6 ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠠᠷᠤᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠣᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠠᠨ | ᠰᠢᠶᠠᠨ ᠬᠤᠢ᠂ ᠭᠦᠸᠧ ᠫᠢᠩ᠂ ᠭᠦᠸᠧ ᠶᠢᠨ ᠱᠧᠩ᠂ ᠫᠠᠨ ᠰᠢᠶᠤᠤ ᠵᠢᠶᠠ᠂ ᠶᠠᠩ ᠯᠸᠢ᠂ ᠵᠠᠩ ᠶᠧ ᠣᠷᠣᠯᠴᠠᠵᠤ᠂ ᠸᠠᠩ ᠵᠢᠶᠠ ᠶᠢᠦ ᠰᠤᠯᠠ ᠣᠷᠣᠯᠴᠠᠪᠠ᠃ | | | | | | ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠵᠢᠴᠢ | ᠰᠦᠨ ᠱᠤᠤ ᠴᠧᠩ ᠱᠦᠵᠢ ᠤᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠲᠡ᠂ ᠣᠯᠠᠨ | ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠵᠢᠴᠢ ᠦᠶᠡᠷ ᠢ ᠰᠡᠷᠭᠡᠶᠢᠯᠡᠬᠦ᠂ | ᠦᠨᠡᠨᠴᠢ ᠢᠲᠡᠭᠡᠮᠵᠢᠲᠡᠶ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠲᠦᠷᠪᠡᠨ | ᠰᠠᠶᠢᠨ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ | ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠵᠢᠴᠢ ᠱᠦᠵᠢ ᠰᠦᠨ ᠱᠤᠤ ᠴᠧᠩ ᠤᠨ ᠪᠠᠶᠢᠴᠠᠭᠠᠨ | ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ | ᠂ ᠬᠠᠷᠠᠯᠲᠠ ᠲᠠᠢ ᠪᠠᠷ ᠬᠦᠴᠦᠯᠡᠵᠦ᠂ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠬᠠᠷᠠᠯᠲᠠ | ᠡᠭᠦᠷᠭᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶ ᠶᠢᠨ ᠭᠦᠢᠴᠡᠳᠭᠡᠯ ᠲᠤᠭ᠎ᠠ ᠶᠢᠨ ᠨᠡᠮᠡᠭᠳᠡᠯ ᠤᠨ ᠬᠤᠷᠳᠤᠴᠠ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠲᠠᠯ᠎ᠠ ᠪᠠᠷ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠲᠠᠯ᠎ᠠ ᠪᠠᠷ ᠰᠢᠨ᠎ᠡ ᠰᠢᠪᠲᠤᠯᠤᠯᠲᠠ᠂ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠵᠤ᠂ ︽ᠪᠥᠬᠦ ᠵᠢᠯ ᠤᠨ ᠲᠣᠭᠲᠠᠭᠤᠨ᠂ ᠪᠥᠬᠦ ᠵᠢᠯ ᠤᠨ ᠤᠷᠤᠭᠰᠢᠯᠠᠯᠲᠠ︾ | ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ ᠤᠨ ᠠᠰᠠᠭᠤᠳᠠᠯ ᠢ ᠡᠷᠡᠰ | ᠵᠠᠯᠠᠷᠠᠭᠤᠯᠵᠤ᠂ ᠠᠷᠠᠳ ᠤᠯᠠᠨ ᠳᠤ ᠦᠨᠡᠨᠬᠦ ᠠᠰᠢᠭ ᠬᠦᠷᠲᠡᠭᠡᠵᠦ᠂ ᠨᠠᠮ ᠤᠨ ᠭᠡᠰᠢᠭᠦᠨ ᠺᠠᠳ᠋ᠷ ᠲᠤ ᠬᠥᠮᠦᠵᠢᠯ ᠬᠦᠷᠲᠡᠭᠡᠵᠦ᠂ ᠦᠨᠳᠦᠰᠦᠨ ᠱᠠᠲᠤᠨ ᠤ ᠠᠮᠢ | ᠠᠬᠤᠢ ᠶᠢ ᠰᠠᠶᠢᠵᠢᠷᠠᠭᠤᠯᠵᠤ᠂ ᠲᠦᠷᠦ ᠪᠠᠷᠢᠬᠤ ᠰᠠᠭᠤᠷᠢ ᠶᠢ ᠲᠠᠬᠢᠨ ᠪᠠᠬᠢᠵᠢᠭᠦᠯᠬᠦ ᠬᠡᠷᠡᠭᠲᠡᠢ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠠᠳᠬᠤᠨ ᠨᠠᠷᠢᠯᠢᠭ ᠠᠳᠬᠤᠵᠤ᠂ ᠠᠮᠤᠷ ᠲᠦᠪᠰᠢᠨ ᠤ | ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠭᠦᠨᠵᠡᠭᠡᠶᠢᠷᠡᠨ ᠥᠷᠨᠢᠬᠦ ᠶᠢ ᠯᠠᠪᠳᠠᠭᠤᠨ | ᠪᠠᠲᠤᠲᠠᠶ ᠠᠬᠢᠭᠤᠯᠵᠤ᠂ ︽ᠢᠲᠡᠭᠡᠯ ᠲᠠᠢ ᠪᠠᠶᠢᠬᠤ᠂ ᠢᠲᠡᠭᠡᠮᠵᠢᠲᠡᠶ ᠪᠠᠶᠢᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ | ᠪᠣᠯᠭᠠᠬᠤ ᠬᠡᠷᠡᠭᠲᠡᠶ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |