ᠽᠦᠩ ᠵᠧ ︽8.1︾ ᠤ ᠠᠶᠢᠯᠴᠢᠯᠠᠯᠲᠠ ᠬᠢᠵᠦ ᠲᠣᠬᠤᠨᠢᠭᠤᠯᠪᠠ
ᠨᠡᠶᠢᠲᠡᠯᠡᠭᠰᠡᠨ ᠴᠠᠭ᠄
2024/8/7
    ︽8.1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠪᠥᠬᠦ ᠬᠤᠰᠢᠭᠤᠨ ᠤ ᠠᠷᠠᠳ ᠲᠦᠮᠡᠨ ᠤ ᠭᠦᠨ ᠵᠤᠵᠠᠭᠠᠨ ᠨᠥᠬᠦᠷᠯᠡᠯ ᠪᠠ ᠰᠠᠶᠢᠨ ᠰᠠᠶᠢᠬᠠᠨ ᠵᠥᠩᠨᠡᠯ ᠢ ᠡᠪᠦᠷᠯᠡᠨ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠣᠶ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠠᠷᠤᠨ ᠬᠤᠰᠢᠭᠤᠨ ᠤ ᠳᠤᠮᠳᠠ ᠠᠩᠭᠢ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠬᠦᠷᠴᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠯᠢᠦ ᠵᠤᠤ ᠮᠢᠩ᠂ ᠪᠠᠢ ᠲᠤᠤ ᠣᠷᠣᠯᠴᠠᠵᠠᠢ᠃
1.jpg
    ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠵᠡᠪᠰᠡᠭᠲᠦ ᠴᠠᠭᠳᠠᠭ᠎ᠠ ᠶᠢᠨ ᠠᠷᠤᠨ ᠬᠤᠰᠢᠭᠤᠨ ᠤ ᠳᠤᠮᠳᠠ ᠠᠩᠭᠢ ᠳᠤ᠂ ᠽᠦᠩ ᠵᠧ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠳᠣᠲᠣᠨᠣ ᠲᠣᠬᠤᠨᠢᠭᠤᠯᠤᠯ ᠬᠦᠷᠭᠡᠵᠦ᠂ ᠲᠡᠳᠡᠨ ᠤ ᠨᠢᠭᠡ ᠭᠠᠵᠠᠷ ᠤᠨ ᠠᠮᠤᠷ ᠲᠦᠪᠰᠢᠨ ᠢ ᠬᠠᠮᠠᠭᠠᠯᠠᠵᠤ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠬᠦᠨᠳᠦᠳᠬᠡᠯ ᠪᠣᠯᠤᠨ ᠲᠠᠯᠠᠷᠬᠠᠯ ᠢᠶᠠᠨ ᠳᠡᠪᠰᠢᠭᠦᠯᠪᠡ᠃ ᠽᠦᠩ ᠵᠧ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠬᠢ ᠶᠢᠨ ᠪᠦᠳᠦᠬᠡᠨ ᠪᠠᠶᠢᠭᠤᠯᠤᠯᠲᠠ ᠶᠢ ᠳᠡᠮᠵᠢᠵᠦ᠂ ᠬᠤᠶᠠᠷ ᠢ ᠬᠦᠷᠢᠶᠡᠯᠡᠬᠦ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠬᠦᠴᠢᠷ ᠵᠣᠪᠠᠭᠤᠷᠢ ᠶᠢ ᠦᠨᠡᠨ ᠰᠡᠳᠬᠢᠯ ᠠᠴᠠ ᠪᠠᠨ ᠬᠦᠴᠦᠯᠡᠨ ᠰᠢᠢᠳᠪᠦᠷᠢᠯᠡᠵᠦ᠂ ᠬᠤᠰᠢᠭᠤᠨ ᠳᠤ ᠰᠠᠭᠤᠭ᠎ᠠ ᠥᠷᠭᠡᠨ ᠤᠯᠠᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠴᠡᠷᠢᠭ ᠠᠩᠬᠢ ᠶᠢᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠴᠠᠭᠠᠷᠠᠭᠰᠠᠨ ᠡᠷᠳᠡᠮ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠪᠣᠳᠠᠲᠠᠢ ᠠᠵᠢᠯᠯᠠᠬᠤ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠠᠷᠤᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠳᠡᠮᠵᠢᠵᠦ᠂ ᠴᠡᠷᠢᠭ ᠠᠩᠬᠢ ᠪᠠ ᠣᠷᠣᠨ ᠨᠤᠲᠤᠭ ᠭᠠᠷ ᠬᠤᠯᠪᠣᠨ ᠮᠥᠷᠥ ᠵᠡᠷᠭᠡᠴᠡᠵᠦ᠂ ᠴᠡᠷᠢᠭ ᠠᠷᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ︽ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ︾ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃
2.jpg
    ᠣᠶ ᠰᠢᠭᠤᠶ ᠶᠢᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠶᠡᠭᠡ ᠠᠩᠭᠢ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ᠂ ᠽᠦᠩ ᠵᠧ ᠡᠩᠨᠡᠭᠡᠨ ᠤ ᠪᠠᠶᠢᠭᠤᠯᠤᠯᠲᠠ᠂ ᠠᠵᠢᠯᠲᠠᠨ ᠤ ᠪᠣᠯᠪᠠᠰᠤᠷᠠᠯ᠂ ᠠᠷᠤ ᠲᠠᠯ᠎ᠠ ᠶᠢᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠪᠠᠴᠢᠮ ᠬᠦᠴᠢᠷ ᠠᠶᠤᠯᠲᠠᠶ ᠬᠦᠨᠳᠦ ᠡᠭᠦᠷᠭᠡ ᠶᠢᠨ ᠡᠮᠦᠨ᠎ᠡ ᠠᠶᠤᠯ ᠲᠦᠭᠰᠢᠭᠦᠷᠢ ᠠᠴᠠ ᠠᠶᠤᠬᠤ ᠥᠬᠡᠶ᠂ ᠵᠣᠷᠢᠭᠲᠠᠶ ᠪᠠᠷ ᠲᠠᠭᠠᠷᠢᠯᠲᠠ ᠬᠢᠵᠦ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠲᠣᠭᠲᠠᠭᠤᠨ ᠬᠥᠭᠵᠢᠯᠲᠡ᠂ ᠠᠷᠠᠳ ᠣᠯᠠᠨ ᠤ ᠠᠮᠤᠷ ᠲᠠᠶᠢᠪᠤᠩ ᠠᠵᠤ ᠲᠦᠷᠦᠭᠦ ᠶᠢ ᠬᠦᠴᠦᠲᠡᠶ ᠪᠠᠲᠤᠯᠠᠭᠰᠠᠨ ᠢ ᠭᠦᠢᠴᠡᠳ ᠨᠤᠲᠠᠯᠠᠪᠠ᠃ ᠲᠡᠳᠡᠨ ᠤ ᠦᠷᠭᠦᠯᠵᠢᠯᠡᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠳᠠᠶᠢᠴᠢᠨ ᠰᠤᠷᠲᠠᠯ ᠢᠶᠠᠨ ᠪᠠᠲᠤᠯᠠᠵᠤ᠂ ᠡᠳᠦᠷ ᠲᠤᠲᠤᠮ ᠤᠨ ᠪᠣᠯᠪᠠᠰᠤᠷᠠᠯ ᠢᠶᠠᠨ ᠴᠢᠩᠭᠠᠳᠬᠠᠵᠤ᠂ ᠲᠤᠰᠬᠠᠯ ᠨᠠᠩ ᠲᠦᠷᠭᠡᠨ᠂ ᠠᠵᠢᠯᠯᠠᠭ᠎ᠠ ᠨᠠᠩ ᠥᠨᠳᠥᠷ ᠪᠦᠲᠦᠮᠵᠢᠲᠡᠶ᠂ ᠪᠠᠲᠤᠯᠠᠭ᠎ᠠ ᠨᠠᠩ ᠬᠦᠴᠦᠲᠡᠶ ᠪᠠᠶᠢᠬᠤ ᠶᠢ ᠪᠡᠶᠡᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠨ ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
3.jpg
 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ