ᠬᠥᠯᠥᠨ ᠪᠤᠶᠢᠷ ᠬᠤᠲᠠ ᠶᠢᠨ ᠡᠯ᠎ᠡ ᠬᠤᠰᠢᠭᠤ ᠬᠤᠲᠠ ᠲᠣᠭᠤᠷᠢᠭ ᠤᠨ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠨᠢᠭᠡᠳ ᠨᠢᠭᠡ ᠪᠠᠷ ᠲᠣᠬᠢᠷᠠᠭᠤᠯᠤᠯᠲᠠ ᠬᠢᠬᠦ ᠶᠢ ᠪᠦᠬᠦᠨ ᠢ ᠪᠦᠷᠬᠦᠭᠦᠯᠪᠡ
ᠨᠡᠶᠢᠲᠡᠯᠡᠭᠰᠡᠨ ᠴᠠᠭ᠄
2025/3/28
    ᠣᠶᠢᠷ᠎ᠠ ᠶᠢᠨ ᠡᠳᠦᠷ ᠤᠳ ᠲᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠲᠣᠰ ᠲᠣᠰ ᠬᠤᠰᠢᠭᠤ ᠬᠤᠲᠠ ᠲᠣᠭᠤᠷᠢᠭ ᠤᠨ ᠭᠤᠤᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠣᠳᠣᠬᠠᠨ ᠤ ᠬᠥᠭᠵᠢᠯᠲᠡ ᠶᠢᠨ ᠪᠠᠶᠢᠳᠠᠯ ᠢ ᠵᠠᠳᠠᠯᠵᠤ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢᠨ ᠠᠷᠭ᠎ᠠ ᠵᠠᠮ ᠢ ᠲᠣᠳᠣᠷᠬᠠᠶ ᠵᠢᠭᠠᠨ ᠥᠭᠴᠦ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃    ᠸᠠᠩ ᠸᠠᠩ ᠱᠧᠩ᠂ ᠰᠢᠰᠲ᠋ᠧᠮ ᠲᠠᠢ ᠳ᠋ᠦᠩᠨᠡᠵᠦ᠂ ᠪᠠᠷᠠᠭᠠᠯᠠᠨ ᠲᠥᠯᠥᠪᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠠᠬᠢᠭᠤᠯᠵᠤ᠂ ᠡᠯ᠎ᠡ ᠲᠠᠯ᠎ᠠ ᠶᠢᠨ ᠬᠦᠴᠦᠨ ᠢ ᠭᠦᠢᠴᠡᠳ ᠳᠣᠭᠢᠷᠠᠭᠤᠯᠤᠨ᠂ ᠡᠷᠲᠡᠬᠡᠨ ᠲᠥᠯᠥᠪᠵᠢᠭᠦᠯᠵᠦ᠂ ᠵᠣᠯᠭᠠᠭᠤᠯᠬᠤ ᠪᠠᠨ ᠴᠢᠩᠭᠠᠳᠬᠠᠨ᠂ ᠢᠳᠡᠪᠬᠢᠲᠡᠶ ᠴᠢᠷᠮᠠᠶᠢᠨ ᠣᠯᠵᠤ᠂ ᠲᠥᠯᠥᠪᠵᠢᠭᠦᠯᠭᠡ ᠶᠢ ︽ᠲᠥᠷᠥᠯ ᠵᠦᠢᠯ ᠤᠨ ᠬᠥᠮᠥᠷᠭᠡ︾ ︽ᠪᠠᠷᠢᠯᠭ᠎ᠠ ᠶᠢᠨ ᠵᠢᠷᠤᠭ︾ ᠪᠣᠯᠭᠠᠨ ᠬᠤᠪᠢᠷᠠᠭᠤᠯᠵᠤ᠂ ᠲᠥᠯᠥᠪᠵᠢᠭᠦᠯᠭᠡ ᠶᠢ ᠦᠨᠡᠨ ᠬᠦ ᠬᠥᠲᠥᠯᠦᠨ ᠳᠠᠭᠠᠭᠤᠯᠬᠤ ᠦᠢᠯᠡᠳᠦᠯ ᠪᠠᠳᠠᠷᠠᠭᠤᠯᠬᠤ ᠬᠡᠷᠡᠭᠲᠡᠶ︔ ᠭᠤᠣᠯᠳᠠᠯᠭ᠎ᠠ ᠶᠢ ᠳᠤᠪᠤᠶᠢᠯᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠪᠣᠯᠤᠨ ᠪᠦᠬᠦ ᠬᠦᠷᠢᠶ᠎ᠡ ᠪᠦᠬᠦ ᠬᠦᠴᠦᠨ ᠵᠦᠢᠯ ᠢ ᠵᠢᠭᠰᠠᠭᠠᠨ ᠪᠠᠶᠢᠴᠠᠭᠠᠭᠰᠠᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠭᠠᠵᠠᠷ ᠰᠢᠷᠣᠢ ᠶᠢᠨ ᠬᠤᠶᠠᠳᠠᠬᠢ ᠡᠭᠡᠯᠵᠢ ᠶᠢᠨ ᠳᠠᠭᠠᠭᠠᠴᠢᠯᠠᠯᠲᠠ ᠶᠢ ᠤᠷᠲᠤᠳᠬᠠᠬᠤ᠂ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠲᠠᠢ᠂ ᠬᠠᠭᠠᠰ ᠵᠢᠯ ᠳᠤ ︽ᠬᠤᠤᠰ ᠳᠠᠪᠠᠯᠲᠠ ᠶᠢ ᠪᠡᠶᠡᠯᠡᠬᠦᠯᠬᠦ︾᠂ ᠪᠦᠬᠦ ᠵᠢᠯ ᠳᠡᠭᠡᠨ ︽ᠲᠠᠪᠤᠳᠤᠭᠠᠷ ᠢ ᠪᠠᠲᠤᠯᠠᠬᠤ︾ ᠬᠡᠷᠡᠭᠲᠡᠢ︔ ᠰᠤᠷᠲᠠᠯ ᠢᠶᠠᠨ ᠰᠠᠶᠢᠵᠢᠷᠠᠭᠤᠯᠵᠤ᠂ ᠬᠦᠴᠦᠯᠡᠨ ᠴᠢᠷᠮᠠᠶᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠰᠤᠷᠲᠠᠯ ᠢᠶᠠᠷ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠢᠢ ᠶᠦᠩ ᠴᠢᠶᠠᠨ ᠲᠣᠬᠢᠷᠠᠭᠤᠯᠬᠤ ᠳᠠᠭᠠᠨ᠂ ᠳᠡᠭᠡᠳᠦ ᠱᠠᠲᠤᠨ ᠤ ᠬᠠᠮᠤᠭ ᠤᠨ ᠰᠢᠨ᠎ᠡ ᠪᠠᠶᠢᠷᠢᠯᠠᠭᠤᠯᠤᠯᠲᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠲᠠᠯ᠎ᠠ ᠨᠤᠲᠤᠭ᠂ ᠠᠮᠢ ᠠᠬᠤᠶ᠂ ᠠᠭᠤᠷᠬᠠᠢ ᠶᠢᠨ ᠭᠠᠷᠤᠯᠲᠠ᠂ ᠪᠣᠭᠤᠮᠲᠠ᠂ ᠵᠢᠭᠤᠯᠴᠢᠯᠠᠯ ᠵᠡᠷᠭᠡ ᠡᠬᠢ ᠪᠠᠶᠠᠯᠢᠭ ᠤᠨ ᠡᠯᠧᠮᠧᠨ᠋ᠲ ᠢ ᠵᠤᠷᠪᠤᠰ ᠳᠠᠷᠠᠭᠠᠯᠠᠨ ᠲᠣᠭᠠᠯᠠᠨ ᠪᠦᠷᠢᠳᠬᠡᠵᠦ᠂ ᠲᠥᠷᠥᠯ ᠵᠦᠢᠯ ᠤᠨ ᠪᠣᠭᠤᠳᠠᠯ ᠪᠠᠭᠯᠠᠭ᠎ᠠ ᠶᠢᠨ ᠰᠠᠨᠠᠭᠤᠯᠭ᠎ᠠ᠂ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢᠨ ᠲᠥᠰᠦᠯ᠂ ᠠᠰᠠᠭᠤᠳᠠᠯ ᠢ ᠰᠢᠢᠳᠪᠦᠷᠢᠯᠡᠬᠦ ᠲᠣᠭᠲᠠᠴᠠ ᠶᠢ ᠪᠦᠯᠦᠭ ᠬᠤᠪᠢᠶᠠᠨ ᠲᠥᠷᠥᠯ ᠬᠤᠪᠢᠶᠠᠨ ᠪᠦᠷᠢᠯᠳᠦᠭᠦᠯᠵᠦ᠂ ᠬᠥᠭᠵᠢᠯᠲᠡ ᠶᠢ ᠠᠳᠬᠤᠬᠤ ᠪᠠᠶᠢᠳᠠᠯ ᠪᠠ ᠠᠭᠤᠷ ᠠᠮᠢᠰᠬᠤᠯ ᠢ ᠳᠠᠶᠢᠴᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠪᠦᠲᠦᠮᠵᠢᠲᠡᠶ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠬᠥᠯᠥᠨ ᠪᠤᠶᠢᠷ ᠬᠤᠲᠠ ᠶᠢᠨ ᠱᠠᠲᠤᠨ ᠤ ᠤᠳᠤᠷᠢᠳᠤᠯᠭ᠎ᠠ ᠬᠡᠰᠡᠭ ᠳᠠᠭᠠᠭᠠᠴᠢᠯᠠᠨ ᠬᠤᠯᠪᠣᠭᠠᠯᠠᠬᠤ ᠳᠦᠷᠢᠮ ᠢ ᠪᠠᠶᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠯ᠎ᠡ ᠬᠤᠲᠠ ᠶᠢᠨ ᠱᠠᠲᠤᠨ ᠤ ᠬᠡᠰᠡᠭ ᠳᠠᠭᠠᠭᠠᠴᠢᠯᠠᠨ ᠬᠤᠯᠪᠣᠭᠠᠯᠠᠬᠤ ᠤᠳᠤᠷᠢᠳᠬᠤ ᠨᠥᠬᠦᠳ ᠳᠠᠭᠠᠭᠠᠴᠢᠯᠠᠨ ᠬᠤᠯᠪᠣᠭᠠᠯᠠᠭᠰᠠᠨ ᠬᠤᠰᠢᠭᠤ ᠬᠤᠲᠠ ᠲᠣᠭᠤᠷᠢᠭ ᠲᠤ ᠦᠷᠭᠦᠯᠵᠢᠯᠡᠨ ᠭᠦᠨᠵᠡᠭᠡᠶᠢᠷᠡᠵᠦ᠂ ᠲᠥᠷᠥᠯ ᠵᠦᠢᠯ ᠤᠨ ᠠᠵᠤ ᠠᠬᠤᠶᠢᠯᠠᠯ᠂ ᠲᠠᠷᠢᠶᠠᠨ ᠭᠠᠵᠠᠷ ᠤᠨ ᠨᠢᠭᠡᠳᠦᠭᠡᠷ ᠹᠷᠣᠨᠲ ᠲᠤ ᠲᠤᠬᠠᠶ ᠶᠢᠨ ᠲᠠᠯᠠᠪᠠᠶ ᠳᠤ ᠠᠵᠢᠯᠯᠠᠵᠤ᠂ ᠠᠵᠤ ᠠᠬᠤᠶ ᠶᠢᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠳᠠᠭᠠᠭᠠᠴᠢᠯᠠᠨ ᠬᠤᠯᠪᠣᠭᠠᠯᠠᠭᠰᠠᠨ ᠭᠠᠵᠠᠷ ᠣᠷᠣᠨ ᠤ ᠠᠵᠤ ᠠᠬᠤᠶ ᠶᠢᠨ ᠠᠵᠢᠯᠯᠠᠭᠠᠨ ᠤ ᠳᠤᠮᠳᠠ ᠢᠯᠡᠷᠡᠭᠰᠡᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠢᠲᠡᠭᠡᠯ ᠵᠣᠷᠢᠭ ᠢᠶᠠᠨ ᠬᠥᠪᠴᠢᠯᠡᠵᠦ᠂ ᠺᠠᠳ᠋ᠷ ᠤᠨ ᠡᠩᠨᠡᠭᠡᠨ ᠤ ᠰᠤᠷᠲᠠᠯ ᠤᠨ ᠬᠤᠪᠢᠷᠠᠭᠤᠯᠤᠯᠲᠠ ᠶᠢ ᠠᠬᠢᠭᠤᠯᠤᠨ᠂ ᠡᠷᠡᠯᠬᠡᠭᠯᠡᠨ ᠤᠷᠤᠭᠰᠢᠯᠠᠬᠤ ᠣᠪᠣᠷ ᠢᠶᠠᠷ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ