ᠪᠦᠬᠦ ᠬᠤᠲᠠ ᠶᠢᠨ ᠤᠳᠤᠷᠢᠳᠬᠤ ᠺᠠᠳ᠋ᠷ ᠶᠡᠷᠦᠩᠬᠡᠶ ᠱᠦᠵᠢ ᠰᠢ ᠶᠢᠨ ᠫᠢᠩ ᠤᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠶ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠪᠠ
ᠨᠡᠶᠢᠲᠡᠯᠡᠭᠰᠡᠨ ᠴᠠᠭ᠄
2025/3/28
    2 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠴᠢ 2025 ᠣᠨ ᠤ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠯ᠎ᠡ ᠬᠤᠰᠢᠭᠤ ᠬᠤᠲᠠ ᠲᠣᠭᠤᠷᠢᠭ ᠵᠢᠴᠢ ᠬᠠᠮᠢᠶ᠎ᠠ ᠪᠥᠬᠦᠶ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠵᠡᠷᠭᠡᠪᠡᠷ ᠶᠠᠪᠤᠭᠳᠠᠪᠠ᠃    ᠸᠠᠩ ᠸᠠᠩ ᠱᠧᠩ ᠶᠠᠷᠢᠶᠠᠨ ᠳᠠᠭᠠᠨ᠂ ᠪᠥᠬᠦ ᠬᠤᠲᠠ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠪᠠ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠥᠪᠥᠷ ᠮᠣᠩᠭᠤᠯ ᠤᠨ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠤᠭ᠎ᠠ ᠰᠠᠨᠠᠭ᠎ᠠ ᠠᠤᠭ᠎ᠠ ᠵᠣᠷᠢᠭ ᠪᠠ ᠠᠤᠭ᠎ᠠ ᠬᠦᠰᠡᠯ ᠡᠷᠡᠮᠡᠯᠵᠡᠯ ᠢ ᠪᠣᠶ ᠪᠣᠯᠭᠠᠵᠤ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠥᠨᠳᠥᠷ ᠲᠦᠪᠰᠢᠨ ᠢᠶᠠᠷ ᠬᠠᠮᠠᠭᠠᠯᠠᠬᠤ ᠪᠠᠷ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠶᠢ ᠪᠠᠷᠢᠮᠲᠠᠯᠠᠵᠤ᠂ ᠬᠤᠲᠠ ᠶᠢᠨ ᠳᠣᠲᠣᠷ᠎ᠠ᠂ ᠣᠷᠣᠨ ᠤ ᠳᠣᠲᠣᠷ᠎ᠠ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠳᠥᠷᠪᠡᠨ ᠲᠠᠰ ᠳᠠᠪᠬᠤᠷᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠢᠳᠡᠪᠬᠢᠲᠡᠶ ᠠᠵᠢᠯᠯᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ ᠠᠵᠢᠯᠯᠠᠭ᠎ᠠ ᠪᠠᠨ ᠭᠦᠨᠵᠡᠭᠡᠶᠢᠷᠡᠭᠦᠯᠵᠦ᠂ ᠬᠤᠲᠠ ᠶᠢᠨ ᠬᠡᠪᠴᠢᠶᠡᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠪᠠ ᠭᠠᠳᠠᠭᠠᠳᠤ ᠳᠠᠯᠳᠠ ᠬᠦᠴᠦᠨ ᠢ ᠪᠥᠬᠦ ᠲᠠᠯ᠎ᠠ ᠪᠠᠷ ᠬᠥᠭᠵᠢᠭᠡᠵᠦ᠂ ᠮᠠᠨ ᠤ ᠬᠤᠲᠠ ᠶᠢ ᠦᠨᠡᠨ ᠬᠦ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠬᠤᠤᠰ ᠣᠷᠴᠢᠯ ᠢ ᠬᠤᠯᠪᠣᠬᠤ ᠴᠢᠬᠤᠯᠠ ᠵᠠᠩᠭᠢᠯᠠᠭ᠎ᠠ ᠶᠢᠨ ᠴᠡᠭ ᠪᠣᠯᠭᠠᠵᠤ᠂ ᠬᠥᠯᠥᠨ ᠪᠤᠶᠢᠷ ᠤᠨ ᠣᠨᠴᠠᠯᠢᠭ ᠲᠠᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠬᠤ ᠬᠡᠷᠡᠭᠲᠡᠶ ᠭᠡᠵᠡᠢ᠃    ᠸᠠᠩ ᠸᠠᠩ ᠱᠧᠩ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠬᠥᠭᠵᠢᠯᠲᠡ ᠶᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠮᠠᠨ ᠤ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ᠂ ᠠᠵᠤ ᠦᠢᠯᠡᠰ ᠤᠨ ᠪᠦᠲᠦᠴᠡ ᠶᠢᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ᠂ ᠨᠠᠩ ᠯᠠᠪᠳᠠᠭᠤᠨ ᠪᠠᠲᠤᠲᠠᠶ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠦᠢᠯᠡᠳᠦᠯᠭᠡ ᠶᠢᠨ ᠳᠤᠮᠳᠠ ᠦᠷᠭᠦᠯᠵᠢᠯᠡᠨ ᠬᠥᠯᠥᠨ ᠪᠤᠶᠢᠷ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠭᠢᠷᠢᠨ ᠶᠡᠭᠡ ᠰᠤᠷᠭᠠᠭᠤᠯᠢ ᠶᠢᠨ ᠫᠷᠤᠹᠧᠰᠰᠤᠷ ᠪᠢᠩ ᠵᠧᠩ ᠰᠤᠳᠤᠯᠤᠨ ᠶᠠᠷᠢᠯᠴᠠᠬᠤ ᠭᠤᠣᠯ ᠰᠡᠳᠦᠪ ᠤᠨ ᠲᠣᠭᠤᠷᠢᠨ ᠳᠤ ᠬᠢᠴᠢᠶᠡᠯᠯᠡᠭᠡ ᠬᠢᠵᠦ᠂ ᠬᠤᠳᠠ ᠶᠢᠨ ᠰᠢᠭᠤᠳ ᠬᠠᠷᠢᠶ᠎ᠠ ᠬᠡᠰᠡᠭ ᠰᠠᠯᠠᠭ᠎ᠠ ᠮᠥᠴᠢᠷ᠂ ᠬᠤᠰᠢᠭᠤ ᠬᠤᠳᠠ ᠲᠣᠭᠤᠷᠢᠭ ᠤᠨ ᠬᠤᠯᠪᠣᠭᠳᠠᠯ ᠪᠦᠬᠦᠢ ᠨᠥᠬᠦᠳ ᠪᠣᠯᠤᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠤᠷᠠᠯ ᠳᠤ ᠣᠷᠣᠯᠴᠠᠭᠰᠠᠳ ᠪᠠᠰᠠ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠠᠵᠤ ᠦᠢᠯᠡᠰ ᠪᠣᠯᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠲᠣᠭᠤᠷᠢᠨ ᠦᠵᠡᠪᠡ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ