ᠽᠦᠩ ᠵᠧ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠶᠢᠰᠦᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/7
    7 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠽᠦᠩ ᠵᠧ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ ᠶᠢᠰᠦᠳᠦᠭᠡᠷ ᠤᠳᠠᠭᠠᠨ ᠤ ᠬᠤᠷᠠᠯ ᠵᠢᠴᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠠᠨ ᠰᠢᠶᠠᠨ ᠬᠤᠢ᠂ ᠭᠦᠸᠧ ᠶᠢᠨ ᠱᠧᠩ᠂ ᠶᠠᠩ ᠯᠸᠢ᠂ ᠯᠢᠦ ᠵᠤᠤ ᠮᠢᠩ ᠣᠷᠣᠯᠴᠠᠵᠤ᠂ ᠫᠠᠨ ᠰᠢᠶᠤᠤ ᠵᠢᠶᠠ᠂ ᠸᠠᠩ ᠵᠢᠶᠠ ᠶᠢᠦ ᠰᠤᠯᠠ ᠣᠷᠣᠯᠴᠠᠪᠠ᠃
1.jpg
    ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠵᠢᠴᠢ ᠳᠡᠭᠡᠳᠦ ᠱᠠᠲᠤᠨ ᠤ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ᠂ ᠤᠯᠤᠰ ᠲᠦᠷᠦ ᠶᠢ ᠡᠷᠬᠢᠮᠯᠡᠬᠦ ᠶᠢ ᠨᠢᠭᠡᠳᠦᠭᠡᠷ ᠵᠢᠷᠤᠮᠯᠠᠯ ᠪᠣᠯᠭᠠᠵᠤ᠂ ᠤᠯᠤᠰ ᠲᠦᠷᠦ ᠶᠢᠨ ᠤᠨᠤᠯ ᠢ ᠡᠷᠡᠰ ᠪᠠᠲᠤᠳᠬᠠᠵᠤ᠂ ᠤᠯᠤᠰ ᠲᠦᠷᠦ ᠶᠢᠨ ᠲᠦᠷᠢᠮ ᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠡᠭᠦᠷᠭᠡ ᠶᠢ ᠪᠣᠳᠠᠲᠠᠢ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠬᠦᠴᠦᠨ ᠢᠶᠠᠨ ᠲᠥᠪᠯᠡᠷᠡᠭᠦᠯᠦᠨ ᠳᠣᠲᠣᠷ ᠲᠠᠮᠢᠷ ᠢᠶᠠᠨ ᠰᠠᠶᠢᠲᠤᠷ ᠪᠣᠯᠪᠠᠰᠤᠷᠠᠭᠤᠯᠵᠤ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠵᠢᠷᠤᠮᠯᠠᠬᠤ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃    ᠬᠤᠷᠠᠯ ᠠᠴᠠ᠂ ︽ᠶᠠᠪᠤᠭᠳᠠᠬᠤ ᠴᠠᠭ ᠪᠠᠶᠢᠬᠤ ᠠᠴᠠ ᠪᠢᠰᠢ ᠳᠠᠭᠤᠰᠬᠤ ᠴᠠᠭ ᠪᠠᠶᠢᠬᠤ ᠥᠬᠡᠶ︾ ᠢᠲᠡᠭᠡᠯ ᠵᠣᠷᠢᠭ ᠢᠶᠠᠷ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠴᠢᠷᠮᠠᠶᠢᠨ ᠪᠣᠶ ᠪᠣᠯᠭᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠳᠡᠭᠡᠳᠦ ᠱᠠᠲᠤ ᠨᠢ ᠳᠤᠤᠷᠠᠳᠤ ᠱᠠᠲᠤ ᠪᠠᠨ ᠳᠠᠭᠠᠭᠤᠯᠵᠤ᠂ ᠳᠡᠭᠡᠳᠦ ᠳᠤᠤᠷᠠᠳᠤ ᠱᠠᠲᠤ ᠨᠢ ᠬᠤᠯᠪᠣᠭᠠᠯᠠᠨ ᠬᠥᠳᠡᠯᠦᠯᠴᠡᠵᠦ᠂ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠷᠢᠭᠤᠴᠠᠯᠭ᠎ᠠ ᠶᠢ ᠴᠢᠩᠭ᠎ᠠ ᠠᠳᠬᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠵᠦ᠂ ᠬᠠᠷᠢᠭᠤᠴᠠᠯᠭ᠎ᠠ ᠶᠢ ᠴᠢᠩᠭ᠎ᠠ ᠠᠳᠬᠤᠨ ᠲᠦᠷᠢᠮ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠷᠢᠭᠤᠴᠠᠯᠭ᠎ᠠ ᠶᠢ ᠴᠢᠩᠭᠠᠳᠬᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠢᠮᠠᠭᠲᠠ ᠲᠦᠢᠯᠪᠤᠷᠢᠲᠠᠶ ᠨᠠᠶᠢᠳᠠᠪᠤᠷᠢᠵᠢᠭᠤᠯᠵᠤ᠂ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
ᠢᠷᠡᠯᠲᠡ᠄ ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ