ᠽᠦᠩ ᠵᠧ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠲᠠᠪᠤᠨ ᠶᠡᠭᠡ ᠡᠭᠦᠷᠭᠡ ᠶᠢ ᠲᠦᠷᠭᠡᠳᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/16
    5 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠵᠢᠴᠢ ᠲᠠᠪᠤᠨ ᠶᠡᠭᠡ ᠡᠭᠦᠷᠭᠡ ᠶᠢ ᠲᠦᠷᠭᠡᠳᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠨ ᠰᠢᠶᠠᠨ ᠬᠤᠶ᠂ ᠭᠦᠸᠧ ᠫᠢᠩ᠂ ᠭᠦᠸᠧ ᠶᠢᠨ ᠱᠧᠩ᠂ ᠶᠠᠩ ᠯᠸᠢ᠂ ᠵᠠᠩ ᠶᠧ ᠂ ᠯᠢᠦ ᠵᠣᠣ ᠮᠢᠩ ᠬᠤᠷᠠᠯ ᠳᠤ ᠣᠷᠤᠯᠴᠠᠵᠤ᠂ ᠯᠢ ᠳ᠋ᠡ ᠰᠤᠯᠠ ᠣᠷᠣᠯᠴᠠᠪᠠ᠃
1.jpg
    ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠵᠣᠬᠢᠶᠠᠯ᠂ ᠰᠦᠨ ᠱᠤᠤ ᠴᠧᠩ ᠱᠦᠵᠢ ᠶᠢᠨ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶ᠎ᠠ ᠵᠢᠴᠢ ᠳᠡᠭᠡᠳᠦ ᠱᠠᠲᠤᠨ ᠤ ᠴᠢᠬᠤᠯᠠ ᠬᠤᠷᠠᠯ ᠴᠢᠬᠤᠯᠠ ᠪᠢᠴᠢᠭ ᠤᠨ ᠵᠣᠷᠢᠭ ᠰᠠᠨᠠᠭ᠎ᠠ ᠵᠢᠴᠢ ᠵᠢᠢ ᠶᠦᠩ ᠴᠢᠶᠠᠨ ᠬᠤᠳᠠ ᠶᠢᠨ ᠳᠠᠷᠤᠭ᠎ᠠ ᠶᠢᠨ ᠠᠷᠤᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠦᠬᠦ ᠬᠤᠳᠠ ᠶᠢᠨ ᠰᠢᠨ᠎ᠡ ᠡᠨᠧᠷᠭᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠠᠭᠤᠯᠵᠤ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠶ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠦᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠨᠠᠷᠢᠨ ᠨᠢᠮᠪᠠᠶ ᠬᠡᠷᠡᠭᠵᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠢ ᠠᠬᠢᠭᠤᠯᠤᠨ ᠪᠣᠲᠠᠲᠠᠢᠵᠢᠭᠤᠯᠵᠤ᠂ ᠡᠯ᠎ᠡ ᠲᠠᠯ᠎ᠠ ᠶᠢᠨ ᠠᠰᠢᠭᠲᠠᠢ ᠬᠦᠴᠦᠨ ᠵᠦᠢᠯ ᠢ ᠭᠦᠢᠴᠡᠳ ᠰᠠᠶᠢᠲᠤᠷ ᠠᠰᠢᠭᠯᠠᠨ᠂ ᠡᠯ᠎ᠡ ᠵᠦᠢᠯ ᠤᠨ ᠭᠦᠢᠴᠡᠳᠭᠡᠯ ᠲᠤᠭ᠎ᠠ ᠶᠢ ᠪᠡᠶᠡᠯᠡᠭᠦᠯᠬᠦ ᠶᠢ ᠠᠵᠤ ᠠᠬᠤᠶ ᠶᠢᠨ ᠠᠵᠢᠯ ᠤᠨ ︽ᠬᠠᠲᠠᠭᠤ ᠡᠭᠦᠷᠭᠡ︾ ᠪᠣᠯᠭᠠᠨ᠎ᠠ᠃ ᠭᠤᠷᠪᠠᠨ ᠠᠵᠤ ᠦᠢᠯᠡᠰ ᠢ ᠬᠦᠴᠦᠷᠬᠡᠭᠵᠢᠭᠦᠯᠬᠦ ᠶᠢ ᠠᠵᠤ ᠠᠬᠤᠢ ᠶᠢᠨ ᠠᠵᠢᠯ ᠤᠨ ︽ᠭᠤᠣᠯ ᠬᠥᠳᠡᠯᠭᠡᠭᠦᠷ︾ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠢ ᠠᠵᠤ ᠠᠬᠤᠢ ᠶᠢᠨ ᠠᠵᠢᠯ ᠤᠨ ︽ᠠᠮᠢᠨ ᠰᠤᠳᠠᠰᠤ︾ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠥᠷᠭᠡᠳᠬᠡᠬᠦ ᠶᠠᠪᠤᠳᠠᠯ ᠢ ᠠᠵᠤ ᠠᠬᠤᠶ ᠶᠢᠨ ᠠᠵᠢᠯ ᠤᠨ ︽ᠲᠦᠷᠭᠡᠳᠬᠡᠭᠦᠷ︾ ᠪᠣᠯᠭᠠᠵᠤ᠂ ︽ᠬᠠᠭᠠᠰ ᠵᠢᠯ ᠲᠣᠭᠲᠠᠭᠤᠨ ᠪᠠᠶᠢᠯᠭᠠᠬᠤ︾ ︽ᠬᠤᠤᠰ ᠬᠠᠭᠠᠰ ᠢ ᠳᠠᠪᠠᠭ᠋ᠤ︾ ᠬᠠᠷᠠᠯᠲᠠ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠪᠠᠷ ᠴᠢᠷᠮᠠᠶᠢᠨ᠎ᠠ᠃ ᠠᠵᠤ ᠠᠬᠤᠶ ᠶᠢᠨ ᠬᠥᠭᠵᠢᠯᠲᠡ ᠶᠢᠨ ᠪᠥᠬᠦ ᠵᠢᠯ ᠤᠨ ᠲᠣᠭᠲᠠᠭᠤᠨ ᠪᠠᠶᠢᠳᠠᠯ ᠢ ᠬᠦᠴᠦᠯᠡᠨ ᠠᠬᠢᠭᠤᠯᠵᠤ᠂ ᠪᠦᠬᠦ ᠵᠢᠯ ᠤᠨ ᠤᠷᠤᠭᠰᠢᠯᠠᠯᠲᠠ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠨ᠎ᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ