5 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠠᠷᠤᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ 2024 ᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠠᠨ ᠰᠢᠶᠠᠨ ᠬᠤᠢ᠂ ᠭᠦᠸᠧ ᠫᠢᠩ | ᠂ ᠭᠦᠸᠧ ᠶᠢᠨ ᠱᠧᠩ᠂ ᠫᠠᠨ ᠰᠢᠶᠤᠤ ᠵᠢᠶᠠ᠂ ᠶᠠᠩ ᠯᠸᠢ᠂ ᠵᠠᠩ ᠶᠧ᠂ ᠯᠢᠦ ᠵᠤᠤ ᠮᠢᠩ ᠬᠤᠷᠠᠯ ᠳᠤ ᠣᠷᠣᠯᠴᠠᠵᠤ᠂ ᠸᠠᠩ ᠵᠢᠶᠠ ᠶᠢᠦ ᠬᠤᠷᠠᠯ ᠳᠤ ᠰᠤᠯᠠ | ᠣᠷᠣᠯᠴᠠᠪᠠ᠃ | | | | | | ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠵᠣᠬᠢᠶᠠᠯ᠂ ᠳᠡᠭᠡᠳᠦ ᠱᠠᠲᠤᠨ ᠤ ᠴᠢᠬᠤᠯᠠ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠤᠭ᠎ᠠ | ᠪᠦᠷᠢᠳᠬᠡᠯ ᠤᠨ ᠠᠵᠢᠯ ᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠤᠯᠤᠰ ᠤᠨ ᠲᠤᠭ᠎ᠠ ᠪᠦᠷᠢᠳᠬᠡᠯ ᠤᠨ ᠱᠠᠯᠠᠪᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠪᠠ ᠲᠤᠭ᠎ᠠ ᠪᠦᠷᠢᠳᠬᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠰᠠᠶᠢᠲᠤᠷ ᠡᠷᠭᠢᠯᠡᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ | ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠳᠤ | ᠣᠷᠭᠠᠨᠢᠭ ᠢᠶᠠᠷ ᠠᠭᠤᠰᠤᠯᠴᠠᠭᠤᠯᠵᠤ᠂ ᠦᠨᠳᠦᠰᠦᠲᠡᠨ ᠨᠦᠭᠦᠳ ᠤᠨ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ︽ᠲᠠᠪᠤ ᠶᠢ ᠮᠡᠳᠡᠷᠡᠬᠦ︾ ᠶᠢ ᠨᠠᠩ ᠡᠷᠡᠰ | ᠪᠡᠶᠡᠯᠡᠭᠦᠯᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠬᠤᠪᠢᠰᠬᠠᠯ ᠤᠨ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ | ᠬᠤᠶᠠᠷ ᠤᠯᠤᠰ ᠤᠨ ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢᠨ ᠲᠠᠰ ᠳᠡᠪᠰᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠢᠯᠢ ᠳᠡᠭᠡᠳᠦ ᠲᠠᠰ ᠤᠨ ᠰᠢᠩᠭᠡᠨ | ᠲᠦᠯᠦᠪᠳᠤ ᠰᠦ ᠶᠢᠨ ᠦᠢᠯᠡᠳᠪᠦᠷᠢᠯᠡᠯ ᠤᠨ ᠰᠠᠭᠤᠷᠢᠨ ᠢ ᠤᠯᠤᠰ ᠤᠨ 3 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠢᠷᠮᠠᠶᠢᠨ ᠡᠭᠦᠳᠬᠦ ᠶᠢ | ᠯᠠᠪᠳᠠᠭᠤᠨ ᠪᠠᠲᠤᠲᠠᠶ ᠠᠬᠢᠭᠤᠯᠵᠤ᠂ ᠳᠥᠷᠪᠡᠨ ᠤᠯᠠᠷᠢᠯ ᠤᠨ ᠰᠣᠳᠣᠨ ᠤᠨᠴᠠᠯᠢᠬᠳᠤ ᠵᠠᠮ ᠱᠤᠭᠤᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ᠃ | ᠬᠤᠷᠠᠯ ᠠᠴᠠ᠂ ᠬᠠᠤᠯᠢ ᠶᠣᠰᠣᠭᠠᠷ ᠲᠤᠭ᠎ᠠ ᠪᠦᠷᠢᠳᠬᠡᠬᠦ᠂ ᠬᠠᠤᠯᠢ ᠶᠣᠰᠣᠭᠠᠷ ᠲᠤᠭ᠎ᠠ ᠪᠦᠷᠢᠳᠬᠡᠬᠦ ᠶᠢ ᠡᠷᠡᠰ ᠪᠡᠶᠡᠯᠡᠭᠦᠯᠵᠦ᠂ ︽ᠲᠣᠭᠠᠴᠢᠯᠠᠭᠰᠠᠨ ᠢᠯᠵᠢᠷᠡᠯ︾ | ᠢ ᠡᠷᠡᠰ ᠬᠤᠷᠢᠭᠯᠠᠬᠤ ᠬᠡᠷᠡᠭᠲᠡᠢ᠃ ︽ᠤᠯᠤᠰ ᠤᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠬᠡᠷᠡᠭᠵᠢᠭᠦᠯᠬᠦ ᠲᠥᠰᠦᠯ︾ ᠢ ᠴᠢᠩᠭ᠎ᠠ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ | ᠴᠡᠭᠴᠡᠯᠡᠨ ᠰᠠᠶᠢᠵᠢᠷᠠᠭᠤᠯᠬᠤ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠭ᠎ᠠ ᠪᠠᠷᠢᠮᠲᠠ ᠶᠢᠨ ᠶᠠᠰᠤ | ᠴᠢᠨᠠᠷ ᠢ ᠴᠢᠩᠭ᠎ᠠ ᠡᠵᠡᠮᠳᠡᠵᠦ᠂ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠢᠨᠠᠨ | ᠬᠠᠷᠭᠤᠭᠤᠯᠵᠤ ᠰᠢᠯᠭᠠᠨ ᠠᠪᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |