2 ᠰᠠᠷ᠎ᠠ ᠶᠢᠨ 24 ᠤ ᠡᠳᠦᠷ ᠠᠴᠠ 27 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ | ᠵᠣᠬᠢᠶᠠᠨ ᠪᠠᠶᠢᠭᠤᠯᠤᠯᠲᠠ ᠪᠡᠭᠡᠵᠢᠩ ᠬᠤᠲᠠ ᠳᠤ ᠬᠦᠷᠴᠦ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ | ᠨᠡᠮᠡᠷᠢᠯᠡᠬᠦ︾ ᠠᠵᠢᠯ ᠢ ᠵᠣᠯᠭᠠᠭᠤᠯᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ᠂ | ᠬᠤᠲᠠ ᠶᠢᠨ ᠤᠳᠤᠷᠢᠳᠤᠯᠭ᠎ᠠ ᠯᠢᠨ ᠱᠤ᠋ ᠯᠢ᠂ ᠰᠦᠨ ᠸᠧᠶ ᠣᠷᠣᠯᠴᠠᠭᠰᠠᠨ ᠪᠥᠭᠡᠳ ᠪᠡᠭᠡᠵᠢᠩ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠪᠡᠭᠡᠵᠢᠩ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠪᠡᠭᠡᠵᠢᠩ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠪᠡᠭᠡᠵᠢᠩ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠠ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠰᠤᠷᠭᠠᠨ | ᠬᠥᠮᠦᠵᠢᠯ ᠤᠨ ᠠᠵᠢᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠲᠤ ᠣᠶᠢᠷ᠎ᠠ ᠶᠢᠨ ᠵᠢᠯ ᠤᠨ ᠲᠤᠷᠰᠢᠬᠢ ᠬᠥᠯᠥᠨ ᠪᠤᠶᠢᠷ ᠬᠤᠲᠠ ᠶᠢᠨ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃ | ᠵᠢᠢ ᠶᠦᠩ ᠴᠢᠶᠠᠨ ᠪᠡᠭᠡᠵᠢᠩ ᠬᠤᠳᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠥᠯᠥᠨ ᠪᠤᠶᠢᠷ ᠲᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ | ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠬᠥᠯᠥᠨ ᠪᠤᠶᠢᠷ ᠬᠤᠳᠠ ᠶᠠᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠪᠡᠭᠡᠵᠢᠩ ᠬᠤᠳᠠ ᠶᠢᠨ ᠨᠠᠮ ᠤᠨ ᠬᠤᠷᠢᠶ᠎ᠠ ᠶᠢᠨ ᠪᠡᠭᠡᠵᠢᠩ ᠥᠪᠥᠷ ᠮᠣᠩᠭᠤᠯ ᠤᠨ ᠪᠦᠬᠦ ᠲᠠᠯ᠎ᠠ ᠶᠢᠨ ᠬᠠᠮᠵᠢᠯᠴᠠᠭ᠎ᠠ ᠶᠢ ᠠᠬᠢᠭᠤᠯᠬᠤ ᠲᠤᠬᠠᠢ ᠲᠤᠬᠢᠷᠠᠭᠤᠯᠤᠯᠳᠠ | ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠢᠨ ᠬᠠᠮᠲᠤᠷᠠᠭᠰᠠᠨ | ᠬᠤᠷᠠᠯ ᠤᠨ ᠲᠣᠭᠲᠠᠴᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠵᠢᠷᠭᠤᠭᠠᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠣᠯᠤᠨ ︽ᠲᠦᠷᠪᠡᠨ | ᠵᠦᠢᠯ ᠤᠨ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ᠬᠤᠶᠠᠷ ᠭᠠᠵᠠᠷ ᠤᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠭᠦᠨᠵᠡᠭᠡᠶᠢᠷᠡᠭᠦᠯᠵᠦ ᠪᠠᠶᠢᠨ᠎ᠠ︔ ᠪᠡᠭᠡᠵᠢᠩ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠣᠶ ᠶᠢᠨ ᠭᠠᠷᠤᠯᠲᠠ ᠶᠢ ᠪᠣᠷᠣᠯᠠᠭᠤᠯᠬᠤ ᠠᠷᠭ᠎ᠠ ᠵᠠᠮ ᠢ ᠥᠷᠭᠡᠳᠬᠡᠬᠦ᠂ ᠤᠨᠴᠠᠯᠢᠬᠳᠤ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ | ᠬᠦᠴᠦᠷᠬᠡᠭᠵᠢᠭᠦᠯᠬᠦ᠂ ᠰᠣᠶᠣᠯ ᠵᠢᠭᠤᠯᠴᠢᠯᠠᠯ ᠢ ᠤᠬᠠᠭᠤᠯᠤᠨ ᠲᠠᠨᠢᠯᠴᠠᠭᠤᠯᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠥᠷᠭᠡᠳᠬᠡᠬᠦ᠂ ᠰᠤᠷᠭᠠᠨ ᠬᠥᠮᠦᠵᠢᠯ ᠢ ᠬᠠᠮᠵᠢᠯᠴᠠᠨ ᠬᠥᠭᠵᠢᠭᠦᠯᠬᠦ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠪᠠ ᠰᠢᠨ᠎ᠡ ᠡᠨᠧᠷᠭᠢ ᠶᠢ | ᠪᠡᠭᠡᠵᠢᠩ ᠳᠤ ᠣᠷᠣᠭᠤᠯᠬᠤ ᠵᠡᠷᠭᠡ ᠲᠠᠯ᠎ᠠ ᠪᠠᠷ ᠬᠥᠯᠥᠨ ᠪᠤᠶᠢᠷ ᠲᠤ ᠨᠡᠩ ᠤᠯᠠᠨ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃ ᠪᠢᠳᠡ ᠡᠯ᠎ᠡ ᠲᠥᠷᠥᠯ ᠤᠨ | ᠬᠠᠮᠵᠢᠯᠴᠠᠭᠠᠨ ᠤ ᠲᠥᠷᠥᠯ ᠵᠦᠢᠯ ᠢ ᠨᠠᠷᠢᠨ ᠨᠢᠮᠪᠠᠶ ᠬᠡᠷᠡᠭᠵᠢᠭᠦᠯᠵᠦ᠂ ᠪᠡᠭᠡᠵᠢᠩ ᠬᠤᠲᠠ ᠶᠢᠨ ᠠᠵᠤ ᠠᠬᠤᠶᠢᠯᠠᠯ ᠤᠨ ᠮᠠᠨ ᠤ ᠬᠤᠲᠠ ᠳᠤ ᠢᠷᠡᠵᠦ ᠪᠠᠯᠠ | ᠣᠷᠣᠭᠤᠯᠤᠨ ᠦᠢᠯᠡᠰ ᠪᠤᠰᠬᠠᠬᠤ᠂ ᠴᠢᠳᠠᠪᠤᠷᠢᠲᠠᠨ ᠮᠠᠨ ᠤ ᠬᠤᠲᠠ ᠳᠤ ᠢᠷᠡᠵᠦ ᠰᠢᠨ᠎ᠡ ᠶᠢ ᠡᠭᠦᠳᠦᠨ ᠦᠢᠯᠡᠰ ᠪᠤᠰᠬᠠᠬᠤ ᠳᠤ ᠪᠥᠬᠦ ᠲᠠᠯ᠎ᠠ ᠶᠢᠨ ᠦᠢᠯᠡᠴᠢᠯᠡᠭᠡ ᠪᠠ | ᠪᠠᠲᠤᠯᠠᠭ᠎ᠠ ᠬᠠᠩᠭᠠᠨ᠎ᠠ ᠭᠡᠵᠡᠢ᠃ | ᠪᠡᠭᠡᠵᠢᠩ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠳᠡᠮᠵᠢᠯᠭᠡ ᠬᠦᠰᠡᠬᠦ ᠪᠠᠷ ᠳᠡᠪᠰᠢᠭᠦᠯᠦᠭᠰᠡᠨ ᠵᠦᠢᠯᠡᠰ ᠲᠤ | ᠢᠳᠡᠪᠬᠢᠲᠡᠶ ᠬᠠᠷᠢᠭᠤᠯᠲᠠ ᠥᠭᠴᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠤᠤᠰ ᠴᠢᠭᠯᠡᠯ ᠢᠶᠠᠷ ᠴᠢᠳᠠᠪᠤᠷᠢ ᠣᠯᠭᠤᠬᠤ ᠶᠢ ᠪᠠᠷᠢᠮᠲᠠᠯᠠᠨ᠂ ᠪᠠᠯᠠ | ᠮᠥᠩᠭᠦ ᠶᠢᠨ ᠲᠥᠷᠥᠯ ᠵᠦᠢᠯ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ᠂ ᠬᠥᠳᠡᠯᠮᠦᠷᠢ ᠦᠢᠯᠡᠴᠢᠯᠡᠭᠡ ᠶᠢᠨ ᠬᠠᠮᠵᠢᠯᠴᠠᠭ᠎ᠠ᠂ ᠲᠠᠪᠴᠠᠩ ᠢ ᠪᠠᠶᠢᠭᠤᠯᠬᠤ | ᠵᠡᠷᠭᠡ ᠲᠠᠯ᠎ᠠ ᠪᠠᠷ ᠬᠥᠯᠥᠨ ᠪᠤᠶᠢᠷ ᠬᠤᠲᠠ ᠯᠤᠭ᠎ᠠ ᠶᠢᠨ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠵᠦ᠂ ᠪᠡᠭᠡᠵᠢᠩ ᠥᠪᠥᠷ ᠮᠣᠩᠭᠤᠯ ᠤᠨ ᠪᠥᠬᠦ ᠲᠠᠯ᠎ᠠ ᠶᠢᠨ ᠬᠠᠮᠵᠢᠯᠴᠠᠭ᠎ᠠ ᠳᠤ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ | ᠠᠬᠢᠭᠤᠯᠤᠨ᠎ᠠ ᠭᠡᠵᠦ ᠢᠯᠡᠳᠬᠡᠪᠡ᠃ | |