ᠪᠦᠬᠦ ᠬᠤᠲᠠ ᠶᠢᠨ ᠤᠳᠬ᠎ᠠ ᠤᠷᠠᠯᠢᠭ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/26
    2 ᠰᠠᠷ᠎ᠠ ᠶᠢᠨ 26 ᠤ ᠡᠳᠦᠷ᠂ ᠬᠥᠯᠥᠨ ᠪᠤᠶᠢᠷ ᠬᠤᠳᠠ ᠤᠳᠬ᠎ᠠ ᠤᠷᠠᠯᠢᠭ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠳᠠ ᠶᠢᠨ ᠤᠳᠤᠷᠢᠳᠤᠯᠭ᠎ᠠ ᠸᠠᠩ ᠮᠧᠩ ᠬᠤᠷᠠᠯ ᠳᠤ ᠣᠷᠣᠯᠴᠠᠵᠤ᠂ ᠶᠠᠨ ᠯᠢ ᡁᠢ ᠬᠤᠷᠠᠯ ᠢ ᠡᠷᠬᠢᠯᠡᠪᠡ᠃    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠪᠠ ᠮᠠᠨ ᠤ ᠬᠤᠲᠠ ᠶᠢᠨ ᠰᠢᠯᠢᠳᠡᠭ ᠤᠳᠬ᠎ᠠ ᠤᠷᠠᠯᠢᠭ ᠤᠨ ᠠᠵᠢᠯᠲᠠᠨ ᠤ ᠲᠥᠯᠥᠭᠡᠯᠡᠭᠴᠢ ᠲᠣᠰ ᠪᠡᠶ᠎ᠡ ᠶᠢᠨ ᠥᠩᠭᠡᠷᠡᠯᠲᠡ ᠲᠠᠢ ᠪᠠᠨ ᠤᠶᠠᠯᠳᠤᠭᠤᠯᠤᠨ ᠣᠯᠤᠯᠲᠠ ᠲᠥᠷᠥᠭᠳᠡᠯ ᠢᠶᠠᠨ ᠰᠣᠯᠢᠯᠴᠠᠵᠤ᠂ ᠰᠠᠨᠠᠭᠤᠯᠭ᠎ᠠ ᠳᠤᠷᠠᠳᠪᠠ᠃ ᠶᠠᠷᠢᠶ᠎ᠠ ᠶᠢ ᠰᠣᠨᠣᠰᠤᠭᠰᠠᠨ ᠤ ᠲᠠᠷᠠᠭ᠎ᠠ᠂ ᠸᠠᠩ ᠸᠠᠩ ᠱᠧᠩ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠪᠦᠬᠦ ᠲᠠᠯ᠎ᠠ ᠪᠠᠷ ᠡᠮᠬᠢᠯᠡᠵᠦ᠂ ᠲᠦᠷᠦᠯ ᠬᠤᠪᠢᠶᠠᠨ ᠰᠤᠳᠤᠯᠵᠤ᠂ ᠰᠠᠶᠢᠨ ᠰᠠᠨᠠᠭᠤᠯᠭ᠎ᠠ ᠶᠢ ᠬᠤᠶᠢᠰᠢᠳᠠ ᠶᠢᠨ ᠠᠵᠢᠯ ᠤᠨ ᠳᠤᠮᠳᠠ ᠪᠠᠨ ᠣᠷᠭᠠᠨᠢᠭ ᠢᠶᠠᠷ ᠠᠭᠤᠰᠤᠯᠴᠠᠭᠤᠯᠬᠤ ᠬᠡᠷᠡᠭᠲᠡᠢ ᠭᠡᠵᠦ ᠵᠠᠬᠢᠪᠠ᠃    ᠸᠠᠩ ᠸᠠᠩ ᠱᠧᠩ᠂ ᠪᠦᠬᠦ ᠬᠤᠳᠠ ᠶᠢᠨ ᠤᠳᠬ᠎ᠠ ᠤᠷᠠᠯᠢᠭ ᠤᠨ ᠹᠷᠣᠨᠲ ᠤᠨ ᠬᠢᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠪᠦᠬᠦ ᠲᠠᠯ᠎ᠠ ᠪᠠᠷ ᠦᠢᠯᠡᠴᠢᠯᠡᠬᠦ ᠪᠠ ᠠᠭᠤᠰᠤᠯᠴᠠᠬᠤ ᠪᠠᠷ ᠭᠠᠷᠳᠠᠴᠠ ᠪᠣᠯᠭᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ︽ᠲᠤᠯᠤᠭᠠᠨ ᠢᠨᠵᠧᠨᠧᠷᠢᠩ︾ ᠢ ᠬᠡᠷᠡᠭᠵᠢᠭᠦᠯᠬᠦ ᠪᠠᠷ ᠳᠠᠮᠵᠢᠭᠤᠯᠵᠤ᠂ ᠭᠤᠷᠪᠠᠨ ᠬᠤᠳᠠ ᠶᠢᠨ ᠬᠡᠪᠴᠢᠶᠡᠨ ᠤ ᠲᠦᠷᠦᠯ ᠲᠡᠮᠳᠡᠭ ᠢ ᠡᠭᠦᠳᠴᠦ᠂ ᠲᠠᠪᠤᠨ ᠶᠡᠭᠡ ᠰᠣᠶᠣᠯ ᠤᠨ ᠢᠯᠡᠳᠬᠡᠮᠵᠢ ᠲᠡᠮᠳᠡᠭ ᠢ ᠢᠯᠡᠷᠡᠭᠦᠯᠵᠦ᠂ ᠰᠤᠳᠤᠯᠤᠨ ᠲᠠᠶᠢᠯᠪᠤᠷᠢᠯᠠᠬᠤ᠂ ᠤᠬᠠᠭᠤᠯᠤᠨ ᠳᠡᠯᠭᠡᠷᠡᠭᠦᠯᠬᠦ᠂ ᠵᠣᠬᠢᠶᠠᠯ ᠪᠦᠲᠦᠭᠡᠯ ᠢ ᠵᠣᠬᠢᠶᠠᠨ ᠪᠦᠲᠦᠭᠡᠬᠦ᠂ ᠳᠡᠬᠡᠳᠤ ᠰᠤᠷᠭᠠᠭᠤᠯᠢ ᠪᠦᠯᠬᠦᠮ ᠤᠨ ᠥᠭᠡᠷᠡᠴᠢᠯᠡᠯᠲᠡ ᠵᠡᠷᠭᠡ ᠠᠵᠢᠯ ᠢ ᠢᠳᠡᠪᠬᠢᠲᠡᠢ ᠠᠬᠢᠭᠤᠯᠵᠤ᠂ ᠡᠯ᠎ᠡ ᠱᠠᠲᠤᠨ ᠤ ᠤᠳᠬ᠎ᠠ ᠤᠷᠠᠯᠢᠭ ᠤᠨ ᠹᠷᠣᠨᠲ ᠤᠨ ᠠᠵᠢᠯᠲᠠᠳ ᠤᠨ ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠶᠢ ᠰᠠᠶᠢᠲᠤᠷ ᠶᠠᠷᠢᠬᠤ ᠶᠢ ᠬᠦᠲᠦᠯᠦᠨ ᠵᠢᠯᠤᠭᠤᠳᠴᠤ᠂ ᠬᠥᠯᠥᠨ ᠪᠤᠶᠢᠷ ᠤᠨ ᠤᠮᠠᠷᠠᠲᠤ ᠶᠢᠨ ᠰᠣᠶᠣᠯ ᠤᠨ ᠲᠦᠷᠦᠯ ᠲᠡᠮᠳᠡᠭ ᠢ ᠪᠦᠳᠦᠭᠡᠨ ᠪᠠᠶᠢᠭᠤᠯᠬᠤ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃    ᠸᠠᠩ ᠸᠠᠩ ᠱᠧᠩ᠂ ᠡᠨᠡ ᠬᠦ ᠵᠠᠩᠭᠢᠯᠠᠭ᠎ᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠮᠠᠨ ᠤ ᠬᠤᠲᠠ ᠶᠢᠨ ᠰᠣᠶᠣᠯ ᠤᠨ ᠡᠬᠢ ᠪᠠᠶᠠᠯᠢᠭ ᠬᠢᠭᠡᠳ ᠲᠡᠤᠬᠡ ᠶᠢᠨ ᠪᠣᠳᠠᠲᠤ ᠬᠡᠷᠡᠭ ᠢ ᠭᠦᠨᠵᠡᠭᠡᠶ ᠠᠭᠤᠳᠠᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠬᠢᠭᠡᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠣᠨᠣᠪᠴᠢᠲᠠᠶ ᠲᠠᠶᠢᠯᠪᠤᠷᠢᠯᠠᠵᠤ᠂ ᠤᠮᠠᠷᠠᠲᠤ ᠬᠢᠯᠢ ᠶᠢᠨ ᠰᠣᠶᠣᠯ ᠤᠨ ᠭᠦᠨᠵᠡᠭᠡᠶ ᠠᠭᠤᠯᠤᠭᠳᠠᠬᠤᠨ ᠪᠠ ᠡᠯᠪᠡᠭ ᠪᠠᠶᠠᠯᠢᠭ ᠠᠭᠤᠯᠬᠤᠨ ᠢ ᠨᠢ ᠰᠦᠪᠡᠭᠴᠢᠯᠡᠬᠦ ᠬᠡᠷᠡᠭᠲᠡᠶ︔ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠡᠨᠡ ᠬᠦ ᠭᠤᠣᠯ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠠᠮᠢᠳᠤᠷᠠᠯ ᠳᠤ ᠬᠦᠷᠴᠦ ᠤᠩᠭᠤᠳ ᠢ ᠡᠷᠢᠯᠬᠢᠯᠡᠵᠦ᠂ ᠨᠡᠩ ᠤᠯᠠᠨ ᠰᠣᠳᠣᠨ ᠪᠦᠲᠦᠭᠡᠯ ᠢ ᠰᠢᠨ᠎ᠡ ᠶᠢ ᠡᠭᠦᠳᠦᠨ ᠭᠠᠷᠭᠠᠵᠤ᠂ ᠤᠯᠠᠨ ᠲᠦᠮᠡᠨ ᠤ ᠤᠮᠠᠷᠠᠲᠤ ᠶᠢᠨ ᠰᠣᠶᠣᠯ ᠤᠨ ᠲᠤᠬᠠᠢ ᠮᠡᠳᠡᠷᠡᠮᠵᠢ ᠶᠢ ᠳᠡᠭᠡᠭᠰᠢᠯᠡᠭᠦᠯᠬᠦ ᠬᠡᠷᠡᠭᠲᠡᠢ︔ ᠰᠣᠶᠣᠯ ᠢ ᠳᠡᠯᠭᠡᠨ ᠦᠵᠡᠭᠦᠯᠬᠦ ᠡᠨᠡ ᠬᠦ ᠴᠢᠬᠤᠯᠠ ᠴᠤᠩᠬᠤᠪᠴᠢ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠰᠢ ᠤᠬᠠᠭᠤᠯᠬᠤ ᠠᠷᠭ᠎ᠠ ᠵᠠᠮ ᠢᠶᠠᠨ ᠪᠥᠬᠦ ᠬᠦᠴᠦᠨ ᠢᠶᠠᠷ ᠢᠶᠠᠨ ᠥᠷᠭᠡᠳᠬᠡᠵᠦ᠂ ᠳᠣᠲᠣᠭᠠᠳᠤ ᠳᠤ ᠪᠠᠨ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠵᠤ᠂ ᠣᠯᠠᠨ ᠡᠰᠢᠲᠦ ᠥᠪᠡᠷᠮᠢᠴᠡ ᠣᠷᠣᠨ ᠪᠦᠰᠡ ᠶᠢᠨ ᠷᠢᠳᠢ ᠰᠢᠳᠢ ᠶᠢ ᠢᠯᠡᠷᠡᠭᠦᠯᠬᠦ ᠬᠡᠷᠡᠭᠲᠡᠶ︔ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠨᠡ ᠬᠦ ᠭᠤᠣᠯ ᠬᠥᠳᠡᠯᠭᠡᠬᠦ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠩ ᠰᠠᠶᠢᠲᠤᠷ ᠬᠥᠭᠵᠢᠭᠡᠬᠦ ᠬᠡᠷᠡᠭᠲᠡᠢ︔ ᠴᠢᠳᠠᠪᠤᠷᠢᠲᠠᠨ ᠤ ᠡᠩᠨᠡᠭᠡ ᠭᠡᠬᠦ ᠡᠨᠡᠬᠦ ᠦᠨᠳᠦᠰᠦᠨ ᠬᠦᠴᠦᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠰᠢᠯᠢᠳᠡᠭ ᠡᠩᠨᠡᠭᠡ ᠶᠢ ᠰᠡᠳᠬᠢᠯ ᠲᠠᠯᠪᠢᠨ ᠪᠠᠶᠢᠭᠤᠯᠵᠤ᠂ ᠤᠳᠬ᠎ᠠ ᠤᠷᠠᠯᠢᠭ ᠤᠨ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠳᠤ ᠠᠰᠢᠭᠲᠠᠢ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ