᠧ ᠫᠢᠩ᠂ ᠭᠦᠸᠧ ᠶᠢᠨ ᠱᠧᠩ᠂ ᠵᠠᠩ ᠶᠧ ᠣᠷᠣᠯᠴᠠᠵᠤ᠂ ᠫᠠᠨ ᠰᠢᠶᠤᠤ ᠵᠢᠶᠠ᠂ ᠸᠠᠩ ᠵᠢᠶᠠ ᠶᠢᠦ ᠰᠤᠯᠠ ᠣᠷᠣᠯᠴᠠᠪᠠ᠃
1.jpg
      ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠳᠡᠭᠡᠳᠦ ᠱᠠᠲᠤᠨ ᠤ ᠴᠢᠬᠤᠯᠠ ᠬᠤᠷᠠᠯ ᠵᠢᠴᠢ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠠᠴᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠵᠢᠴᠢ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
2.jpg
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠴᠢᠬᠤᠯᠠ ᠶᠡᠭᠡ ᠠᠴᠢ ᠬᠤᠯᠪᠣᠭᠳᠠᠯ ᠪᠣᠯᠤᠨ ᠪᠠᠶᠠᠯᠢᠭ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠶᠠᠷ ︽ᠰᠠᠨᠠᠯ︾ ᠪᠣᠯᠤᠨ ᠡᠯ᠎ᠡ ᠱᠠᠲᠤᠨ ᠤ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠲᠠᠢ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠵᠤ᠂ ᠵᠦᠢᠯ ᠳᠠᠷᠠᠭᠠᠯᠠᠨ ᠬᠠᠷᠢᠴᠠᠭᠤᠯᠤᠨ ᠰᠤᠳᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠲᠥᠯᠥᠪᠵᠢᠭᠦᠯᠬᠦ ᠬᠡᠷᠡᠭᠲᠡᠶ᠃      ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠤᠯᠤᠰ ᠲᠦᠷᠦ ᠶᠢᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠪᠠᠷ ᠥᠷᠭᠡᠨ᠂ ᠨᠥᠯᠥᠭᠡᠯᠡᠬᠦ ᠬᠦᠴᠦᠨ ᠢᠶᠠᠷ ᠶᠡᠭᠡ ᠰᠢᠰᠲ᠋ᠧᠮᠲᠦ ᠢᠨᠵᠧᠨᠧᠷᠢᠩ ᠮᠥᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠢ ᠡᠷᠡᠰ ᠭᠤᠶᠢᠪᠢᠰᠢ ᠦᠭᠡᠢ ᠬᠠᠮᠠᠭᠠᠯᠠᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠠᠴᠠ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ᠂ ᠨᠠᠮ ᠠᠴᠠ ᠵᠠᠭᠤᠴᠢᠯᠠᠭᠤᠷ ᠢ ᠬᠠᠮᠢᠶᠠᠷᠬᠤ ᠵᠠᠷᠴᠢᠮ ᠢ ᠭᠤᠶᠢᠪᠢᠰᠢ ᠦᠭᠡᠢ ᠪᠠᠷᠢᠮᠲᠠᠯᠠᠵᠤ᠂ ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠭᠤᠣᠯᠯᠠᠨ ᠡᠷᠬᠢᠯᠡᠪᠡᠯ ᠬᠡᠨ ᠬᠠᠷᠢᠭᠤᠴᠠᠬᠤ ᠪᠠ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ