ᠬᠥᠯᠥᠨ ᠪᠤᠶᠢᠷ ᠤᠨ ᠵᠡᠭᠦᠨ ᠬᠤᠶᠢᠲᠤ ᠶᠢᠨ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠳᠤᠷᠠᠰᠬᠠᠯ ᠤᠨ ᠣᠷᠳᠣᠨ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ︽ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠤᠨ ᠪᠠᠶᠢᠭᠤᠯᠤᠯᠲᠠ ᠶᠢᠨ ᠬᠤᠯᠪᠣᠭ᠎ᠠ ᠳᠤ ᠣᠷᠣᠪᠠ
ᠨᠡᠶᠢᠲᠡᠯᠡᠭᠰᠡᠨ ᠴᠠᠭ᠄
2024/8/7
    ᠣᠶᠢᠷ᠎ᠠ ᠳᠤ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠪᠠᠶᠢᠭᠤᠯᠤᠯᠲᠠ ᠶᠢᠨ ᠬᠤᠯᠪᠣᠭ᠎ᠠ ᠪᠠᠶᠢᠭᠤᠯᠤᠭᠳᠠᠬᠤ ᠶᠡᠭᠡ ᠬᠤᠷᠠᠯ ᠭᠢᠷᠢᠨ ᠶᠡᠭᠡ ᠰᠤᠷᠭᠠᠭᠤᠯᠢ ᠳᠤ ᠶᠠᠪᠤᠭᠳᠠᠪᠠ᠃ ᠬᠠᠷᠠᠮᠥ᠋ᠷᠡᠨ᠂ ᠭᠢᠷᠢᠨ᠂ ᠯᠢᠶᠣᠤᠨᠢᠩ᠂ ᠥᠪᠥᠷ ᠮᠣᠩᠭᠤᠯ ᠵᠡᠷᠭᠡ ᠭᠠᠵᠠᠷ ᠣᠷᠣᠨ ᠠᠴᠠ ᠢᠷᠡᠭᠰᠡᠨ 80 ᠭᠠᠷᠤᠶ ᠶᠡᠭᠡ ᠳᠡᠭᠡᠳᠦ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ᠂ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠳᠤᠮᠳᠠᠳᠤ ᠪᠠᠭ᠎ᠠ ᠰᠤᠷᠭᠠᠭᠤᠯᠢ ᠪᠣᠯᠤᠨ ᠰᠣᠶᠣᠯ ᠤᠨ ᠦᠵᠡᠰᠬᠦᠯᠡᠩ ᠤᠨ ᠪᠠᠶᠢᠭᠤᠯᠭ᠎ᠠ ᠨᠢᠭᠡᠴᠢ ᠣᠷᠣᠯᠴᠠᠵᠠᠶ᠃
1.jpg
    ᠠᠷᠤᠨ ᠬᠤᠰᠢᠭᠤᠨ ᠤ ᠬᠥᠯᠥᠨ ᠪᠤᠶᠢᠷ ᠤᠨ ᠵᠡᠭᠦᠨ ᠬᠤᠶᠢᠲᠤ ᠶᠢᠨ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠳᠤᠷᠠᠰᠬᠠᠯ ᠤᠨ ᠣᠷᠳᠣᠨ ᠬᠡᠷᠡᠭ ᠡᠷᠬᠢᠯᠡᠭᠴᠢᠳ ᠤᠨ ᠨᠢᠭᠡᠴᠢ ᠶᠢᠨ ᠬᠤᠪᠢ ᠪᠠᠷ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠪᠥᠲᠥᠭᠡᠨ ᠪᠠᠶᠢᠭᠤᠯᠤᠯᠲᠠ ᠶᠢᠨ ᠬᠤᠯᠪᠣᠭ᠎ᠠ ᠳᠤ ᠣᠷᠣᠯᠴᠠᠪᠠ᠃ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠪᠠᠶᠢᠭᠤᠯᠤᠯᠲᠠ ᠶᠢᠨ ᠬᠤᠯᠪᠣᠭ᠎ᠠ ᠪᠠᠶᠢᠭᠤᠯᠬᠤ ᠪᠣᠯ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠦᠭ ᠰᠦᠨᠡᠰᠦ ᠶᠢ ᠱᠤᠭᠤᠵᠤ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠤᠨ᠎ᠠ᠂ ᠬᠤᠯᠪᠣᠭ᠎ᠠ ᠨᠢ ᠲᠣᠰ ᠲᠣᠰ ᠤᠨ ᠲᠠᠪᠴᠠᠩ ᠤᠨ ᠳᠠᠪᠠᠭᠤᠯᠢᠭ ᠢᠶᠠᠨ ᠠᠰᠢᠭᠯᠠᠨ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠪᠠᠶᠢᠭᠤᠯᠤᠯᠲᠠ ᠶᠢᠨ ᠰᠢᠨ᠎ᠡ ᠠᠷᠭ᠎ᠠ ᠵᠠᠮ ᠰᠢᠨ᠎ᠡ ᠠᠷᠭ᠎ᠠ ᠶᠢ ᠭᠦᠨᠵᠡᠭᠡᠶ ᠰᠦᠪᠡᠭᠴᠢᠯᠡᠵᠦ᠂ ᠨᠠᠮ ᠤᠨ ᠰᠢᠨ᠎ᠡ ᠶᠢ ᠡᠭᠦᠳᠬᠦ ᠣᠨᠣᠯ ᠤᠨ ᠣᠶᠤᠨ ᠲᠠᠷᠢᠬᠢᠨ ᠳᠤ ᠬᠠᠳᠠᠩᠰᠢᠬᠤ ᠶᠢ ᠦᠷᠭᠦᠯᠵᠢᠯᠡᠨ ᠪᠠᠬᠢᠵᠢᠭᠦᠯᠦᠨ᠎ᠡ᠃
2.jpg
    ᠬᠥᠯᠥᠨ ᠪᠤᠶᠢᠷ ᠤᠨ ᠵᠡᠭᠦᠨ ᠬᠤᠶᠢᠲᠤ ᠶᠢᠨ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠳᠤᠷᠠᠰᠬᠠᠯ ᠤᠨ ᠣᠷᠳᠣᠨ ᠲᠠᠪᠴᠠᠩ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠶᠡᠭᠡ ᠬᠢᠴᠢᠶᠡᠯ ᠤᠨ ᠲᠠᠩᠬᠢᠮ︾ ᠢ ᠪᠠᠶᠢᠭᠤᠯᠵᠤ᠂ ︽ᠶᠡᠭᠡ ᠲᠠᠪᠴᠠᠩ︾ ᠢ ᠪᠠᠶᠢᠭᠤᠯᠵᠤ᠂ ︽ᠶᠡᠭᠡ ᠪᠠᠭᠰᠢ︾ ᠶᠢ ᠰᠠᠶᠢᠲᠤᠷ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠪᠤᠰᠤᠳ ᠭᠠᠵᠠᠷ ᠣᠷᠣᠨ ᠲᠠᠢ ᠬᠠᠮᠲᠤᠷᠠᠯᠴᠠᠭ᠎ᠠ ᠰᠣᠯᠢᠯᠴᠠᠭ᠎ᠠ ᠪᠣᠯᠤᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠬᠤᠪᠢᠰᠬᠠᠯ ᠤᠨ ᠥᠩᠭᠡᠷᠡᠯᠲᠡ᠂ ᠨᠡᠶᠢᠭᠡᠮ ᠤᠨ ᠦᠢᠯᠡᠳᠦᠯᠭᠡ᠂ ᠣᠷᠳᠣᠨ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢ ᠬᠠᠮᠲᠤᠷᠠᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ︽ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠤᠨ ᠠᠵᠢᠯᠯᠠᠭ᠎ᠠ ᠶᠢ ᠥᠷᠨᠢᠭᠦᠯᠵᠦ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠲᠤᠷᠰᠢᠯᠭ᠎ᠠ ᠠᠷᠭ᠎ᠠ ᠬᠢᠳᠡᠯ ᠢ ᠲᠠᠰᠤᠷᠠᠯᠲᠠ ᠦᠭᠡᠢ ᠳᠡᠯᠭᠡᠷᠡᠭᠦᠯᠵᠦ᠂ ︽ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠤᠨ ᠠᠵᠢᠯ ᠤᠨ ᠰᠢᠰᠲᠧᠮ ᠢ ᠪᠠᠶᠢᠭᠤᠯᠬᠤ ᠳᠤ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠨ᠎ᠡ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ