2 ᠳ᠋ᠤᠭᠠᠷ ᠰᠠᠷ᠎ᠠ ᠶᠢᠨ 22 ᠤᠨ ᠡᠳᠦᠷ᠂ ︽ᠰᠠᠶᠢᠨ ᠪᠠᠶᠢᠨ᠎ᠠ ᠦᠦ︕ ᠳᠤᠮᠳᠠᠳᠤ ᠤᠯᠤᠰ︾ — ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ | ᠰᠣᠶᠣᠯ ᠪᠠ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠴᠤᠭᠯᠠᠭᠠᠨ ᠢ ᠮᠠᠯᠠᠶᠢᠰᠢᠶ᠎ᠠ ᠶᠢᠨ ᠣᠯᠠᠨ ᠤᠯᠤᠰ ᠤᠨ ᠠᠷᠠᠯᠵᠢᠶᠠᠨ ᠤ ᠦᠵᠡᠰᠬᠦᠯᠡᠩ ᠤᠨ ᠲᠥᠪ ᠲᠤ | ᠠᠮᠵᠢᠯᠲᠠ ᠲᠠᠢ ᠡᠷᠬᠢᠯᠡᠪᠡ᠂ ᠲᠠᠯᠠᠪᠠᠶ ᠳᠤ ᠨᠡᠶᠢᠲᠡ 460 ᠰᠢᠬᠠᠮ ᠦᠵᠡᠭᠦᠯᠭᠡ ᠶᠢᠨ ᠪᠠᠶᠢᠷᠢ ᠳᠣᠬᠢᠷᠠᠭᠤᠯᠤᠭᠰᠠᠨ ᠪᠥᠭᠡᠳ 60 ᠭᠠᠷᠤᠢ ᠬᠤᠳᠠᠯᠳᠤᠭᠠᠴᠢᠨ | ᠦᠵᠡᠰᠬᠦᠯᠡᠩ ᠳᠤ ᠣᠷᠣᠯᠴᠠᠵᠠᠢ᠃ ︵ᠰᠣᠶᠣᠯ ᠪᠠ ᠵᠢᠭᠤᠯᠴᠢᠯᠠᠯ ᠤᠨ ᠲᠢᠩᠬᠢᠮ︶ | ᠣᠶᠢᠷ᠎ᠠ ᠳᠤ᠂ ᠬᠥᠯᠥᠨ ᠪᠤᠶᠢᠷ ᠬᠤᠲᠠ ᠨᠢ ᠲᠢᠶᠠᠨᠵᠢᠨ ᠤ ᠸᠧ ᠶᠢᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ | ᠺᠣᠮᠫᠠᠨᠢ ᠯᠤᠭ᠎ᠠ ᠬᠠᠮᠲᠤᠷᠠᠯᠴᠠᠨ ᠠᠵᠢᠯᠯᠠᠬᠤ ᠪᠠᠷ ᠳᠣᠬᠢᠷᠠᠯᠴᠠᠵᠤ᠂ ᠲᠥᠷᠥᠯ ᠵᠦᠢᠯ ᠳᠠᠬᠢ ᠶᠡᠷᠦᠩᠬᠡᠢ ᠪᠡᠯᠡ ᠣᠷᠣᠭᠤᠯᠤᠯᠲᠠ ᠨᠢ 6 ᠳ᠋ᠦᠩᠰᠢᠭᠤᠷ ᠲᠥᠭᠦᠷᠢᠭ ᠲᠤ | ᠬᠦᠷᠴᠦ᠂ 4 ᠬᠤᠰᠢᠭᠤ ᠬᠤᠲᠠ ᠲᠣᠭᠤᠷᠢᠭ ᠲᠤ ᠠᠯᠠᠰᠢᠨ ᠦᠬᠡᠷ ᠢ ᠲᠡᠵᠢᠭᠡᠨ ᠦᠷᠡᠵᠢᠭᠦᠯᠬᠦ ᠣᠳᠣᠬᠢᠴᠢᠯᠠᠭᠰᠠᠨ ᠰᠠᠭᠤᠷᠢᠨ ᠭᠠᠵᠠᠷ ᠪᠠᠶᠢᠭᠤᠯᠬᠤ ᠪᠠᠷ ᠲᠥᠯᠥᠪᠯᠡᠵᠦ | ᠪᠣᠶ᠃ ᠲᠦᠷᠦᠯ ᠵᠦᠢᠯ ᠨᠢ ᠠᠰᠢᠭᠯᠠᠯᠲᠠ ᠳᠤ ᠣᠷᠣᠭᠰᠠᠨ ᠤ ᠳᠠᠷᠠᠭ᠎ᠠ ︽ᠠᠵᠤ ᠠᠬᠤᠶᠢᠯᠠᠯ + ᠬᠤᠷᠰᠢᠶ᠎ᠠ + ᠲᠡᠵᠢᠭᠡᠨ ᠦᠷᠡᠵᠢᠭᠦᠯᠬᠦ + ᠡᠭᠦᠯᠡᠨ ᠬᠥᠮᠥᠷᠭᠡ ᠪᠠᠷ | ᠡᠳ᠋ᠰᠢᠭᠦᠯᠦᠨ ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠭᠰᠠᠨ ᠬᠠᠮ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢᠨ ᠬᠡᠪ ᠵᠠᠭᠪᠤᠷ ᠢᠶᠠᠷ ᠡᠵᠡᠩᠨᠡᠨ ᠠᠵᠢᠯᠯᠠᠬᠤ | ᠪᠣᠯᠣᠨ᠎ᠠ᠃ ︵ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ︶ | |