ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ | ᠠᠬᠢᠭᠤᠯᠬᠤ ᠶᠢᠨ ᠲᠥᠯᠥᠭᠡ᠂ 6 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ | ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠠ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠭᠡᠰᠢᠭᠦᠨ ᠺᠠᠳ᠋ᠷ ᠲᠤ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃ | | | | | | ᠽᠦᠩ ᠵᠧ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠪᠣᠯ ᠨᠠᠮ ᠤᠨ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠲᠡᠷᠢᠭᠦᠨ ᠴᠢᠬᠤᠯᠠ ᠡᠭᠦᠷᠭᠡ ᠮᠥᠨ︔ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ | ᠪᠠᠲᠤᠯᠠᠬᠤ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠪᠠᠶᠢᠪᠠᠰᠤ ᠵᠣᠬᠢᠬᠤ ᠠᠭᠤᠯᠭ᠎ᠠ ᠮᠥᠨ︔ ᠴᠢᠩᠭ᠎ᠠ ᠭᠤᠣᠯ ᠬᠦᠭ ᠠᠶᠠᠰ ᠢ | ᠭᠤᠶᠢᠪᠢᠰᠢ ᠦᠭᠡᠢ ᠪᠠᠷᠢᠮᠲᠠᠯᠠᠬᠤ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠢᠮᠠᠭᠲᠠ ᠶᠢᠨ ᠱᠠᠭᠠᠷᠳᠠᠯᠭ᠎ᠠ ᠮᠥᠨ᠂ ᠤᠨᠤᠯ ᠢ | ᠪᠣᠳᠠᠲᠠᠢ ᠲᠠᠢ ᠤᠶᠠᠯᠳᠤᠭᠤᠯᠬᠤ ᠪᠣᠯ ᠠᠯᠪᠠᠨ ᠭᠡᠷ ᠤᠨ ︽ᠭᠤᠷᠪᠠᠨ ᠦᠢᠯᠡᠴᠢᠯᠡᠭᠡ︾ ᠶᠢᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢᠨ ᠴᠢᠬᠤᠯᠠ ᠠᠷᠭ᠎ᠠ | ᠬᠡᠮᠵᠢᠶ᠎ᠡ ᠮᠥᠨ ᠭᠡᠬᠦ ᠳᠦᠷᠪᠡᠨ ᠲᠠᠯ᠎ᠠ ᠪᠠᠷ ᠲᠤᠰᠬᠠᠢ ᠰᠡᠳᠦᠪᠲᠦ ᠬᠢᠴᠢᠶᠡᠯ ᠣᠷᠣᠪᠠ᠃ | | | | | | ᠽᠦᠩ ᠵᠧ᠂ ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ | ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠳᠤ ᠬᠠᠨᠳᠤᠭᠤᠯᠵᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ | ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠭᠡᠯ ᠥᠭᠬᠦ ᠲᠦᠷᠢᠮ︾ ᠢ ᠨᠠᠷᠢᠨ ᠬᠢᠨᠠᠮᠠᠭᠠᠶ ᠰᠤᠷᠤᠯᠴᠠᠨ ᠬᠡᠷᠡᠭᠵᠢᠭᠦᠯᠵᠦ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | | | | | | ᠽᠦᠩ ᠵᠧ᠂ ᠵᠠᠰᠠᠭ ᠤᠨ ᠣᠷᠳᠣᠨ ᠤ ᠠᠯᠪᠠᠨ ᠬᠡᠷ ᠨᠢ ᠪᠥᠬᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠠᠵᠢᠯ ᠤᠨ ᠰᠢᠰᠲ᠋ᠧᠮ ᠤᠨ ︽ | ᠳᠠᠭᠠᠭᠤᠯᠤᠭᠴᠢ︾ ᠪᠣᠯᠤᠭᠰᠠᠨ ᠤ ᠬᠤᠪᠢ ᠳᠤ᠂ ᠪᠥᠬᠦ ᠲᠠᠯ᠎ᠠ ᠳᠤ ᠵᠣᠭᠰᠣᠨ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠴᠢᠳᠠᠪᠤᠷᠢ ᠪᠠᠨ ᠴᠢᠩᠭᠠᠳᠬᠠᠬᠤ | ᠬᠡᠷᠡᠭᠲᠡᠶ︔ ᠰᠣᠯᠢᠯᠴᠠᠭ᠎ᠠ ᠪᠠᠨ ᠴᠢᠩᠭᠠᠳᠬᠠᠵᠤ᠂ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠢ︔ ᠨᠢᠭᠲᠠ ᠠᠴᠠ ᠨᠢᠭᠲᠠ ᠪᠠᠶᠢᠵᠤ᠂ | ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠠᠷᠭ᠎ᠠ | ᠬᠡᠮᠵᠢᠶ᠎ᠡ ᠪᠠᠷ ᠰᠠᠶᠢᠲᠤᠷ ᠬᠡᠪ ᠳᠠᠭᠤᠷᠢᠶᠠᠯ ᠪᠣᠯᠵᠣ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠶᠢ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠬᠤ ᠬᠡᠷᠡᠭᠲᠡᠶ ᠭᠡᠵᠡᠢ᠃ | |