7 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠬᠤᠩ ᠬᠤᠸᠠ ᠯᠢᠶᠠᠩ ᠽᠢ ᠠᠴᠠ | ᠰᠤᠷᠴᠢ ᠬᠦᠷᠬᠦ ᠵᠠᠰᠠᠮᠠᠯ ᠵᠠᠮ᠂ ᠵᠧᠨ ᠹᠧᠩ ᠲᠣᠰᠬᠤᠨ ᠠᠴᠠ ᠨᠠᠵᠢ ᠠᠶᠢᠯ ᠤᠨ ᠲᠠᠷᠢᠶᠠᠯᠠᠩ ᠤᠨ ᠲᠠᠯᠠᠪᠠᠢ ᠶᠢᠨ ᠬᠡᠰᠡᠭ ᠤᠨ ᠵᠠᠰᠠᠮᠠᠯ ᠵᠠᠮ᠂ ᠰᠢᠨ ᠹᠡ ᠰᠢᠶᠠᠩ ᠤᠨ | ᠳ᠋ᠠ ᠶᠢᠦ ᠵᠤᠸᠠᠩ ᠲᠣᠰᠬᠤᠨ ᠤ ᠠᠶᠤᠯᠲᠤ ᠬᠥᠭᠦᠷᠭᠡ ᠶᠢᠨ ᠥᠭᠡᠷᠡᠴᠢᠯᠡᠯᠲᠡ ᠵᠡᠷᠭᠡ ᠵᠠᠮ ᠬᠠᠷᠢᠯᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠤᠬᠠᠶ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠪᠡ᠃ ᠶᠠᠩ ᠯᠸᠢ ᠪᠠᠷ᠎ᠠ ᠪᠣᠯᠪᠠ᠃ | | | | | | ᠽᠦᠩ ᠵᠧ ᠨᠢᠭᠡ ᠭᠠᠵᠠᠷ ᠬᠥᠷᠬᠦ ᠪᠦᠷᠢ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠢᠯ ᠢ ᠠᠬᠢᠭᠤᠯᠬᠤ | ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠲᠡᠷᠡ᠂ ᠪᠠᠷᠢᠯᠭ᠎ᠠ ᠶᠢᠨ ᠨᠢᠭᠡᠴᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ︽ᠰᠢᠵᠢᠷ ᠠᠯᠲᠠᠨ ᠬᠤᠭᠤᠴᠠᠭ᠎ᠠ︾ ᠶᠢ ᠵᠠᠪᠳᠤᠨ ᠠᠳᠬᠤᠵᠤ᠂ ᠠᠮᠤᠷ ᠲᠦᠪᠰᠢᠨ ᠪᠠ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ | ᠳᠤᠤᠷ᠎ᠠ ᠢᠨᠵᠧᠨᠧᠷᠢᠩ ᠤᠨ ᠠᠬᠢᠴᠠ ᠶᠢ ᠲᠦᠷᠭᠡᠳᠬᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠰᠢᠶᠠᠩ ᠪᠠᠯᠭᠠᠰᠤ | ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠥᠷᠥᠯ ᠵᠦᠢᠯ ᠤᠨ ᠤᠷᠤᠭᠰᠢᠲᠠᠶ ᠠᠭᠢᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠬᠦ | ᠬᠡᠷᠡᠭᠲᠡᠶ ᠭᠡᠵᠦ ᠱᠠᠭᠠᠷᠳᠠᠪᠠ᠃ | | | | | | ᠽᠦᠩ ᠵᠧ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ᠂ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠲᠠᠢ ᠬᠤᠯᠪᠣᠭᠳᠠᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠠᠷᠠᠳ ᠤᠨ ᠠᠮᠢᠳᠤᠷᠠᠯ ᠤᠨ ︽ᠪᠢᠴᠢᠯ ᠪᠣᠳᠠᠲᠤ ᠶᠠᠪᠤᠳᠠᠯ︾ | ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠳᠤ ᠪᠤᠶᠠᠨ ᠦᠢᠯᠡᠳᠬᠦ᠂ ᠠᠷᠠᠳ ᠲᠦᠮᠡᠨ ᠳᠤ ᠠᠰᠢᠭ ᠬᠦᠷᠲᠡᠭᠡᠬᠦ ᠪᠠᠷ ᠠᠯᠢᠪᠠ ᠠᠵᠢᠯ ᠤᠨ ᠵᠣᠷᠢᠯᠲᠠ | ᠪᠠ ᠲᠤᠰᠤᠯᠳᠠ ᠪᠠᠨ ᠪᠣᠯᠭᠠᠵᠤ᠂ ᠰᠡᠳᠬᠢᠯ ᠲᠠᠯᠪᠢᠨ ᠬᠦᠴᠦ ᠣᠷᠣᠭᠤᠯᠵᠤ ᠪᠠᠶᠢᠭᠠᠳ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ | ᠬᠢᠬᠦ ᠬᠡᠷᠡᠭᠲᠡᠢ᠃ ᠡᠭᠦᠨ ᠤ ᠬᠠᠮᠲᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢᠴᠢ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠲᠠᠢ ᠨᠢᠭᠡᠳᠦᠯᠲᠡᠶ ᠲᠥᠯᠥᠪᠵᠢᠭᠦᠯᠦᠨ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠲᠠᠭᠤ ᠲᠠᠢ ᠨᠢ ᠬᠠᠯᠳᠠᠵᠤ ᠴᠡᠭᠴᠡᠯᠡᠨ | ᠰᠠᠶᠢᠵᠢᠷᠠᠭᠤᠯᠬᠤ ᠶᠢ ᠠᠳᠬᠤᠵᠤ᠂ ᠨᠢᠭᠡ ᠠᠴᠠ ᠨᠥᠭᠦᠭᠡ ᠶᠢ ᠵᠦᠢᠴᠢᠯᠡᠨ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠡᠯ᠎ᠡ ᠵᠦᠢᠯ ᠤᠨ ᠠᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠡᠴᠦᠰ ᠤᠨ ᠴᠡᠭᠴᠡᠯᠡᠨ ᠵᠠᠰᠠᠭᠰᠠᠨ ᠦᠷ᠎ᠡ | ᠪᠦᠲᠦᠮᠵᠢ ᠶᠢ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ᠂ ᠦᠨᠳᠦᠰᠦᠨ ᠱᠠᠲᠤᠨ ᠤ ᠺᠠᠳ᠋ᠷ ᠤᠨ ᠰᠤᠷᠲᠠᠯ ᠢ ᠳᠡᠭᠡᠭᠰᠢᠯᠡᠭᠦᠯᠬᠦ᠂ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠨ ᠴᠢᠨᠠᠷ ᠢ ᠳᠡᠭᠡᠭᠰᠢᠯᠡᠭᠦᠯᠬᠦ ᠳᠡᠭᠡᠷ᠎ᠡ ᠢᠯᠡᠷᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | | | | |