2 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ 144 ᠳ᠋ᠦ᠋ᠭᠡᠷ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ | ᠵᠥᠪᠯᠡᠯ ᠤᠨ 17 ᠳ᠋ᠤᠭᠠᠷ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ᠂ | ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠡᠷᠭᠢᠯᠡᠪᠡ᠃ | ᠬᠤᠷᠠᠯ ᠠᠴᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠲᠠᠢ ᠤᠶᠠᠯᠳᠤᠭᠤᠯᠤᠨ ᠠᠵᠤ ᠠᠬᠤᠶᠢᠯᠠᠯ ᠤᠨ ᠬᠦᠴᠢᠷᠳᠡᠯ ᠢ ᠵᠢᠭᠰᠠᠭᠠᠨ ᠪᠠᠶᠢᠴᠠᠭᠠᠬᠤ | ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠶᠠᠪᠤᠴᠠ ᠶᠢ ᠴᠢᠩᠭ᠎ᠠ ᠵᠢᠷᠤᠮᠵᠢᠭᠤᠯᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ᠂ ᠠᠵᠢᠯᠴᠢᠨ ᠬᠡᠷᠡᠭᠯᠡᠬᠦ ᠵᠡᠷᠭᠡ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠬᠦ | ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ | ᠪᠠᠲᠤᠯᠠᠬᠤ ᠬᠡᠷᠡᠭᠲᠡᠢ︔ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠭᠦᠨᠵᠡᠭᠡᠶᠢᠷᠡᠭᠦᠯᠵᠦ᠂ ᠪᠠᠶᠢᠭᠤᠯᠤᠮᠵᠢ | ᠲᠣᠭᠲᠠᠴᠠ ᠠᠴᠠ ᠰᠢᠰᠲ᠋ᠧᠮ ᠲᠠᠢ ᠰᠢᠢᠳᠪᠦᠷᠢᠯᠡᠵᠦ᠂ ᠲᠠᠬᠢᠨ ᠡᠭᠦᠰᠬᠦ ᠶᠢ ᠰᠡᠷᠭᠡᠶᠢᠯᠡᠵᠦ᠂ ᠦᠨᠳᠦᠰᠦᠨ ᠱᠠᠲᠤᠨ ᠤ ᠺᠠᠳ᠋ᠷ ᠤᠨ ᠤᠶᠤᠨ ᠴᠢᠳᠠᠯ ᠢᠶᠠᠨ | ᠲᠥᠪᠯᠡᠷᠡᠭᠦᠯᠦᠨ ᠥᠭᠡᠷᠡᠴᠢᠯᠡᠯᠲᠡ ᠶᠢ ᠠᠬᠢᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠥᠭᠵᠢᠯᠲᠡ ᠶᠢ ᠡᠷᠢᠯᠬᠢᠯᠡᠬᠦ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠤᠯᠤᠰ ᠲᠦᠷᠦ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠷ | ᠠᠮᠤᠭᠤᠯᠠᠩ ᠬᠥᠯᠥᠨ ᠪᠤᠶᠢᠷ ᠪᠣᠯᠣᠨ ᠬᠠᠤᠯᠢᠵᠢᠯ ᠤᠨ ᠬᠥᠯᠥᠨ ᠪᠤᠶᠢᠷ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠨᠡᠶᠢᠭᠡᠮ ᠤᠨ ᠠᠵᠢᠯ ᠤᠨ | ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ ᠳᠤ ᠦᠢᠯᠡᠴᠢᠯᠡᠬᠦ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠨᠡᠶᠢᠭᠡᠮ ᠤᠨ | ᠠᠵᠢᠯ ᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ︔ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤᠬᠠᠭᠤᠯᠭ᠎ᠠ ᠶᠢ ᠦᠷᠭᠦᠯᠵᠢᠯᠡᠨ ᠰᠠᠶᠢᠲᠤᠷ | ᠬᠢᠵᠦ᠂ ︽ᠬᠥᠯᠥᠨ ᠪᠤᠶᠢᠷ ᠤᠨ ᠰᠠᠷᠠᠭᠤᠯ ᠲᠠᠯ᠎ᠠ ᠨᠤᠲᠤᠭ︾ ᠰᠣᠶᠣᠯ ᠤᠨ ᠨᠠᠷᠠᠲᠤ ᠲᠡᠮᠳᠡᠭ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠨᠠᠮ ᠤᠨ | ᠪᠠᠶᠢᠭᠤᠯᠤᠯᠲᠠ ᠶᠢᠨ ᠨᠠᠷᠠᠲᠤ ᠲᠡᠮᠳᠡᠭ᠂ ︽ᠠᠭᠤᠰᠤᠯᠴᠠᠯ ᠤᠨ ᠵᠠᠮ︾ ᠵᠢᠭᠤᠯᠴᠢᠯᠠᠯ ᠤᠨ ᠨᠠᠷᠠᠲᠤ ᠲᠡᠮᠳᠡᠭ ᠤᠨ ᠤᠬᠠᠭᠤᠯᠭ᠎ᠠ ᠶᠢᠨ ᠴᠢᠨᠠᠷ ᠴᠢᠨᠰᠠᠭ᠎ᠠ ᠦᠷ᠎ᠡ | ᠪᠦᠲᠦᠮᠵᠢ ᠶᠢ ᠰᠢᠰᠲ᠋ᠧᠮ ᠲᠠᠢ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ | ᠬᠥᠯᠥᠨ ᠪᠤᠶᠢᠷ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠥᠬᠦ ᠠᠵᠢᠯᠲᠠᠨ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ᠂ ᠲᠥᠷᠥᠯ ᠵᠦᠢᠯ ᠢ ᠡᠮᠦᠨᠡᠬᠢ ᠬᠤᠭᠤᠴᠠᠭᠠᠨ ᠳᠤ ᠭᠦᠢᠴᠡᠳᠬᠡᠬᠦ᠂ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ | ᠮᠠᠨᠳᠤᠭᠤᠯᠬᠤ ᠳᠤ ᠦᠢᠯᠡᠴᠢᠯᠡᠬᠦ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢ ᠨᠢᠭᠡᠳᠦᠯᠲᠡᠢ ᠲᠥᠯᠥᠪᠯᠡᠬᠦ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ︽ᠭᠤᠷᠪᠠᠨ ᠵᠦᠢᠯ ᠤᠨ ᠴᠡᠭᠴᠡᠯᠡᠨ ᠰᠠᠶᠢᠵᠢᠷᠠᠭᠤᠯᠬᠤ︾ ᠵᠡᠷᠭᠡ 11 ᠵᠦᠢᠯ ᠤᠨ | ᠭᠤᠣᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠬᠤ᠂ ᠳᠠᠬᠢᠨ ᠪᠠᠶᠢᠷᠢᠯᠠᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠤᠨ ᠲᠣᠬᠢᠷᠠᠭᠤᠯᠬᠤ ᠲᠣᠭᠲᠠᠴᠠ ᠶᠢ | ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠰᠠᠨᠠᠭᠠᠴᠢᠯᠠᠭ᠎ᠠ ᠠᠴᠠ ᠪᠠᠨ ᠣᠯᠵᠤ᠂ ᠲᠤᠰᠬᠠᠢ ᠬᠢᠨᠠᠯᠲᠠ | ᠲᠠᠯᠪᠢᠯᠲᠠ ᠶᠢ ᠴᠢᠩᠭᠠᠳᠬᠠᠨ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠵᠤ᠂ ᠬᠥᠯᠥᠨ ᠪᠤᠶᠢᠷ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠭᠤᠣᠯᠳᠠᠯᠭ᠎ᠠ᠂ ᠬᠤᠲᠠ ᠶᠢᠨ ᠵᠠᠰᠠᠭ ᠤᠨ ᠣᠷᠳᠣᠨ ᠤ ᠬᠠᠤᠯᠢ | ᠲᠣᠭᠲᠠᠭᠠᠬᠤ ᠲᠥᠯᠥᠪᠯᠡᠭᠡ ᠪᠣᠯᠣᠨ ᠮᠠᠨ ᠤ ᠬᠤᠲᠠ ᠶᠢᠨ ︽ᠵᠢᠷᠭᠤᠭᠠᠨ ᠠᠵᠢᠯᠯᠠᠭᠠᠨ︾ ᠢ ᠬᠡᠷᠡᠭᠵᠢᠭᠦᠯᠬᠦ ᠲᠥᠰᠥᠯ ᠢ ᠰᠤᠳᠤᠯᠤᠨ ᠬᠢᠨᠠᠨ ᠵᠥᠪᠯᠡᠵᠦ᠂ ᠬᠤᠲᠠ ᠶᠢᠨ | ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |