ᠬᠠᠲᠤᠨ ᠭᠤᠤᠯ ᠤᠨ ᠥᠪᠥᠷ ᠮᠣᠩᠭᠤᠯ ᠳᠠᠬᠢ ᠭᠤᠣᠯ ᠤᠨ ᠬᠡᠰᠡᠭ 2024 ᠣᠨ ᠤ 11 ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠨ ᠬᠥᠯᠳᠡᠵᠦ᠂ 12 | ᠳ᠋ᠤᠭᠠᠷ ᠰᠠᠷ᠎ᠠ ᠶᠢᠨ 14 ᠤ ᠡᠳᠦᠷ ᠪᠦᠷᠢᠮᠦᠰᠦᠨ ᠬᠥᠯᠳᠡᠪᠡ᠂ 2025 ᠣᠨ ᠤ 2 ᠳ᠋ᠤᠭᠠᠷ ᠰᠠᠷ᠎ᠠ ᠶᠢᠨ 17 ᠤ ᠡᠳᠦᠷ ᠠᠴᠠ ᠭᠤᠤᠯ ᠡᠬᠢᠯᠡᠨ ᠭᠡᠰᠴᠦ᠂ 3 ᠳ᠋ᠤᠭᠠᠷ | ᠰᠠᠷ᠎ᠠ ᠶᠢᠨ 19 ᠤ ᠡᠳᠦᠷ ᠬᠡᠰᠦᠭᠡᠳ ᠠᠮᠤᠷ ᠲᠦᠪᠰᠢᠨ ᠪᠠᠶᠢᠳᠠᠯ ᠳᠤ ᠣᠷᠣᠪᠠ᠃ ᠵᠢᠯ ᠤᠨ ᠰᠦᠩ ᠬᠠᠯᠢᠶ᠎ᠠ ᠶᠢᠨ ᠪᠠᠶᠢᠳᠠᠯ ᠳᠤ ᠳᠣᠣᠷᠠᠬᠢ ᠮᠡᠲᠦ ᠣᠨᠴᠠᠯᠢᠭ ᠤᠳ | ᠪᠣᠢ᠄ ᠨᠢᠭᠡ ᠳᠤ᠂ ᠡᠬᠢᠯᠡᠵᠦ ᠬᠥᠯᠳᠡᠬᠦ ᠬᠤᠭᠤᠴᠠᠭ᠎ᠠ ᠬᠤᠵᠢᠭᠤ᠂ ᠪᠦᠷᠢᠮᠦᠰᠦᠨ ᠬᠥᠯᠳᠡᠬᠦ ᠬᠤᠭᠤᠴᠠᠭ᠎ᠠ ᠬᠤᠵᠢᠭᠤ᠂ ᠭᠤᠣᠯ ᠬᠥᠯᠳᠡᠬᠦ ᠬᠤᠭᠤᠴᠠᠭᠠᠨ ᠳᠠᠬᠢ | ᠠᠭᠠᠷ ᠤᠨ ᠳᠤᠯᠠᠭᠠᠨ ᠥᠨᠳᠥᠷ᠂ ᠠᠩᠬᠠᠨ ᠤ ᠰᠦᠩ ᠬᠠᠯᠢᠶ᠎ᠠ ᠶᠢᠨ ᠬᠤᠭᠤᠴᠠᠭ᠎ᠠ ᠨᠢ ᠡᠩ ᠤᠨ ᠵᠢᠯ ᠤᠨ ᠬᠢ ᠠᠴᠠ 7 ᠡᠳᠦᠷ ᠬᠤᠵᠢᠮᠳᠠᠵᠤ᠂ ᠪᠦᠷᠢᠮᠦᠰᠦᠨ | ᠬᠥᠯᠳᠡᠭᠰᠡᠨ ᠬᠤᠭᠤᠴᠠᠭ᠎ᠠ ᠨᠢ ᠡᠩ ᠤᠨ ᠵᠢᠯ ᠤᠨ ᠬᠢ ᠠᠴᠠ 11 ᠡᠳᠦᠷ ᠬᠤᠵᠢᠮᠳᠠᠵᠤ᠂ ᠰᠦᠩ ᠬᠠᠯᠢᠶ᠎ᠠ ᠲᠠᠢ ᠪᠠᠶᠢᠭᠰᠠᠨ ᠠᠴᠠ ᠲᠣᠭᠲᠠᠭᠤᠨ ᠬᠥᠯᠳᠡᠬᠦ | ᠬᠤᠭᠤᠴᠠᠭ᠎ᠠ ᠬᠦᠷᠲᠡᠯᠡᠬᠢ ᠠᠭᠠᠷ ᠤᠨ ᠳᠤᠯᠠᠭᠠᠨ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ 0.5°C ᠥᠨᠳᠥᠷ ᠪᠠᠶᠢᠪᠠ᠃ ᠬᠤᠶᠠᠷ ᠲᠤ᠂ | ᠮᠦᠰᠣᠨ ᠲᠠᠪᠬᠤᠷᠭ᠎ᠠ ᠨᠢᠮᠭᠡᠨ᠂ ᠬᠠᠷᠠᠵᠠ ᠭᠤᠤ ᠣᠯᠠᠨᠲᠠᠢ᠂ ᠭᠤᠣᠯ ᠤᠨ ᠬᠥᠯᠳᠡᠭᠰᠡᠨ ᠬᠡᠰᠡᠭ ᠣᠬᠤᠷ᠂ ᠭᠤᠣᠯ ᠤᠨ ᠬᠡᠰᠡᠭ ᠤᠨ ᠮᠥᠰᠥ ᠨᠢ ᠥᠩᠭᠡᠷᠡᠭᠰᠡᠨ | ᠵᠢᠯ ᠤᠳ ᠠᠴᠠ 0.14 ᠮᠧᠳ᠋ᠷ ᠨᠢᠮᠭᠡᠨ ᠪᠠᠶᠢᠵᠤ᠂ ᠭᠤᠣᠯ ᠤᠨ ᠬᠥᠯᠳᠡᠭᠰᠡᠨ ᠬᠡᠰᠡᠭ ᠲᠤ ᠬᠠᠷᠠᠵᠠ ᠭᠤᠤ ᠣᠯᠠᠨᠲᠠᠢ ᠪᠠᠶᠢᠵᠤ᠂ ᠬᠠᠮᠤᠭ ᠤᠨ ᠣᠷᠳᠣ ᠬᠥᠯᠳᠡᠭᠰᠡᠨ | ᠬᠡᠮᠵᠢᠶ᠎ᠡ ᠨᠢ 647 ᠺᠢᠯᠣᠮᠧᠳ᠋ᠷ ᠲᠤ ᠬᠦᠷᠪᠡ᠃ ᠭᠤᠷᠪᠠ ᠳᠤ᠂ ᠭᠤᠣᠯ ᠡᠬᠢᠯᠡᠵᠦ ᠭᠡᠰᠬᠦ ᠬᠤᠭᠤᠴᠠᠭ᠎ᠠ ᠡᠷᠲᠡ᠂ ᠤᠰᠤᠨ ᠤ ᠪᠠᠶᠢᠳᠠᠯ ᠲᠣᠭᠲᠠᠪᠤᠷᠢᠲᠠᠢ ᠪᠠᠶᠢᠵᠤ᠂ | ᠡᠨᠡ ᠵᠢᠯ ᠤᠨ ᠭᠤᠣᠯ ᠡᠬᠢᠯᠡᠵᠦ ᠬᠡᠰᠦᠭᠰᠡᠨ ᠬᠤᠭᠤᠴᠠᠭ᠎ᠠ ᠨᠢ ᠥᠩᠭᠡᠷᠡᠭᠰᠡᠨ ᠵᠢᠯ ᠤᠳ ᠬᠢ ᠠᠴᠠ 6 ᠡᠳᠦᠷ ᠡᠷᠲᠡᠳᠡᠵᠦ᠂ ᠭᠤᠣᠯ ᠬᠥᠯᠳᠡᠬᠦ ᠪᠠ ᠭᠤᠣᠯ ᠭᠡᠰᠬᠦ ᠳᠤ | ᠶᠡᠭᠡ ᠬᠡᠮᠵᠢᠶᠡᠨ ᠤ ᠰᠥᠩ ᠬᠠᠯᠢᠶ᠎ᠠ ᠶᠢᠨ ᠣᠷᠭᠢᠯ ᠤᠷᠤᠰᠬᠠᠯ ᠢᠯᠡᠷᠡᠭᠰᠡᠨ ᠦᠭᠡᠢ ᠪᠠᠶᠢᠵᠤ᠂ ᠤᠰᠤᠨ ᠤ ᠪᠠᠶᠢᠳᠠᠯ ᠲᠣᠭᠲᠠᠭᠤᠨ ᠪᠠᠶᠢᠨ᠎ᠠ᠃ ︵ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ︶ | |