1 ᠳ᠋ᠦ᠋ᠭᠡᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ | ᠬᠤᠷᠠᠯᠳᠤᠭᠤᠯᠤᠭᠰᠠᠨ 2024 ᠣᠨ ᠤ ᠥᠪᠥᠷ ᠮᠣᠩᠭᠤᠯ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠤᠨ | ᠨᠡᠶᠢᠲᠡᠯᠡᠭᠰᠡᠨ ᠢᠶᠠᠷ᠄ 2024 ᠣᠨ ᠳᠤ ᠥᠪᠥᠷ ᠮᠣᠩᠭᠤᠯ ᠤᠨ ᠠᠵᠤ ᠠᠬᠤᠶ ᠲᠣᠭᠲᠠᠭᠤᠨ ᠤ ᠳᠤᠮᠳᠠ ᠤᠷᠤᠭᠰᠢᠯᠠᠨ᠂ ᠥᠭᠡᠳᠡᠯᠡᠨ ᠰᠠᠶᠢᠵᠢᠷᠠᠬᠤ ᠬᠠᠨᠳᠤᠰᠢ | ᠢᠯᠡᠷᠡᠵᠦ᠂ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠶ ᠠᠬᠢᠪᠠ᠃ ᠪᠥᠬᠦ ᠣᠷᠣᠨ ᠤ ᠠᠵᠤ ᠠᠬᠤᠶ ᠶᠢᠨ ᠶᠡᠷᠦᠩᠬᠡᠶ ᠬᠡᠮᠵᠢᠶ᠎ᠡ 2.6 ᠲᠦᠮᠡᠨ ᠳ᠋ᠦᠩᠰᠢᠭᠤᠷ | ᠲᠥᠭᠦᠷᠢᠭ ᠢ ᠳᠠᠪᠠᠵᠤ᠂ ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠶᠢᠨ 20 ᠳ᠋ᠤᠭᠠᠷ ᠲᠤ ᠬᠦᠷᠲᠡᠯ᠎ᠡ ᠳᠡᠭᠡᠭᠰᠢᠯᠡᠵᠦ᠂ 5 ᠵᠢᠯ ᠥᠩᠭᠡᠷᠡᠭᠡᠳ ᠪᠥᠬᠦ ᠤᠯᠤᠰ ᠤᠨ | ᠳᠤᠮᠳᠠ ᠲᠦᠪᠰᠢᠨ ᠳᠤ ᠳᠠᠬᠢᠨᠲᠠ ᠪᠤᠴᠠᠵᠤ᠂ ᠭᠤᠤᠯ ᠪᠣᠯᠬᠤ ᠠᠵᠤ ᠠᠬᠤᠶ ᠶᠢᠨ ᠵᠢᠭᠠᠯᠲᠠ ᠲᠣᠭᠠᠨ ᠤ ᠨᠡᠮᠡᠭᠳᠡᠯ ᠤᠨ ᠬᠤᠷᠳᠤᠴᠠ ᠦᠷᠭᠦᠯᠵᠢᠯᠡᠨ ᠪᠥᠬᠦ ᠤᠯᠤᠰ ᠤᠨ | ᠳᠤᠮᠳᠠᠴᠢ ᠠᠴᠠ ᠲᠦᠷᠭᠡᠨ ᠪᠣᠯᠵᠣ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ | ᠥᠩᠭᠡᠷᠡᠭᠰᠡᠨ ᠨᠢᠭᠡ ᠵᠢᠯ ᠳᠤ ᠪᠦᠬᠦ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠢᠳᠡᠪᠬᠢᠲᠡᠶ ᠬᠤᠪᠢᠷᠠᠯᠲᠠ ᠶᠢ ︽ᠰᠠᠭᠤᠷᠢ ᠲᠣᠭᠲᠠᠭᠤᠨ᠂ ᠪᠠᠶᠢᠳᠠᠯ | ᠰᠠᠶᠢᠨ᠂ ᠴᠢᠨᠠᠷ ᠰᠠᠶᠢᠲᠠᠢ᠂ ᠳᠠᠯᠳᠠ ᠬᠦᠴᠦᠨ ᠶᠡᠭᠡ︾ ᠬᠡᠮᠡᠨ ᠬᠤᠷᠢᠶᠠᠩᠭᠤᠶᠢᠯᠠᠵᠤ ᠪᠣᠯᠤᠨ᠎ᠠ᠃ ᠪᠥᠬᠦ ᠣᠷᠣᠨ ᠤ ᠳᠡᠭᠡᠳᠦ ᠳᠤᠤᠷᠠᠳᠤ ᠱᠠᠲᠤ ᠪᠠᠷ ᠢᠶᠠᠨ | ᠲᠠᠷᠢᠶᠠᠯᠠᠩ ᠮᠠᠯ ᠠᠵᠤ ᠠᠬᠤᠶ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠵᠤ ᠦᠢᠯᠡᠳᠪᠦᠷᠢ ᠶᠢᠨ ᠴᠢᠬᠤᠯᠠ ᠡᠭᠦᠷᠭᠡ ᠡᠭᠦᠷᠭᠡᠯᠡᠬᠦ᠂ ᠣᠲᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠲᠠᠰ ᠳᠡᠪᠰᠢᠭᠦᠯᠬᠦ ᠶᠢ ᠠᠬᠢᠭᠤᠯᠬᠤ ᠶᠢ ᠦᠷᠭᠦᠯᠵᠢᠯᠡᠨ ᠠᠬᠢᠭᠤᠯᠵᠤ᠂ ᠨᠢᠭᠡᠳᠦᠭᠡᠷ ᠠᠵᠤ ᠦᠢᠯᠡᠰ ᠢ ᠲᠣᠭᠲᠠᠭᠤᠨ ᠢᠶᠠᠷ | ᠠᠵᠢᠯᠯᠠᠭᠤᠯᠬᠤ᠂ ᠬᠤᠶᠠᠳᠤᠭᠠᠷ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ᠂ ᠭᠤᠷᠪᠠᠳᠤᠭᠠᠷ ᠠᠵᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠲᠡᠶ ᠠᠬᠢᠭᠤᠯᠵᠤ᠂ ᠭᠤᠷᠪᠠᠨ ᠠᠵᠤ ᠦᠢᠯᠡᠰ ᠤᠨ GDP ᠤᠨ ᠨᠡᠮᠡᠭᠳᠡᠯ ᠳᠠᠬᠢ ᠦᠵᠡᠭᠦᠯᠦᠭᠰᠡᠨ ᠬᠤᠪᠢ | ᠨᠡᠮᠡᠷᠢ ᠶᠢᠨ ᠨᠣᠷᠮ᠎ᠠ ᠨᠢ ᠲᠣᠰ ᠲᠣᠰ 10.7%᠂ 47.4% ᠪᠠ 41.9% ᠪᠣᠯᠪᠠ᠃ ᠡᠭᠦᠨ ᠠᠴᠠ ᠭᠠᠳᠠᠨ᠎ᠠ᠂ ᠮᠠᠨ ᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠪᠠ ᠡᠨᠧᠷᠭᠢ ᠶᠢᠨ ᠦᠢᠯᠡᠳᠪᠦᠷᠢᠯᠡᠯ ᠴᠥᠮ ᠲᠣᠭᠲᠠᠭᠤᠨ ᠤ ᠳᠤᠮᠳᠠ ᠤᠷᠤᠭᠰᠢᠯᠠᠬᠤ ᠪᠠᠶᠢᠳᠠᠯ ᠢᠶᠠᠨ ᠪᠠᠲᠤᠯᠠᠵᠤ᠂ ᠪᠥᠬᠦ ᠣᠷᠣᠨ ᠤ | ᠠᠮᠤ ᠪᠤᠳᠠᠭᠠᠨ ᠤ ᠶᠡᠷᠦᠩᠬᠡᠶ ᠤᠨᠠᠯᠲᠠ ᠠᠩᠬ᠎ᠠ ᠤᠳᠠᠭ᠎ᠠ 800 ᠳ᠋ᠦᠩᠰᠢᠭᠤᠷ ᠵᠢᠩ ᠳᠤ ᠬᠦᠷᠴᠦ᠂ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ | 300 ᠲᠦᠮᠡᠨ ᠲᠣᠨ ᠢ ᠳᠠᠪᠠᠵᠤ᠂ ᠦᠬᠡᠷ ᠬᠤᠨᠢᠨ ᠤ ᠮᠢᠬ᠎ᠠ᠂ ᠰᠦᠨ ᠤ ᠭᠠᠷᠤᠯᠲᠠ ᠴᠥᠮ ᠪᠥᠬᠦ ᠤᠯᠤᠰ ᠤᠨ ᠨᠢᠭᠡᠳᠦᠭᠡᠷ ᠲᠤ ᠣᠷᠣᠪᠠ᠃ ᠪᠥᠬᠦ ᠣᠷᠣᠨ ᠤ | ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ ᠲᠦᠭᠦᠬᠡᠶ ᠨᠡᠭᠦᠷᠡᠰᠦᠨ ᠤ ᠭᠠᠷᠤᠯᠲᠠ ᠶᠢ ᠪᠥᠬᠦ ᠤᠯᠤᠰ ᠤᠨ ᠲᠡᠷᠢᠭᠦᠨ ᠳᠤ | ᠬᠦᠷᠦᠭᠦᠯᠵᠦ᠂ ᠪᠥᠬᠦ ᠤᠯᠤᠰ ᠤᠨ 27.3% ᠶᠢ ᠡᠵᠡᠯᠡᠨ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠬᠦᠷᠭᠡᠭᠰᠡᠨ ᠬᠡᠮᠵᠢᠶ᠎ᠡ ᠴᠥᠮ | ᠪᠥᠬᠦ ᠤᠯᠤᠰ ᠤᠨ ᠲᠡᠷᠢᠭᠦᠨ ᠳᠤ ᠣᠷᠣᠪᠠ᠃ ᠡᠨᠧᠷᠭᠢ ᠶᠢᠨ ᠠᠵᠤ ᠦᠢᠯᠡᠳᠪᠦᠷᠢ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠨᠡᠮᠡᠭᠳᠡᠬᠦ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 51.8% ᠳᠤ ᠬᠦᠷᠴᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠦᠮᠡᠨ ᠳ᠋ᠦᠩᠰᠢᠭᠤᠷ | ᠲᠥᠭᠦᠷᠢᠭ ᠢ ᠳᠠᠪᠠᠭ᠋ᠤ ᠶᠢ ᠠᠬᠢᠭᠤᠯᠤᠭᠰᠠᠨ ︽ᠭᠤᠣᠯ ᠬᠦᠴᠦᠨ︾ ᠪᠣᠯᠤᠭᠰᠠᠨ ᠪᠠᠶᠢᠨ᠎ᠠ᠃ | 2024 ᠣᠨ ᠳᠤ᠂ ᠣᠷᠣᠨ ᠳᠠᠶᠠᠭᠠᠷ ᠢᠶᠠᠨ ᠬᠡᠪ ᠤᠨ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠪᠠᠷ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠦᠢᠯᠡᠰ | ᠪᠠ ᠲᠦᠷᠦᠯ ᠵᠦᠢᠯ ᠢ ᠴᠥᠬᠦᠷᠡᠰᠢ ᠦᠭᠡᠢ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠳᠠᠯᠳᠠ ᠬᠦᠴᠦᠨ ᠢ ᠠᠭᠤᠳᠠᠯᠤᠨ ᠬᠡᠷᠡᠭᠯᠡᠭᠡ ᠶᠢ ᠠᠬᠢᠭᠤᠯᠵᠤ᠂ | ᠢᠯᠠᠩᠭᠤᠶ᠎ᠠ ︽ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢᠶᠠᠷ ᠭᠠᠷᠳᠠᠴᠠ ᠪᠣᠯᠭᠠᠵᠤ᠂ ᠤᠯᠤᠰ ᠤᠨ 44 ᠶᠠᠮᠤᠨ ᠵᠥᠪᠯᠡᠯ᠂ ᠨᠢᠭᠡᠴᠢ᠂ | ᠠᠵᠤ ᠠᠬᠤᠶᠢᠯᠠᠯ ᠤᠳ ᠢ ᠠᠬᠢᠭᠤᠯᠵᠤ ᠪᠠᠶᠢᠭᠠᠳ 49 ᠢᠵᠢ ᠲᠥᠬᠦᠷ ᠲᠦᠷᠦ ᠶᠢᠨ ᠪᠤᠳᠤᠯᠭ᠎ᠠ ᠲᠣᠭᠲᠠᠭᠠᠵᠤ᠂ ᠪᠦᠬᠦ ᠣᠷᠣᠨ ᠤ ᠠᠵᠤ ᠠᠬᠤᠢ ᠶᠢᠨ ᠬᠥᠭᠵᠢᠯᠲᠡ | ᠰᠠᠶᠢᠨ ᠬᠠᠨᠳᠤᠰᠢ ᠪᠠᠨ ᠪᠠᠲᠤᠯᠠᠪᠠ᠃ ᠪᠦᠬᠦ ᠣᠷᠣᠨ ᠤ ᠪᠡᠯᠡ ᠣᠷᠣᠭᠤᠯᠤᠯᠲᠠ ᠳᠡᠭᠡᠷ᠎ᠡ ᠵᠢᠯ ᠤᠨ 19.8% ᠶᠢᠨ ᠥᠨᠳᠥᠷ ᠰᠠᠭᠤᠷᠢᠲᠤ ᠬᠤᠭᠤᠴᠠᠭᠠᠨ ᠤ | ᠰᠠᠭᠤᠷᠢᠨ ᠳᠡᠭᠡᠷ᠎ᠡ ᠦᠷᠭᠦᠯᠵᠢᠯᠡᠨ 13.6% ᠪᠠᠷ ᠨᠡᠮᠡᠭᠳᠡᠵᠦ᠂ 3 ᠵᠢᠯ ᠳᠠᠷᠠᠭᠠᠯᠠᠨ ᠬᠤᠶᠠᠷ ᠣᠷᠣᠨᠲᠤ ᠲᠣᠭᠠᠨ ᠤ ᠨᠡᠮᠡᠭᠳᠡᠯ ᠢ ᠪᠠᠲᠤᠯᠠᠵᠤ᠂ ᠪᠦᠬᠦ ᠤᠯᠤᠰ ᠤᠨ | ᠬᠤᠶᠠᠳᠤᠭᠠᠷ ᠲᠤ ᠪᠠᠶᠢᠷᠢᠯᠠᠪᠠ᠃ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠦᠷ᠎ᠡ ᠨᠥᠯᠥᠭᠡ ᠦᠷᠭᠦᠯᠵᠢᠯᠡᠨ | ᠢᠯᠡᠷᠡᠵᠦ᠂ ᠬᠡᠷᠡᠭᠯᠡᠭᠡ ᠶᠢ 300 ᠳ᠋ᠦᠩᠰᠢᠭᠤᠷ ᠲᠥᠭᠦᠷᠢᠭ ᠢᠶᠠᠷ ᠳᠠᠶᠢᠴᠢᠯᠠᠨ᠂ ᠨᠥᠬᠦᠪᠥᠷᠢ ᠪᠡᠯᠡ ᠮᠥᠩᠭᠦ ᠨᠢ ᠵᠠᠭᠤᠨ ᠲᠦᠮᠡᠨ ᠬᠥᠮᠦᠨ ᠤᠳᠠᠭ᠎ᠠ ᠳᠤ ᠠᠰᠢᠭ | ᠬᠦᠷᠲᠡᠭᠡᠵᠦ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠣᠭᠠᠨ ᠤ ᠨᠡᠮᠡᠭᠳᠡᠯ ᠤᠨ ᠬᠤᠷᠳᠤᠴᠠ ᠳᠤ ︽ | ᠥᠭᠰᠥᠬᠦ︾ ᠮᠤᠷᠤᠢ ᠱᠤᠭᠤᠮ ᠢᠯᠡᠷᠡᠵᠦ᠂ 8 ᠰᠠᠷ᠎ᠠ ᠳᠠᠷᠠᠭᠠᠯᠠᠨ ᠲᠦᠷᠭᠡᠨ ᠬᠠᠨᠳᠤᠰᠢ ᠶᠢ ᠪᠠᠲᠤᠯᠠᠵᠤ᠂ 4 ᠰᠠᠷ᠎ᠠ ᠳᠠᠷᠠᠭᠠᠯᠠᠨ ᠪᠥᠬᠦ ᠤᠯᠤᠰ ᠤᠨ ᠳᠤᠮᠳᠠᠴᠢ | ᠨᠡᠮᠡᠭᠳᠡᠯ ᠬᠤᠷᠳᠤᠴᠠ ᠠᠴᠠ ᠲᠦᠷᠭᠡᠨ ᠪᠣᠯᠪᠠ᠃ | ︽ᠴᠢᠨᠠᠷ ᠰᠠᠶᠢᠲᠠᠶ︾ ᠪᠠᠶᠢᠬᠤ ᠨᠢ ᠭᠤᠤᠯᠳᠠᠭᠤ ᠡᠳᠡᠭᠡᠷ ᠲᠠᠯ᠎ᠠ ᠪᠠᠷ ᠢᠯᠡᠷᠡᠪᠡ᠂ ᠥᠩᠭᠡᠷᠡᠭᠰᠡᠨ ᠨᠢᠭᠡ ᠵᠢᠯ ᠳᠤ ᠣᠷᠣᠨ ᠳᠠᠶᠠᠭᠠᠷ ᠢᠶᠠᠨ ᠴᠢᠨᠠᠷ ᠰᠠᠶᠢᠲᠠᠶ | ᠬᠥᠭᠵᠢᠯᠲᠡ ᠭᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠪᠠ ᠬᠡᠯᠪᠡᠷᠢ ᠪᠠᠨ ᠬᠤᠪᠢᠷᠠᠭᠤᠯᠤᠨ | ᠲᠠᠰ ᠳᠡᠪᠰᠢᠭᠦᠯᠬᠦ ᠳᠤ ᠳᠠᠪᠠᠭᠤᠯᠢᠭ ᠢᠶᠠᠨ ᠲᠠᠰᠤᠷᠠᠯᠲᠠ ᠥᠬᠡᠶ ᠣᠯᠵᠤ᠂ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠪᠥᠬᠦ ᠲᠠᠯ᠎ᠠ ᠪᠠᠷ ᠴᠢᠨᠠᠷ ᠨᠠᠩ ᠰᠠᠶᠢᠵᠢᠷᠠᠬᠤ ᠶᠢ | ᠠᠬᠢᠭᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠠᠬᠢᠭᠤᠯᠤᠭᠰᠠᠨ ᠢᠶᠠᠷ᠂ ᠮᠠᠨ ᠤ ᠣᠷᠣᠨ ᠰᠦ | ᠰᠠᠭᠠᠯᠢ ᠶᠢᠨ ᠦᠢᠯᠡᠰ᠂ ᠬᠤᠪᠣᠷ ᠰᠢᠷᠣᠢ᠂ ᠤᠰᠤᠲᠥ᠋ᠷᠥᠭᠴᠢ᠂ ᠨᠥᠭᠡᠴᠡ ᠡᠨᠧᠷᠭᠢ ᠵᠡᠷᠭᠡ ᠣᠯᠠᠨ ᠬᠦᠷᠢᠶᠡᠨ ᠳᠤ ᠠᠵᠢᠯ ᠲᠥᠷᠥᠯ ᠤᠨ ᠬᠤᠭᠤᠰᠣᠨ ᠢ | ᠨᠥᠬᠦᠪᠦᠷᠢᠯᠡᠭᠰᠡᠨ ᠮᠡᠷᠭᠡᠵᠢᠯ ᠤᠨ ᠰᠢᠪᠲᠤᠯᠤᠯᠲᠠ ᠭᠠᠷᠭᠠᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠨᠢ ᠪᠥᠬᠦ ᠤᠯᠤᠰ ᠤᠨ ᠨᠡᠷᠡᠰ ᠤᠨ | ᠵᠢᠭᠰᠠᠭᠠᠯᠲᠠ ᠳᠤ 4 ᠪᠠᠶᠢᠷᠢ ᠳᠡᠭᠡᠭᠰᠢᠯᠡᠪᠡ᠃ ᠡᠭᠦᠨ ᠠᠴᠠ ᠭᠠᠳᠠᠨ᠎ᠠ᠂ ᠠᠵᠤ ᠦᠢᠯᠡᠰ ᠤᠨ ᠪᠦᠲᠦᠴᠡ ᠴᠦ ᠲᠠᠰᠤᠷᠠᠯᠲᠠ ᠦᠭᠡᠢ ᠰᠢᠯᠢᠳᠡᠭᠵᠢᠪᠡ᠃ ᠪᠦᠬᠦ | ᠣᠷᠣᠨ ᠤ ᠨᠡᠭᠦᠷᠡᠰᠦᠨ ᠤ ᠪᠤᠰᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 8.2% ᠢᠶᠠᠷ ᠨᠡᠮᠡᠭᠳᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ 1.4 ᠵᠠᠭᠤᠨ ᠤ ᠬᠤᠪᠢ ᠪᠠᠷ ᠲᠦᠷᠭᠡᠰᠪᠡ᠃ ᠦᠢᠯᠡᠳᠬᠦ ᠦᠢᠯᠡᠰ ᠤᠨ ᠳᠡᠭᠡᠳᠦ ᠳᠡᠰᠵᠢᠭᠦᠯᠬᠦ᠂ | ᠣᠶᠤᠨᠴᠢᠯᠠᠬᠤ᠂ ᠪᠣᠬᠢᠷᠲᠤᠯ ᠦᠭᠡᠶᠢᠵᠢᠭᠦᠯᠬᠦ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠠᠯᠬᠤᠴᠠ ᠲᠦᠷᠭᠡᠳᠴᠦ᠂ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠴᠥᠮ ᠬᠤᠶᠠᠷ ᠣᠷᠣᠨᠲᠤ ᠲᠤᠭ᠎ᠠ ᠪᠠᠷ | ᠨᠡᠮᠡᠭᠳᠡᠬᠦ ᠶᠢ ᠪᠡᠶᠡᠯᠡᠭᠦᠯᠪᠡ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠠᠵᠤ ᠠᠬᠤᠶ ᠶᠢᠨ ᠬᠥᠭᠵᠢᠯᠲᠡ ᠶᠢᠨ ᠡᠷᠴᠢ ᠬᠦᠴᠦᠨ ᠭᠦᠢᠴᠡᠳ ᠮᠥᠷᠲᠡᠭᠡᠨ ᠳᠠᠯᠳᠠ ᠬᠦᠴᠦᠨ ᠯᠤᠲᠤ | ᠶᠡᠭᠡ ᠪᠠᠶᠢᠵᠤ᠂ ᠦᠰᠦᠨ ᠪᠤᠶᠢᠵᠢᠬᠤ ᠳᠠᠯᠳᠠ ᠬᠦᠴᠦᠨ ᠲᠠᠢ᠂ ᠬᠥᠭᠵᠢᠯᠲᠡ ᠶᠢᠨ ᠰᠡᠯᠭᠦᠬᠦ ᠬᠦᠴᠦᠨ ᠲᠠᠢ ᠠᠵᠤ ᠦᠢᠯᠡᠰ ᠤᠳ ᠲᠠᠰᠤᠷᠠᠯᠲᠠ ᠥᠬᠡᠶ ᠬᠥᠭᠵᠢᠨ | ᠪᠤᠵᠠᠭᠠᠶᠢᠷᠠᠪᠠ᠃ 2024 ᠣᠨ ᠳᠤ᠂ ᠥᠪᠥᠷ ᠮᠣᠩᠭᠤᠯ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠨᠢ ᠤᠯᠤᠰ ᠤᠨ ᠲᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠰᠣᠩᠭᠤᠭᠳᠠᠵᠤ᠂ ᠬᠡᠪᠴᠢᠶᠡᠵᠢᠯ ᠠᠴᠠ ᠳᠡᠭᠡᠭᠰᠢᠬᠢ ᠬᠤᠪᠣᠷ | ᠰᠢᠷᠣᠢ ᠶᠢᠨ ᠠᠵᠤ ᠦᠢᠯᠡᠰ ᠤᠨ ᠨᠡᠮᠡᠭᠳᠡᠯ ᠦᠷᠳᠡᠭ ᠳᠡᠭᠡᠷ᠎ᠡ ᠵᠢᠯ ᠤᠨ ᠬᠢ ᠠᠴᠠ 39.9% ᠪᠠᠷ ᠨᠡᠮᠡᠭᠳᠡᠵᠦ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ 7.8% ᠪᠠᠷ ᠨᠡᠮᠡᠭᠳᠡᠪᠡ᠃ ᠣᠨᠴᠠᠭᠠᠶᠢᠯᠠᠨ ᠠᠩᠬᠠᠷᠤᠭᠤᠰᠢᠲᠠᠢ ᠨᠢ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ᠃ | ᠪᠦᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ︽ᠬᠤᠶᠠᠷ ᠢ ᠤᠷᠢᠳᠴᠢᠯᠠᠭᠤᠯᠬᠤ᠂ ᠬᠤᠶᠠᠷ ᠢ ᠳᠠᠪᠠᠭᠤᠯᠬᠤ︾᠂ ᠰᠢᠨ᠎ᠡ ᠡᠨᠧᠷᠭᠢ ᠶᠢᠨ ᠬᠦᠷᠢᠶᠡᠨ ᠳᠤ ︽ | ᠠᠵᠤ ᠦᠢᠯᠡᠳᠪᠦᠷᠢ ᠳᠤ ᠰᠠᠭᠤᠷᠢᠯᠠᠭᠰᠠᠨ ᠥᠪᠥᠷ ᠮᠣᠩᠭᠤᠯ ᠢ ᠪᠣᠰᠬᠠᠬᠤ︾ ᠬᠠᠷᠠᠯᠲᠠ ᠶᠢᠨ ᠲᠣᠭᠤᠷᠢᠨ ᠳᠤ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ | ᠬᠡᠯᠬᠢᠶ᠎ᠡ ᠶᠢ ᠶᠡᠭᠡ ᠪᠠᠷ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠦᠷᠳᠡᠭ ᠳᠡᠭᠡᠷ᠎ᠡ | ᠵᠢᠯ ᠤᠨ ᠬᠢ ᠠᠴᠠ 20.1% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ 42.4% ᠪᠠᠷ ᠨᠡᠮᠡᠭᠳᠡᠪᠡ᠃ | ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠤ ᠬᠦᠷᠢᠶᠡᠨ ᠳᠠᠬᠢ ᠣᠯᠠᠨ ᠵᠦᠢᠯ ᠤᠨ ᠵᠢᠭᠠᠯᠲᠠ ᠲᠤᠭ᠎ᠠ ᠪᠦᠬᠦ ᠤᠯᠤᠰ ᠲᠤ ᠲᠡᠷᠢᠭᠦᠯᠡᠵᠦ᠂ ᠰᠢᠨ᠎ᠡ ᠰᠢᠪᠲᠤᠯᠤᠯᠲᠠ ᠶᠢ | ᠪᠡᠶᠡᠯᠡᠭᠦᠯᠪᠡ᠃ ᠪᠥᠬᠦ ᠣᠷᠣᠨ ᠤ ᠰᠢᠨ᠎ᠡ ᠡᠨᠧᠷᠭᠢ ᠶᠢᠨ ᠶᠡᠷᠦᠩᠬᠡᠶ ᠮᠠᠰᠢᠨ ᠴᠣᠭᠴᠠᠯᠠᠪᠤᠷᠢ ᠵᠢᠴᠢ ᠵᠢᠯ ᠤᠨ ᠳᠣᠲᠣᠷ᠎ᠠ ᠰᠢᠨ᠎ᠡ ᠪᠠᠷ ᠨᠡᠮᠡᠭᠳᠡᠭᠰᠡᠨ ᠮᠠᠰᠢᠨ | ᠴᠣᠭᠴᠠᠯᠠᠪᠤᠷᠢ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠴᠥᠮ ᠪᠥᠬᠦ ᠤᠯᠤᠰ ᠤᠨ ᠨᠢᠭᠡᠳᠦᠭᠡᠷ ᠲᠤ ᠣᠷᠣᠵᠤ᠂ ᠪᠥᠬᠦ ᠤᠯᠤᠰ ᠲᠠᠬᠢ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ 1 ᠳ᠋ᠦᠩᠰᠢᠭᠤᠷ ᠺᠢᠯᠣᠸᠠᠲ ᠢ ᠠᠩᠬ᠎ᠠ ᠳᠠᠪᠠᠭᠰᠠᠨ ᠮᠤᠵᠢ ᠣᠷᠣᠨ ᠪᠣᠯᠵᠣ᠂ | ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ ᠠᠴᠠ ᠨᠢᠭᠡ ᠵᠢᠯ ᠤᠷᠢᠳᠴᠢᠯᠠᠨ ᠳᠠᠪᠠᠵᠤ᠂ ᠪᠣᠬᠢᠷᠲᠤᠯ ᠥᠬᠡᠶ ᠴᠠᠬᠢᠯᠭᠠᠨ ᠠᠷᠠᠯᠵᠢᠶᠠᠯᠠᠭᠰᠠᠨ | ᠬᠡᠪᠴᠢᠶᠡᠵᠢᠯ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ | |