ᠵᠢᠢ ᠶᠦᠩ ᠴᠢᠶᠠᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠭᠤᠤᠯᠳᠠᠯᠭ᠎ᠠ ᠲᠠᠢ ᠠᠵᠢᠯ ᠢ ᠰᠢᠨᠵᠢᠯᠡᠨ ᠪᠠᠶᠢᠴᠠᠭᠠᠵᠤ ᠵᠣᠯᠭᠠᠭᠤᠯᠪᠠ
ᠨᠡᠶᠢᠲᠡᠯᠡᠭᠰᠡᠨ ᠴᠠᠭ᠄
2025/3/26
    2 ᠰᠠᠷ᠎ᠠ ᠶᠢᠨ 24 ᠤ ᠡᠳᠦᠷ ᠠᠴᠠ 27 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠱᠢ ᠵᠢᠩ ᠱᠠᠨ ᠲᠣᠭᠤᠷᠢᠭ᠂ ᠰᠢ ᠴᠧᠩ ᠲᠣᠭᠤᠷᠢᠭ᠂ ᠲᠦᠩᠵᠸᠦ ᠲᠣᠭᠤᠷᠢᠭ᠂ ᠴᠠᠩᠫᠢᠩ ᠲᠣᠭᠤᠷᠢᠭ ᠲᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠭᠤᠤᠯᠳᠠᠯᠭ᠎ᠠ ᠲᠠᠢ ᠠᠵᠢᠯ ᠢ ᠰᠢᠨᠵᠢᠯᠡᠨ ᠪᠠᠶᠢᠴᠠᠭᠠᠵᠤ ᠵᠣᠯᠭᠠᠭᠤᠯᠪᠠ᠃ ᠬᠤᠳᠠ ᠶᠢᠨ ᠤᠳᠤᠷᠢᠳᠤᠯᠭ᠎ᠠ ᠯᠢᠨ ᠱᠤ᠋ ᠯᠢ᠂ ᠰᠦᠨ ᠸᠧᠢ᠂ ᠭᠦᠩ ᠹᠸᠢ ᠲᠢᠶᠠᠨ ᠣᠷᠣᠯᠴᠠᠪᠠ᠃    ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠵᠢᠢ ᠶᠦᠩ ᠴᠢᠶᠠᠨ ᠲᠤᠰ ᠲᠤᠰ ᠱᠢ ᠵᠢᠩ ᠱᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠠᠩ ᠸᠧᠢ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠸᠠᠨ ᠯᠦᠩ ᠪᠣᠯᠤᠨ ᠰᠢ ᠴᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᡁᠢ ᠬᠠᠢ ᠵᠢᠶᠧ ᠵᠡᠷᠭᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠠᠭᠤᠯᠵᠠᠵᠤ ᠰᠠᠨᠠᠯ ᠢᠶᠠᠨ ᠰᠣᠯᠢᠯᠴᠠᠪᠠ᠃ ᠵᠢᠢ ᠶᠦᠩ ᠴᠢᠶᠠᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠥᠷᠨᠢᠭᠦᠯᠦᠭᠰᠡᠨ ᠠᠴᠠ ᠨᠠᠰᠢ᠂ ᠱᠢ ᠵᠢᠩ ᠱᠠᠨ ᠲᠣᠭᠤᠷᠢᠭ᠂ ᠰᠢ ᠴᠧᠩ ᠲᠣᠭᠤᠷᠢᠭ ᠠᠴᠠ ᠬᠥᠯᠥᠨ ᠪᠤᠶᠢᠷ ᠬᠤᠲᠠ ᠵᠢᠴᠢ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠳᠤ ᠦᠨᠡᠨ ᠰᠡᠳᠬᠢᠯ ᠢᠶᠠᠷ ᠳᠡᠮᠵᠢᠵᠦ᠂ ᠪᠡᠯᠡ ᠤᠷᠤᠭᠤᠯᠤᠨ᠂ ᠡᠯ᠎ᠡ ᠬᠦᠷᠢᠶ᠎ᠡ ᠴᠠᠷᠠᠭᠠᠨ ᠤ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶᠢᠷᠡᠵᠦ᠂ ᠬᠠᠮᠵᠢᠯᠴᠠᠬᠤ ᠠᠵᠢᠯ ᠮᠠᠰᠢ ᠦᠷ᠎ᠡ ᠪᠦᠲᠦᠮᠵᠢ ᠤᠯᠪᠠ᠃ ᠬᠤᠶᠢᠰᠢᠳᠠ ᠬᠤᠶᠠᠷ ᠭᠠᠵᠠᠷ ᠤᠨ ᠬᠢᠨ ᠮᠥᠨ ᠬᠦ ᠥᠩᠭᠡᠷᠡᠭᠰᠡᠨ ᠲᠠᠢ ᠪᠠᠨ ᠠᠳᠠᠯᠢ ᠪᠠᠷ ᠳᠠᠪᠠᠭᠤᠯᠢᠭ ᠡᠬᠢ ᠪᠠᠶᠠᠯᠢᠭ ᠢᠶᠠᠨ ᠡᠮᠬᠢᠯᠡᠨ ᠨᠡᠶᠢᠯᠡᠭᠦᠯᠵᠦ᠂ ᠬᠥᠯᠥᠨ ᠪᠤᠶᠢᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠳᠡᠮᠵᠢᠯᠭᠡ ᠦᠵᠡᠭᠦᠯᠵᠦ᠂ ᠮᠤᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠮᠢᠬᠠᠨ ᠤ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠬᠦᠴᠦᠨ ᠨᠡᠮᠡᠷᠢᠯᠡᠵᠦ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠢᠭᠤᠯᠴᠢᠯᠠᠯ ᠵᠡᠷᠭᠡ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ ᠬᠡᠪᠡ᠃    ᠵᠢᠢ ᠶᠦᠩ ᠴᠢᠶᠠᠨ ᠨᠠᠷ ᠲᠦᠩᠵᠸᠦ ᠲᠣᠭᠤᠷᠢᠭ᠂ ᠴᠠᠩᠫᠢᠩ ᠲᠣᠭᠤᠷᠢᠭ ᠲᠤ ᠬᠦᠷᠴᠦ᠂ ᠲᠦᠩᠵᠸᠦ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠧᠩ ᠬᠤᠤ᠂ ᠴᠠᠩᠫᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠰᠢᠶᠤᠤ ᠳ᠋ᠦᠩ ᠵᠡᠷᠭᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠣᠳᠣᠬᠠᠨ ᠳᠤ ᠬᠥᠯᠥᠨ ᠪᠤᠶᠢᠷ ᠬᠤᠲᠠ ᠶᠠᠭ ᠬᠦᠴᠦ ᠪᠠᠨ ᠲᠥᠪᠯᠡᠷᠡᠭᠦᠯᠦᠨ ᠬᠤᠳᠠᠯᠳᠤᠭᠠᠴᠢᠨ ᠤᠷᠢᠬᠤ᠂ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠲᠥᠷᠥᠯ ᠵᠦᠢᠯ ᠢ ᠪᠠᠶᠢᠭᠤᠯᠬᠤ᠂ ᠨᠡᠮᠡᠭᠳᠡᠯ ᠢ ᠠᠬᠢᠭᠤᠯᠬᠤ ᠶᠢ ᠠᠳᠬᠤᠵᠤ ᠂ ᠬᠥᠭᠵᠢᠯᠲᠡ ᠶᠢᠨ ᠪᠠᠶᠢᠳᠠᠯ ᠰᠠᠶᠢᠨ ᠪᠠᠶᠢᠨ᠎ᠠ᠃ ᠲᠦᠩᠵᠸᠦ ᠲᠣᠭᠤᠷᠢᠭ᠂ ᠴᠠᠩᠫᠢᠩ ᠲᠣᠭᠤᠷᠢᠭ ᠨᠢ ᠬᠥᠯᠥᠨ ᠪᠤᠶᠢᠷ ᠤᠨ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠪᠡᠭᠡᠵᠢᠩ ᠤᠨ ᠴᠢᠨᠠᠷ ᠰᠠᠶᠢᠲᠠᠢ ᠠᠵᠤ ᠠᠬᠤᠶᠢᠯᠠᠯ᠂ ᠲᠦᠷᠦᠯ ᠵᠦᠢᠯ᠂ ᠴᠢᠳᠠᠪᠤᠷᠢᠲᠠᠨ ᠢ ᠬᠥᠯᠥᠨ ᠪᠤᠶᠢᠷ ᠲᠤ ᠤᠷᠤᠭᠤᠯᠬᠤ ᠶᠢ ᠬᠦᠲᠦᠯᠦᠨ ᠵᠢᠯᠤᠭᠤᠳᠴᠤ᠂ ᠮᠠᠨ ᠤ ᠬᠤᠳᠠ ᠶᠢᠨ ᠤᠨᠴᠠᠯᠢᠬᠳᠤ ᠰᠣᠶᠣᠯ ᠪᠣᠯᠤᠨ ᠠᠵᠤ ᠦᠢᠯᠡᠰ ᠤᠨ ᠭᠠᠳᠠᠭᠰᠢ ᠥᠷᠭᠡᠳᠬᠡᠬᠦ ᠳᠤ ᠬᠦᠴᠦᠨ ᠨᠡᠮᠡᠷᠢᠯᠡᠵᠦ᠂ ᠬᠤᠶᠠᠷ ᠭᠠᠵᠠᠷ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠮᠵᠢᠯᠴᠠᠨ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃    ᠪᠡᠭᠡᠵᠢᠩ ᠬᠤᠳᠠ ᠶᠢᠨ ᠬᠠᠮᠢᠶ᠎ᠠ ᠪᠦᠬᠦᠢ ᠡᠯ᠎ᠡ ᠲᠣᠭᠤᠷᠢᠭ ᠤᠨ ᠬᠠᠷᠢᠭᠤᠴᠠᠯᠭᠠᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠮᠥᠩᠭᠦᠨ ᠭᠦᠢᠯᠭᠡᠭᠡᠨ ᠤ ᠲᠤᠯᠭᠠᠭᠤᠷᠢᠯᠠᠯ᠂ ᠴᠢᠳᠠᠪᠤᠷᠢᠲᠠᠨ ᠴᠤᠭᠯᠠᠭᠤᠯᠬᠤ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠂ ᠤᠨᠤᠴᠠᠲᠠᠢ ᠵᠣᠯᠭᠠᠭᠤᠯᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠯᠥᠨ ᠪᠤᠶᠢᠷ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠵᠡᠢ᠃    ᠵᠢᠢ ᠶᠦᠩ ᠴᠢᠶᠠᠨ ᠨᠠᠷ ᠪᠠᠰᠠ ᠪᠡᠭᠡᠵᠢᠩ ᠤᠨ ᠳᠡᠰ ᠠᠴᠠ ᠳᠠᠪᠠᠭᠰᠠᠨ ᠾᠧ ᠱᠧᠩ ᠾᠦᠢ ᠶᠢᠨ ᠡᠯ᠎ᠡ ᠬᠤᠳᠠᠯᠳᠤᠭᠠᠨ ᠤ ᠵᠡᠭᠡᠯᠢ ᠲᠣᠭᠤᠷᠢᠭ ᠲᠤ ᠭᠦᠨᠵᠡᠭᠡᠶᠢᠷᠡᠵᠦ᠂ ᠲᠡᠷᠢᠭᠦᠨ ᠤ ᠡᠵᠡᠩᠨᠡᠯᠲᠡ ᠶᠢᠨ ᠲᠤᠷᠰᠢᠯᠭ᠎ᠠ ᠶᠢ ᠰᠤᠷᠤᠯᠴᠠᠨ ᠲᠣᠯᠢᠯᠠᠪᠠ︔ ᠮᠧᠩ ᠢ ᠲᠠᠩ᠂ ᠪᠡᠭᠡᠵᠢᠩ ᠤᠨ ᠲᠢᠶᠠᠨ ᠠᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠤᠨᠤᠴᠠᠲᠠᠢ ᠪᠦᠭᠡᠳ ᠪᠣᠳᠠᠲᠠᠢ ᠶᠢ ᠡᠷᠬᠢᠮᠯᠡᠨ ᠵᠣᠯᠭᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠪᠡ᠃ 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ