2 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ | ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ᠼᠤᠤ ᠱᠦ ᠮᠢᠨ ᠲᠠᠢ ᠠᠭᠤᠯᠵᠠᠪᠠ᠃ | | | | | | | 2 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ | ᠲᠥᠪ ᠤᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶᠠᠨ ᠳᠠᠷᠤᠭ᠎ᠠ ᠼᠤᠤ ᠱᠦ ᠮᠢᠨ ᠲᠠᠢ ᠠᠭᠤᠯᠵᠠᠪᠠ᠃ | ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ | ᠰᠦᠨ ᠱᠣᠣ ᠴᠧᠩ ᠼᠤᠤ ᠱᠦ ᠮᠢᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ | ᠤᠷᠲᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ | ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠣᠳᠣᠬᠠᠨ ᠳᠤ ᠮᠠᠨ ᠤ ᠣᠷᠣᠨ ᠶᠠᠭ ᠶᠡᠷᠦᠩᠬᠡᠢ ᠱᠦᠵᠢ ᠰᠢ ᠶᠢᠨ | ᠫᠢᠩ ᠤᠨ ᠵᠢᠭᠠᠭᠰᠠᠨ ᠴᠢᠭᠯᠡᠯ ᠢᠶᠠᠷ ᠡᠷᠡᠯᠬᠡᠭᠯᠡᠨ ᠤᠷᠤᠭᠰᠢᠯᠠᠵᠤ᠂ ᠡᠯ᠎ᠡ ᠵᠦᠢᠯ ᠤᠨ ᠠᠵᠢᠯ ᠦᠢᠯᠡᠰ ᠲᠤ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠢᠯᠡᠷᠡᠪᠡ᠃ | ᠥᠪᠥᠷ ᠮᠣᠩᠭᠤᠯ ᠤᠨ ᠰᠣᠶᠣᠯ ᠤᠨ ᠲᠤᠨᠳᠠᠰᠤ ᠭᠦᠨ ᠵᠤᠵᠠᠭᠠᠨ ᠪᠠᠶᠢᠵᠤ᠂ ᠪᠢᠳᠡ ᠶᠠᠭ ᠬᠦᠴᠦ ᠪᠠᠨ ᠲᠥᠪᠯᠡᠷᠡᠭᠦᠯᠦᠨ ᠤᠮᠠᠷᠠᠲᠤ ᠬᠢᠯᠢ ᠶᠢᠨ ᠰᠣᠶᠣᠯ ᠤᠨ ᠲᠥᠷᠥᠯ | ᠲᠡᠮᠳᠡᠭ ᠢ ᠡᠭᠦᠳᠴᠦ᠂ ᠢᠯᠡᠳᠲᠡ ᠦᠷ᠎ᠡ ᠪᠦᠲᠦᠮᠵᠢ ᠣᠯᠵᠤ ᠪᠠᠶᠢᠨ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠨᠡᠩ ᠣᠯᠠᠨ | ᠵᠢᠯᠣᠭᠤᠳᠤᠯᠭ᠎ᠠ ᠪᠠ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃ ᠡᠨᠡ ᠬᠤᠶᠠᠷ ᠵᠢᠯ ᠳᠤ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ | ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠶᠢᠨ ᠡᠷᠴᠢᠮ ᠮᠠᠰᠢ ᠶᠡᠭᠡ ᠪᠠᠶᠢᠨ᠎ᠠ᠂ ᠮᠠᠨ ᠤ ᠣᠷᠣᠨ ᠤ ᠷᠠᠳᠢᠣ᠋ ᠲᠧᠯᠸᠢᠰ ᠤᠨ ᠠᠵᠢᠯ ᠢ ᠥᠩᠭᠡᠷᠡᠭᠰᠡᠨ ᠲᠠᠢ ᠪᠠᠨ | ᠠᠳᠠᠯᠢ ᠪᠠᠷ ᠬᠠᠯᠠᠮᠵᠢᠯᠠᠨ ᠠᠩᠬᠠᠷᠴᠤ᠂ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠨᠡᠩ ᠣᠯᠠᠨ ᠡᠭᠦᠷᠭᠡ ᠶᠢ ᠥᠪᠥᠷ ᠮᠣᠩᠭᠤᠯ ᠳᠤ ᠬᠡᠷᠡᠭᠵᠢᠭᠦᠯᠦᠨ᠂ | ᠮᠠᠨ ᠤ ᠣᠷᠣᠨ ᠤ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ | ᠼᠤᠤ ᠱᠦ ᠮᠢᠨ ᠥᠪᠥᠷ ᠮᠣᠩᠭᠤᠯ ᠤᠨ ᠷᠠᠳᠢᠣ᠋ ᠲᠧᠯᠸᠢᠰ ᠤᠨ ᠦᠢᠯᠡᠰ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠷᠠᠳᠢᠣ᠋ ᠲᠧᠯᠸᠢᠰ ᠪᠣᠯᠣᠨ ᠰᠦᠯᠵᠢᠶᠡᠨ ᠤ ᠦᠵᠡᠵᠦ ᠰᠣᠨᠣᠰᠬᠤ ᠨᠡᠪᠲᠡᠷᠡᠭᠦᠯᠭᠡ ᠶᠢᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠰᠣᠶᠣᠯ ᠤᠨ | ᠦᠵᠡᠯ ᠰᠠᠨᠠᠭ᠎ᠠ ᠶᠢ ᠭᠦᠨᠵᠡᠭᠡᠢ ᠰᠣᠷᠣᠯᠴᠠᠨ ᠲᠤᠭᠤᠰᠢᠯᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠷᠠᠳᠢᠣ᠋ ᠲᠧᠯᠸᠢᠰ ᠪᠣᠯᠣᠨ | ᠰᠦᠯᠵᠢᠶᠡᠨ ᠤ ᠦᠵᠡᠵᠦ ᠰᠣᠨᠣᠰᠬᠤ ᠨᠡᠪᠲᠡᠷᠡᠭᠦᠯᠭᠡ ᠶᠢ ᠭᠦᠨᠵᠡᠭᠡᠢ ᠠᠭᠤᠰᠤᠯᠴᠠᠭᠤᠯᠬᠤ᠂ ᠬᠠᠮᠵᠢᠯᠴᠠᠨ ᠬᠥᠭᠵᠢᠭᠦᠯᠬᠦ ᠶᠢ ᠠᠬᠢᠭᠤᠯᠵᠤ᠂ ᠰᠣᠳᠣᠨ ᠪᠦᠲᠦᠭᠡᠯ ᠢ | ᠵᠣᠬᠢᠶᠠᠨ ᠪᠦᠲᠦᠭᠡᠬᠦ᠂ ᠠᠭᠤᠰᠤᠯᠴᠠᠭᠤᠯᠤᠨ ᠤᠯᠠᠮᠵᠢᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠠᠮᠤᠷ ᠲᠦᠪᠰᠢᠨ ᠤ | ᠪᠠᠲᠤᠯᠠᠭ᠎ᠠ᠂ ᠶᠡᠷᠦᠩᠬᠡᠶᠢᠯᠡᠨ ᠵᠠᠰᠠᠬᠤ᠂ ᠣᠯᠠᠨ ᠤᠯᠤᠰ ᠲᠤ ᠤᠯᠠᠮᠵᠢᠯᠠᠨ ᠲᠠᠷᠬᠠᠭᠠᠬᠤ ᠵᠡᠷᠭᠡ ᠬᠦᠷᠢᠶᠡᠨ ᠳᠤ ᠰᠢᠨ᠎ᠡ ᠪᠠᠶᠢᠳᠠᠯ ᠢ ᠴᠢᠷᠮᠠᠶᠢᠨ ᠨᠡᠭᠡᠭᠡᠨ᠎ᠡ ᠭᠡᠵᠦ | ᠢᠯᠡᠳᠬᠡᠪᠡ᠃ ᠼᠤᠤ ᠱᠦ ᠮᠢᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠠᠴᠠ ᠥᠪᠥᠷ ᠮᠣᠩᠭᠤᠯ ᠤᠨ ᠷᠠᠳᠢᠣ᠋ ᠲᠧᠯᠸᠢᠰ ᠪᠠ ᠰᠦᠯᠵᠢᠶᠡᠨ ᠤ | ᠦᠵᠡᠵᠦ ᠰᠣᠨᠣᠰᠬᠤ ᠨᠡᠪᠲᠡᠷᠡᠭᠦᠯᠭᠡ ᠶᠢᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠠᠮᠲᠤ ᠪᠠᠷ ᠰᠣᠶᠣᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ | ᠢᠦᠢ ᠯᠢ ᠰᠢᠨ᠂ ᠵᠧᠩ ᠬᠤᠩ ᠹᠠᠨ ᠠᠭᠤᠯᠵᠠᠯᠲᠠ ᠳᠤ ᠣᠷᠣᠯᠴᠠᠵᠠᠢ᠃ | |