ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶  ᠤᠨ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/28
    3 ᠰᠠᠷ᠎ᠠ ᠶᠢᠨ 3 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦᠢ ᠬᠦᠶ ᠾᠧ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠡᠯ᠎ᠡ ᠲᠤᠰᠬᠠᠢ ᠵᠥᠪᠯᠡᠯ ᠤᠨ ᠡᠷᠬᠢᠯᠡᠭᠴᠢ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠡᠶᠢᠲᠡᠯᠡᠭᠰᠡᠨ ᠴᠢᠬᠤᠯᠠ ᠵᠣᠬᠢᠶᠠᠯ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠤᠯᠠᠮᠵᠢᠯᠠᠨ ᠰᠤᠷᠤᠯᠴᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠮᠠᠨ ᠤ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠰᠡᠳᠦᠪ ᠤᠨ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠤᠨᠤᠴᠠᠲᠠᠢ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠳᠤ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠬᠠᠩᠭᠠᠬᠤ ᠬᠡᠷᠡᠭᠲᠡᠢ︔ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠭᠡᠰᠢᠭᠦᠳ ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠵᠣᠷᠢᠭᠲᠠᠢ ᠪᠠᠷ ᠠᠵᠢᠯ ᠬᠢᠵᠦ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠴᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠮᠠᠨ ᠤ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠣᠨ