ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠹᠦ᠋ ᠰᠢᠩ ᠪᠠᠯᠭᠠᠰᠤ ᠪᠠ ᠶᠢᠨ ᠾᠧ ᠰᠢᠶᠠᠩ ᠳᠤ ᠪᠠᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/9/26
    9 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠸᠧᠶ ᠵᠢᠶᠦ᠋ᠨ ᠹᠦ᠋ ᠰᠢᠩ ᠪᠠᠯᠭᠠᠰᠤ ᠪᠠ ᠶᠢᠨ ᠾᠧ ᠶᠢᠨ ᠳᠠᠭᠤᠷ ᠡᠸᠡᠩᠬᠢ ᠦᠨᠳᠦᠰᠦᠲᠡᠨ ᠤ ᠰᠢᠶᠠᠩ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠵᠡᠷᠭᠡ ᠭᠤᠤᠯᠳᠠᠯᠭ᠎ᠠ ᠲᠠᠢ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠵᠠᠩ ᠰᠢᠤᠸᠠᠢ ᠹᠧᠩ ᠣᠷᠣᠯᠴᠠᠪᠠ᠃
1.jpg
    ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠠᠩ ᠸᠧᠢ ᠵᠢᠶᠦ᠋ᠨ ᠤᠷᠢᠳ ᠬᠤᠵᠢᠳ ᠹᠦ᠋ ᠰᠢᠩ ᠪᠠᠯᠭᠠᠰᠤ ᠶᠢᠨ ᠳ᠋ᠢ ᠹᠠᠩ ᠽᠢ ᠲᠣᠰᠬᠤᠨ᠂ ᠲᠢᠶᠧ ᠱᠠᠨ ᠲᠣᠰᠬᠤᠨ᠂ ᠯᠢᠦ ᠵᠢᠶᠠᠨ ᠹᠠᠩ ᠲᠣᠰᠬᠤᠨ᠂ ᠶᠢᠨ ᠾᠧ ᠶᠢᠨ ᠳᠠᠭᠤᠷ ᠡᠸᠡᠩᠬᠢ ᠦᠨᠳᠦᠰᠦᠲᠡᠨ ᠤ ᠰᠢᠶᠠᠩ ᠤᠨ ᠹᠦ᠋ ᠵᠢᠢ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠵᠤ ᠦᠢᠯᠡᠰ ᠢ ᠦᠵᠡᠵᠦ᠂ ᠠᠷᠠᠳ ᠤᠨ ᠰᠠᠨᠠᠭ᠎ᠠ ᠶᠢ ᠰᠣᠨᠣᠰᠴᠤ᠂ ᠠᠭᠯᠠᠭ ᠠᠭᠤᠯᠠ ᠶᠢᠨ ᠵᠠᠰᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠪᠣᠷᠳᠤᠭ᠎ᠠ ᠡᠳ᠋ᠰᠢᠭᠦᠯᠬᠦ᠂ ᠢᠳᠡᠰᠢᠨ ᠮᠦᠬᠦ ᠲᠠᠷᠢᠬᠤ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠰᠠᠪᠠ ᠭᠠᠵᠠᠷ ᠤᠨ ᠨᠤᠭᠤ ᠭᠠᠵᠠᠷ ᠢ ᠬᠠᠮᠠᠭᠠᠯᠠᠨ ᠰᠡᠷᠭᠦᠭᠡᠬᠦ᠂ ᠴᠠᠭᠠᠨ ᠬᠡᠮᠬᠡ ᠶᠢᠨ ᠦᠷ᠎ᠡ ᠶᠢᠨ ᠠᠵᠤ ᠦᠢᠯᠡᠰ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠪᠣᠯᠤᠨ ᠠᠷᠠᠳ ᠢ ᠪᠠᠶᠠᠵᠢᠭᠤᠯᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃
2.jpg
    ᠵᠠᠩ ᠸᠧᠢ ᠵᠢᠶᠦ᠋ᠨ᠂ ᠠᠷᠤᠨ ᠬᠤᠰᠢᠭᠤ ᠲᠠᠷᠢᠶᠠᠯᠠᠩ ᠤᠨ ᠬᠤᠰᠢᠭᠤ ᠰᠢᠶᠠᠨ ᠪᠣᠯᠤᠭᠰᠠᠨ ᠤ ᠬᠤᠪᠢ ᠳᠤ᠂ ᠲᠠᠷᠢᠶᠠᠯᠠᠩ᠂ ᠬᠥᠳᠡᠭᠡ ᠲᠣᠰᠬᠤᠨ᠂ ᠲᠠᠷᠢᠶᠠᠴᠢᠳ ᠤᠨ ᠲᠣᠭᠤᠷᠢᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠨᠴᠠᠯᠢᠬᠳᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠭᠵᠢᠯᠲᠡ ᠶᠢᠨ ᠠᠷᠭ᠎ᠠ ᠵᠠᠮ ᠢᠶᠠᠨ ᠣᠨᠣᠪᠴᠢᠲᠠᠶ ᠣᠯᠵᠤ᠂ ᠠᠭᠯᠠᠭ ᠠᠭᠤᠯᠠ ᠶᠢ ᠵᠠᠰᠠᠭᠰᠠᠨ ᠠᠮᠵᠢᠯᠲᠠ ᠲᠠᠢ ᠲᠤᠷᠰᠢᠯᠭ᠎ᠠ ᠶᠢ ᠪᠥᠬᠦ ᠲᠠᠯ᠎ᠠ ᠪᠠᠷ ᠳᠡᠯᠭᠡᠷᠡᠭᠦᠯᠦᠨ᠂ ᠣᠶ ᠶᠢᠨ ᠬᠤᠷᠮᠣᠶ ᠶᠢᠨ ᠠᠵᠤ ᠠᠬᠤᠶ ᠶᠢ ᠰᠠᠶᠢᠲᠤᠷ ᠨᠡᠭᠡᠭᠡᠨ ᠬᠥᠭᠵᠢᠭᠦᠯᠵᠦ ᠠᠰᠢᠭᠯᠠᠨ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠳᠡᠭᠡᠭᠰᠢᠯᠡᠭᠦᠯᠬᠦ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠵᠤ᠂ ᠲᠡᠷᠢᠭᠦᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢ ᠠᠰᠢᠭᠯᠠᠨ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠲᠠᠷᠢᠶᠠᠴᠢᠳ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠠᠪᠴᠢᠷᠠᠭᠰᠠᠨ ᠪᠣᠳᠠᠲᠤ ᠠᠰᠢᠭ ᠢ ᠡᠳ᠋ᠯᠡᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤ᠂ ᠲᠣᠰᠬᠤᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠦᠢᠯᠡᠰ ᠤᠨ ᠨᠡᠮᠡᠯᠲᠡ ᠥᠷᠲᠡᠭ ᠢ ᠨᠡᠮᠡᠭᠳᠡᠭᠦᠯᠵᠦ᠂ ᠣᠯᠠᠨ ᠲᠦᠮᠡᠨ ᠤ ᠣᠷᠣᠯᠭ᠎ᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠤᠯᠴᠢᠯᠠᠯ ᠤᠨ ᠠᠬᠤᠶ ᠪᠠᠶᠢᠳᠠᠯ ᠢ ᠪᠣᠶ ᠪᠣᠯᠭᠠᠵᠤ᠂ ᠰᠡᠯᠡᠭᠦᠴᠡᠯ ᠤᠨ ᠲᠠᠷᠢᠶᠠᠯᠠᠩ᠂ ᠬᠥᠳᠡᠭᠡ ᠲᠣᠰᠬᠤᠨ ᠤ ᠵᠢᠭᠤᠯᠴᠢᠯᠠᠯ᠂ ᠠᠷᠠᠳ ᠤᠨ ᠰᠠᠭᠤᠴᠠ ᠶᠢᠨ ᠠᠵᠤ ᠠᠬᠤᠶ᠂ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠠᠷᠢᠶᠠᠯᠠᠩ ᠢ ᠬᠤᠯᠪᠣᠭᠠᠯᠠᠨ ᠬᠥᠳᠡᠭᠡ ᠲᠣᠰᠬᠤᠨ ᠢ ᠳᠠᠶᠢᠴᠢᠯᠠᠬᠤ ᠲᠣᠭᠲᠠᠴᠠ ᠶᠢ ᠴᠢᠩᠭᠠᠳᠬᠠᠬᠤ ᠬᠡᠷᠡᠭᠲᠡᠶ᠃ ᠣᠯᠠᠨ ᠲᠦᠮᠡᠨ ᠤ ᠬᠡᠷᠡᠭᠴᠡᠭᠡ ᠲᠠᠢ ᠤᠶᠠᠯᠳᠤᠭᠤᠯᠤᠨ᠂ ᠬᠥᠳᠡᠯᠮᠦᠷᠢ ᠬᠦᠴᠦᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠯᠠᠪᠳᠠᠭᠤᠨ ᠪᠠᠲᠤᠲᠠᠶ ᠥᠷᠨᠢᠭᠦᠯᠵᠦ᠂ ᠨᠠᠩ ᠣᠯᠠᠨ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
3.jpg
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ