ᠸᠠᠩ ᠸᠠᠩ ᠱᠧᠩ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠨ ᠭᠤᠴᠢᠨ ᠵᠢᠯ ᠤᠷᠲᠤᠳᠬᠠᠭᠰᠠᠨ ᠢ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/28
    ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ 30 ᠵᠢᠯ ᠤᠨ ᠬᠤᠭᠤᠴᠠᠭ᠎ᠠ ᠲᠠᠢ ᠤᠷᠲᠤᠳᠬᠠᠭᠰᠠᠨ ᠢ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢ ᠤᠷᠲᠤᠳᠬᠠᠭᠰᠠᠨ ᠢ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠳᠤ ᠤᠯᠠᠮ ᠨᠢᠭᠡ ᠠᠯᠬᠤᠮ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠬᠢᠪᠠ᠃    ᠸᠠᠩ ᠸᠠᠩ ᠱᠧᠩ᠂ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠬᠤ ᠪᠣᠯ ᠨᠢᠭᠡ ᠵᠦᠢᠯ ᠤᠨ ᠰᠠᠭᠤᠷᠢ ᠴᠢᠨᠠᠷᠲᠠᠢ᠂ ᠠᠭᠤᠯᠬᠤᠨ ᠢᠶᠠᠷ ᠲᠦᠢᠯ ᠤᠨ ᠴᠢᠩᠭ᠎ᠠ ᠠᠵᠢᠯ ᠪᠣᠯᠤᠨ᠎ᠠ᠂ ᠣᠳᠣᠬᠠᠨ ᠳᠤ ᠶᠠᠭ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ ᠴᠠᠭ ᠪᠠᠴᠢᠮ ᠪᠥᠭᠡᠳ ᠡᠭᠦᠷᠭᠡ ᠬᠦᠨᠳᠦ ᠪᠠᠶᠢᠨ᠎ᠠ᠃ ᠤᠯᠤᠰ ᠲᠦᠷᠦ ᠪᠠ ᠶᠡᠭᠡ ᠲᠠᠯ᠎ᠠ ᠶᠢᠨ ᠦᠨᠳᠦᠷᠴᠡ ᠠᠴᠠ ᠡᠭᠦᠰᠴᠦ᠂ ᠢᠷᠡᠭᠡᠳᠦᠢ ᠶᠢᠨ 30 ᠵᠢᠯ ᠤᠨ ᠮᠠᠨ ᠤ ᠬᠤᠳᠠ ᠶᠢᠨ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠰᠠᠭᠤᠷᠢ ᠶᠢ ᠪᠠᠲᠤᠳᠬᠠᠵᠤ᠂ ᠨᠢᠭᠡ ᠰᠡᠳᠬᠢᠯ ᠢᠶᠠᠷ ᠲᠦᠷᠦ ᠶᠢᠨ ᠪᠤᠳᠤᠯᠭ᠎ᠠ ᠶᠢ ᠰᠤᠳᠤᠯᠵᠤ᠂ ᠪᠣᠳᠠᠲᠠᠢ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠪᠠᠶᠢᠳᠠᠯ ᠢ ᠭᠦᠨᠵᠡᠭᠡᠢ ᠣᠶᠢᠯᠠᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠣᠷᠢᠭ ᠰᠠᠨᠠᠭ᠎ᠠ ᠪᠠᠷ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠬᠤᠶᠢᠰᠢᠳᠠ ᠶᠢᠨ ᠳᠠᠭᠠᠭᠠᠴᠢᠯᠠᠯᠲᠠ ᠶᠢ ᠤᠷᠲᠤᠳᠬᠠᠬᠤ ᠠᠵᠢᠯ ᠢ ᠢᠳᠡᠪᠬᠢᠲᠡᠢ ᠯᠠᠪᠳᠠᠭᠤᠨ ᠢᠶᠠᠷ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠶᠢᠨ ᠬᠠᠮᠲᠤ ᠰᠠᠨᠠᠭᠠᠴᠢᠯᠠᠭᠠᠲᠤ ᠡᠷᠬᠡ ᠶᠢ ᠲᠡᠮᠡᠴᠡᠨ ᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠸᠠᠩ ᠸᠠᠩ ᠱᠧᠩ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠤᠷᠲᠤᠳᠬᠠᠭᠰᠠᠨ ᠢ ᠪᠠᠶᠢᠴᠠᠭᠠᠵᠤ ᠣᠶᠢᠯᠠᠭᠠᠬᠤ ᠪᠣᠯ ᠨᠢᠭᠡ ᠵᠦᠢᠯ ᠤᠨ ᠬᠠᠲᠠᠭᠤ ᠡᠭᠦᠷᠭᠡ ᠪᠣᠯᠤᠨ᠎ᠠ᠂ ᠡᠷᠬᠡᠪᠰᠢ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠦᠷᠦ ᠶᠢᠨ ᠪᠤᠳᠤᠯᠭ᠎ᠠ ᠶᠢᠨ ᠵᠣᠷᠢᠭ ᠰᠠᠨᠠᠭ᠎ᠠ ᠶᠢ ᠣᠨᠣᠪᠴᠢᠲᠠᠢ ᠣᠶᠢᠯᠠᠭᠠᠬᠤ ᠪᠠ ᠲᠤᠭᠤᠰᠢᠯᠠᠭᠤᠯᠬᠤ ᠶᠢ ᠪᠠᠲᠤᠯᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ ᠠᠵᠢᠯ ᠤᠨ ᠵᠠᠷᠴᠢᠮ ᠢ ᠣᠨᠣᠪᠴᠢᠲᠠᠶ ᠡᠵᠡᠮᠳᠡᠵᠦ᠂ ᠵᠢᠭᠰᠠᠭᠠᠨ ᠪᠠᠶᠢᠴᠠᠭᠠᠬᠤ ᠠᠭᠤᠯᠭ᠎ᠠ ᠶᠢ ᠵᠦᠢᠯ ᠳᠠᠷᠠᠭᠠᠯᠠᠨ ᠲᠣᠳᠣᠷᠬᠠᠶᠢᠯᠠᠵᠤ᠂ ᠵᠢᠭᠰᠠᠭᠠᠨ ᠪᠠᠶᠢᠴᠠᠭᠠᠬᠤ ᠠᠷᠭ᠎ᠠ ᠶᠢ ᠵᠢᠷᠤᠮᠵᠢᠭᠤᠯᠤᠨ ᠬᠡᠷᠡᠭᠯᠡᠵᠦ᠂ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠤᠨ ᠬᠡᠯᠪᠠᠶᠢᠯᠭᠡᠬᠦ ᠥᠬᠡᠶ᠂ ᠥᠭᠡᠷᠡᠲᠦᠭᠦᠯᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠃ ᠡᠯ᠎ᠡ ᠭᠠᠵᠠᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠨᠢᠭᠡ ᠵᠢᠷᠤᠭ︾᠂ ︽ᠨᠢᠭᠡ ᠲᠠᠩᠰᠠ︾ ᠶᠢᠨ ᠰᠡᠳᠬᠢᠮᠵᠢ ᠶᠣᠰᠣᠭᠠᠷ᠂ ᠨᠠᠷᠢᠨ ᠨᠢᠮᠪᠠᠶ ᠤᠬᠠᠭᠠᠯᠠᠨ ᠰᠡᠳᠦᠵᠦ᠂ ᠠᠵᠢᠯ ᠤᠨ ᠶᠠᠪᠤᠴᠠ ᠶᠢᠨ ᠵᠢᠷᠤᠮᠵᠢᠯ ᠢ ᠨᠢᠭᠡᠳᠬᠡᠨ᠂ ᠤᠶᠢᠯᠠᠭᠠᠨ ᠵᠢᠭᠰᠠᠭᠠᠬᠤ ᠡᠭᠦᠷᠭᠡ ᠶᠢ ᠪᠥᠬᠦ ᠲᠠᠯ᠎ᠠ ᠪᠠᠷ ᠨᠠᠷᠢᠨ ᠨᠢᠮᠪᠠᠶ ᠪᠡᠶᠡᠯᠡᠭᠦᠯᠬᠦ ᠬᠡᠷᠡᠭᠲᠡᠶ᠃ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠶᠢ ᠴᠢᠩᠭᠠᠳᠬᠠᠵᠤ᠂ ᠲᠤᠷᠰᠢᠯᠲᠠ ᠶᠢᠨ ᠬᠤᠰᠢᠭᠤ ᠬᠤᠲᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠢ ᠴᠢᠩᠭ᠎ᠠ ᠡᠵᠡᠮᠳᠡᠨ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠬᠤ ᠲᠣᠭᠲᠠᠴᠠ ᠶᠢ ᠪᠠᠶᠢᠭᠤᠯᠵᠤ᠂ ᠡᠭᠦᠷᠭᠡ ᠶᠢᠨ ᠭᠦᠢᠴᠡᠳᠬᠡᠯ ᠲᠤᠭ᠎ᠠ ᠶᠢ ᠬᠡᠮᠵᠢᠶᠡᠵᠢᠭᠦᠯᠦᠨ ᠵᠠᠳᠠᠯᠵᠤ᠂ ᠵᠢᠭᠰᠠᠭᠠᠨ ᠪᠠᠶᠢᠴᠠᠭᠠᠭᠰᠠᠨ ᠦᠷ᠎ᠡ ᠪᠦᠲᠦᠭᠡᠯ ᠨᠢ ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠬᠤᠯᠠᠴᠢᠯᠠᠵᠤ᠂ ᠳᠠᠭᠠᠭᠠᠴᠢᠯᠠᠯᠲᠠ ᠶᠢ ᠤᠷᠲᠤᠳᠬᠠᠬᠤ ᠠᠵᠢᠯ ᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠲᠠᠢ ᠣᠷᠭᠠᠨᠢᠭ ᠢᠶᠠᠷ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠬᠢᠭᠤᠯᠬᠤ ᠠᠷᠭ᠎ᠠ ᠬᠡᠮᠵᠢᠶ᠎ᠡ ᠶᠢ ᠰᠢᠰᠲ᠋ᠧᠮ ᠲᠠᠢ ᠰᠤᠳᠤᠯᠵᠤ᠂ ᠳᠠᠭᠠᠭᠠᠴᠢᠯᠠᠯᠲᠠ ᠶᠢ ᠤᠷᠲᠤᠳᠬᠠᠬᠤ ᠠᠵᠢᠯ ᠢᠶᠠᠷ ︽ᠴᠡᠭ ᠳᠡᠭᠡᠷ᠎ᠡ ᠰᠢᠪᠲᠤᠯᠵᠤ︾᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ︽ᠨᠡᠶᠢᠳᠡᠮ ᠬᠥᠭᠵᠢᠭᠦᠯᠬᠦ︾ ᠶᠢ ᠳᠠᠶᠢᠴᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃ 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ