ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ᠥᠨᠳᠥᠷ ᠲᠦᠪᠰᠢᠨᠲᠦ ᠬᠠᠮᠠᠭᠠᠯᠠᠯᠲᠠ ᠶᠢᠨ ᠭᠤᠤᠯᠳᠠᠯᠭ᠎ᠠ ᠲᠠᠢ ᠠᠵᠢᠯ ᠤᠨ ᠰᠣᠯᠢᠯᠴᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/28
    2 ᠰᠠᠷ᠎ᠠ ᠶᠢᠨ 28 ᠤ ᠡᠳᠦᠷ᠂ ᠪᠥᠬᠦ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ ᠥᠨᠳᠥᠷ ᠲᠦᠪᠰᠢᠨᠲᠦ ᠬᠠᠮᠠᠭᠠᠯᠠᠯᠲᠠ ᠶᠢᠨ ᠭᠤᠤᠯᠳᠠᠯᠭ᠎ᠠ ᠲᠠᠢ ᠠᠵᠢᠯ ᠤᠨ ᠰᠣᠯᠢᠯᠴᠠᠭᠠᠨ ᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠷᠠᠯ ᠡᠷᠭᠢᠯᠡᠭᠰᠡᠨ ᠪᠥᠭᠡᠳ ᠣᠳᠣᠬᠠᠨ ᠤ ᠭᠤᠤᠯᠳᠠᠯᠭ᠎ᠠ ᠲᠠᠢ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃    ᠬᠤᠷᠠᠯ ᠳᠡᠭᠡᠷ᠎ᠡ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠢᠶᠠᠨ ᠲᠣᠭᠤᠷᠢᠨ ᠳᠤ 2025 ᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ ᠤᠨ ᠰᠡᠳᠬᠢᠮᠵᠢ ᠶᠢᠨ ᠲᠤᠬᠠᠶ ᠲᠠᠶᠢᠯᠤᠮᠵᠢ ᠬᠢᠪᠠ᠃    ᠬᠤᠷᠠᠯ ᠠᠴᠠ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨᠲᠦ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠣᠯ ᠰᠢᠨ᠎ᠡ ᠴᠠᠭ ᠦᠶ᠎ᠡ ᠠᠴᠠ ᠣᠯᠭᠤᠭᠰᠠᠨ ᠴᠢᠬᠤᠯᠠ ᠶᠡᠭᠡ ᠡᠭᠦᠷᠭᠡ ᠪᠣᠯᠤᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠤᠬᠢᠷᠠᠭᠤᠯᠤᠯᠳᠠ ᠲᠠᠢ ᠨᠢᠭᠲᠠ ᠤᠶᠠᠯᠳᠤᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠬᠡᠯᠪᠡᠷᠢ ᠶᠢ ᠬᠤᠪᠢᠷᠠᠭᠤᠯᠬᠤ᠂ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠢᠭᠡᠳᠬᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠦᠬᠦ ᠵᠢᠯ ᠤᠨ ᠠᠵᠤ ᠠᠬᠤᠢ ᠶᠢᠨ ᠲᠣᠭᠲᠠᠭᠤᠨ ᠤ ᠳᠤᠮᠳᠠ ᠰᠠᠶᠢᠵᠢᠷᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠰᠢᠰᠲ᠋ᠧᠮᠵᠢᠭᠰᠡᠨ ᠰᠡᠳᠬᠢᠬᠦᠢ ᠪᠠᠷ ᠥᠨᠳᠥᠷ ᠲᠦᠪᠰᠢᠨᠲᠦ ᠬᠠᠮᠠᠭᠠᠯᠠᠯᠲᠠ ᠶᠢ ᠠᠬᠢᠭᠤᠯᠵᠤ᠂ ᠸᠧᠺᠲ᠋ᠣᠷ ᠲᠤᠭ᠎ᠠ ᠪᠠᠷᠢᠮᠲᠠ ᠶᠢᠨ ︽ᠨᠢᠭᠡ ᠵᠢᠷᠤᠭ︾ ᠪᠣᠯᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ ︽ᠨᠢᠭᠡ ᠲᠣᠣᠷ︾ ᠢ ᠪᠠᠶᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠲᠠᠭᠤ ᠬᠢᠵᠠᠭᠠᠷᠯᠠᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ︔ ᠴᠢᠨᠠᠷ ᠰᠠᠶᠢᠲᠠᠶ ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠵᠢᠴᠢ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠠᠬᠢ ᠲᠥᠷᠥ ᠶᠢᠨ ᠪᠣᠳᠣᠯᠭ᠎ᠠ ᠶᠢᠨ ᠣᠷᠣᠨ ᠵᠠᠶ ᠶᠢ ᠭᠦᠨᠵᠡᠭᠡᠶ ᠠᠭᠤᠳᠠᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠵᠣᠯᠭᠠᠭᠤᠯᠬᠤ ᠶᠢᠨ ᠲᠣᠭᠤᠷᠢᠨ ᠳᠤ ᠲᠥᠷᠥᠯ ᠵᠦᠢᠯ ᠢ ᠲᠥᠯᠥᠪᠵᠢᠭᠦᠯᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠠᠵᠢᠯ ᠡᠬᠢᠯᠡᠭᠦᠯᠦᠨ ᠠᠵᠢᠯ ᠢᠶᠠᠨ ᠰᠡᠷᠭᠦᠭᠡᠬᠦ᠂ ᠠᠰᠢᠭᠯᠠᠯᠲᠠ ᠳᠤ ᠣᠷᠣᠭᠤᠯᠤᠨ ᠨᠢᠭᠡᠳᠬᠡᠭᠰᠡᠨ ᠪᠥᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠲᠠᠢ᠂ ᠬᠠᠭᠠᠰ ᠵᠢᠯ ᠳᠤ ︽ᠬᠤᠤᠰ ᠳᠠᠪᠠᠯᠲᠠ ᠶᠢ ᠪᠡᠶᠡᠯᠡᠬᠦᠯᠬᠦ︾᠂ ᠪᠥᠬᠦ ᠵᠢᠯ ᠳᠤ ︽ᠲᠠᠪᠤᠳᠤᠭᠠᠷ ᠢ ᠪᠠᠲᠤᠯᠠᠬᠤ︾ ᠬᠠᠷᠠᠯᠲᠠ ᠶᠢ ᠱᠠᠲᠤᠯᠠᠨ ᠠᠬᠢᠭᠤᠯᠬᠤ ᠶᠢ ᠪᠠᠲᠤᠯᠠᠬᠤ ᠬᠡᠷᠡᠭᠲᠡᠶ︔ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠪᠣᠯᠤᠨ ᠪᠦᠬᠦ ᠬᠦᠷᠢᠶ᠎ᠡ ᠴᠠᠷᠠᠭ᠎ᠠ ᠪᠦᠬᠦ ᠡᠯᠧᠮᠧᠨ᠋ᠲ ᠢ ᠵᠢᠭᠰᠠᠭᠠᠨ ᠪᠠᠶᠢᠴᠠᠭᠠᠭᠰᠠᠨ ᠦᠷ᠎ᠡ ᠪᠦᠲᠦᠭᠡᠯ ᠢ ︽ᠬᠤᠶᠠᠷ ᠢ ᠣᠨᠳᠣᠣᠰᠢᠭᠤᠯᠬᠤ︾ ᠶᠢ ᠲᠦᠷᠭᠡᠳᠬᠡᠵᠦ᠂ ᠣᠷᠣᠨ ᠵᠠᠢ ᠶᠢᠨ ᠴᠡᠭ ᠢ ᠤᠯᠠᠮ ᠴᠢᠨᠠᠭᠰᠢᠳᠠ ᠥᠷᠭᠡᠳᠬᠡᠵᠦ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠪᠣᠭᠤᠮᠲᠠ ᠶᠢᠨ ᠠᠵᠤ ᠠᠬᠤᠢ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠤᠮᠳᠠ ᠤᠷᠳᠤ ᠬᠤᠭᠤᠴᠠᠭᠠᠨ ᠤ ᠬᠥᠭᠵᠢᠯᠲᠡ᠂ ᠤᠯᠤᠰ ᠤᠨ ᠦᠮᠴᠢᠯᠡᠯᠲᠦ ᠡᠳ᠋ ᠬᠦᠷᠦᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ᠂ ᠭᠠᠵᠠᠷ ᠰᠢᠷᠣᠢ ᠶᠢ ᠵᠢᠭᠰᠠᠭᠠᠨ ᠪᠠᠶᠢᠴᠠᠭᠠᠬᠤ᠂ ᠬᠤᠶᠠᠳᠠᠬᠢ ᠡᠭᠡᠯᠵᠢ ᠶᠢᠨ ᠳᠠᠭᠠᠭᠠᠴᠢᠯᠠᠯᠲᠠ᠂ ᠤᠯᠤᠰ ᠤᠨ ᠦᠮᠴᠢᠯᠡᠯᠲᠦ ᠤᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠵᠡᠷᠭᠡ 6 ᠰᠢᠨ᠎ᠡ ᠪᠠᠷ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠰᠡᠳᠦᠪ ᠢ ᠵᠡᠷᠭᠡᠪᠡᠷ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠪᠤᠶᠢᠵᠢᠭᠤᠯᠵᠤ᠂ ᠠᠮᠢ ᠠᠬᠤᠢ ᠶᠢᠨ ᠦᠷᠳᠡᠭ ᠢ ᠬᠤᠪᠢᠷᠠᠭᠤᠯᠬᠤ ᠪᠠ ᠨᠡᠶᠢᠭᠡᠮ ᠤᠨ ᠦᠷ᠎ᠡ ᠠᠰᠢᠭ ᠢ ᠳᠡᠭᠡᠭᠰᠢᠯᠡᠭᠦᠯᠬᠦ ᠰᠠᠶᠢᠨ ᠣᠷᠴᠢᠯ ᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ